ᠬᠠᠮᠲᠤ ᠶᠢᠨ ᠠᠵᠤ ᠠᠬᠤᠢ ᠶᠢ ᠬᠦᠭᠵᠢᠭᠦᠯᠵᠤ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠨ᠎ᠡ
2017-12-22 15:08:19
ᠵᠣᠬᠢᠶᠠᠭᠴᠢ᠄ 
ᠬᠠᠢ ᠵᠢᠶᠦ᠋ᠨ ᠭᠤᠸ᠎ᠠ
ᠣᠩᠰᠢᠭᠰᠠᠨ ᠣᠳᠠᠭ᠎ᠠ᠄ 
★★★☆☆

     — ᠲᠦᠷᠪᠡᠳ ᠬᠤᠰᠢᠭᠤᠨ ᠤ ᠴᠠᠭᠠᠨᠪᠤᠯᠠᠬ ᠰᠤᠮᠤ ᠶᠢᠨ ᠪᠠᠶ᠋ᠬᠠᠠᠭᠤᠯᠠ ᠭᠠᠴᠠᠭᠠᠨ ᠤ ᠨᠠᠮ ᠤᠨ ᠡᠭᠦᠷ ᠤᠨ ᠱᠦᠵᠢ ᠰᠡᠴᠡᠨᠪᠠᠭᠠᠳᠤᠷ ᠢ ᠰᠤᠷᠪᠤᠯᠵᠢᠯᠠᠭᠰᠠᠨ ᠨᠢ

     2017 ᠤᠨ ᠤ 12 ᠰᠠᠷ᠎ᠠ ᠶᠢᠨ 18᠎ ᠤ ᠦᠳᠡ ᠶᠢᠨ ᠡᠮᠦᠨ᠎ᠡ᠂ ᠳᠦᠷᠪᠡᠳ ᠬᠤᠰᠢᠭᠤᠨ ᠤ ᠴᠠᠭᠠᠨᠪᠤᠯᠠᠬ ᠰᠤᠮᠤ ᠶᠢᠨ ᠵᠠᠰᠠᠭ ᠤᠨ ᠤᠷᠳᠤᠨ ᠤ ᠠᠯᠪᠠᠨ ᠠᠰᠠᠷ ᠤᠨ ᠰᠤᠮᠤᠨ ᠳᠠᠷᠤᠭ᠎ᠠ ᠶᠢᠨ ᠠᠯᠪᠠᠨ ᠭᠡᠷ ᠲᠤ ᠪᠢᠳᠡ ᠳᠤᠮᠳᠠ ᠶᠢᠨ ᠪᠡᠶ᠎ᠡ ᠲᠠᠢ᠂ ᠬᠦᠷᠦᠰᠦᠯᠢᠭ ᠪᠤᠷᠤ ᠴᠢᠷᠠᠢ ᠲᠠᠢ ᠢᠳᠡᠷ ᠨᠠᠰᠤᠨ ᠤ ᠡᠷ᠎ᠡ ᠰᠡᠴᠡᠨᠪᠠᠭᠠᠲᠤᠷ ᠲᠠᠢ ᠠᠭᠤᠯᠵᠠᠯ᠎ᠠ᠃ ᠲᠡᠷᠡ ᠪᠤᠯ ᠴᠠᠭᠠᠨᠪᠤᠯᠠᠬ ᠰᠤᠮᠤ ᠶᠢᠨ ᠪᠠᠶ᠋ᠬᠠᠠᠭᠤᠯᠠ ᠭᠠᠴᠠᠭᠠᠨ ᠤ ᠨᠠᠮ ᠤᠨ ᠡᠭᠦᠷ ᠤᠨ ᠱᠦᠵᠢ ᠪᠤᠯᠤᠨ᠎ᠠ᠂ 12 ᠵᠢᠯ ᠭᠠᠴᠠᠭᠠᠨ ᠳᠠᠷᠤᠭ᠎ᠠ ᠶᠢᠨ ᠲᠤᠰᠢᠶᠠᠯ ᠬᠠᠷᠢᠭᠤᠴᠠᠵᠦ᠂ 3 ᠵᠢᠯ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠦ ᠢᠷᠡᠯ᠎ᠠ᠃
     ᠪᠠᠶ᠋ᠬᠠᠠᠭᠤᠯᠠ ᠭᠠᠴᠠᠭ᠎ᠠ 298 ᠡᠷᠤᠬᠡ᠂ 523 ᠬᠦᠮᠦᠨ ᠠᠮᠠ ᠲᠠᠢ᠂ ᠤᠳᠤᠬᠠᠨ ᠳᠤ ᠪᠠᠶᠢᠡᠭᠭᠤ ᠰᠠᠭᠤᠭ᠎ᠠ ᠨᠢ 78 ᠡᠷᠤᠬᠡ᠂ 222 ᠬᠦᠮᠦᠨ ᠠᠮᠠ ᠪᠤᠢ᠃ 48 ᠲᠦᠮᠡ ᠭᠠᠷᠤᠢ ᠮᠦ ᠪᠠᠯᠴᠢᠭᠡᠷ ᠲᠠᠢ᠂ ᠬᠠᠭᠤᠴᠢᠨ ᠡᠷᠦᠬᠡ ᠨᠢ ᠬᠦᠮᠦᠨ ᠲᠤᠮᠳᠠᠴᠢ ᠪᠠᠷ 1000 ᠮᠦ ᠤᠷᠴᠢᠮ ᠪᠡᠯᠴᠢᠭᠡᠷ ᠲᠠᠢ᠂ ᠰᠢᠨ᠎ᠡ ᠡᠷᠦᠬᠡ ᠨᠢ ᠬᠦᠮᠦᠨ ᠳᠤᠮᠳᠠᠴᠢ ᠪᠠᠷ 500 ᠮᠦ ᠤᠷᠴᠢᠮ ᠪᠡᠯᠴᠢᠭᠡᠷ ᠲᠠᠢ ᠪᠠᠶᠢᠳᠠᠭ᠃ ᠭᠠᠴᠠᠭ᠎ᠠ ᠶᠢᠨ ᠮᠠᠯᠴᠢᠳ ᠤᠨ ᠭᠤᠤᠯ ᠤᠷᠤᠯᠭ᠎ᠠ ᠨᠢ ᠮᠠᠯ ᠠᠵᠤ ᠠᠬᠤᠢ ᠠᠴᠠ ᠢᠷᠡᠯᠲᠡ ᠲᠠᠢ ᠶᠤᠮ᠃
     — ᠮᠠᠨ ᠤ ᠭᠠᠴᠠᠭ᠎ᠠ ᠪᠤᠯ ᠶᠠᠳᠠᠭᠤ ᠭᠠᠴᠠᠭ᠎ᠠ᠂ ᠪᠡᠯᠴᠢᠭᠡᠷ ᠪᠠᠭ᠎ᠠ ᠮᠦᠷᠳᠡᠭᠡᠨ ᠠᠭᠤᠯᠠᠨ ᠭᠠᠵᠠᠷ ᠠᠷᠪᠢᠨ᠃ ᠡᠮᠦᠨ᠎ᠠ ᠬᠡᠳᠤᠨ ᠵᠢᠯ ᠮᠠᠯ ᠤᠨ ᠦᠨ᠎ᠠ ᠬᠠᠨᠭ᠍ᠰᠢ ᠲᠤᠭᠲᠠᠪᠤᠷᠢ ᠦᠭᠡᠢ᠂ ᠵᠤᠨ ᠤ ᠭᠠᠨᠭ᠌ ᠬᠠᠭᠰᠠᠷᠠᠭᠠᠨ᠂ ᠡᠪᠤᠯ ᠤᠨ ᠴᠠᠰᠦ ᠵᠤᠳ ᠵᠡᠷᠭᠡ ᠰᠢᠯᠲᠠᠭᠠᠨ ᠠᠴᠠ ᠪᠤᠯᠵᠤ ᠮᠠᠯ ᠮᠠᠯᠵᠢᠭᠠᠳ ᠤᠷᠤᠯᠭ᠎ᠠ ᠮᠠᠭᠤ ᠪᠤᠯᠬᠤᠷ ᠮᠠᠯᠴᠢᠳ ᠤᠨ ᠤᠯᠠᠩᠬᠢ ᠨᠢ ᠭᠠᠳᠠᠭᠰᠢ ᠶᠠᠪᠤᠵᠤ ᠬᠦᠯᠦᠰᠤᠨ ᠠᠵᠢᠯ ᠬᠢᠵᠤ᠂ ᠦᠳᠡᠯᠦᠭᠡ ᠪᠤᠭᠤᠷᠤᠯᠴᠤᠳ ᠨᠤᠲᠤᠭ ᠢᠶᠠᠨ ᠰᠠᠬᠢᠨ ᠬᠤᠴᠤᠷᠴᠠᠢ᠃
     — ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠦᠪᠡᠳᠡᠭᠰᠢ ᠰᠠᠶᠢᠬᠠᠨ ᠬᠤᠷᠠᠯ     ᠪᠤᠯᠤᠭᠰᠠᠨ᠂   ᠶᠡᠭᠡ ᠬᠤᠷᠠᠯ ᠤᠨ ᠵᠤᠷᠢᠬ ᠰᠠᠨᠠᠭ᠎ᠠ ᠶᠢ ᠬᠡᠳᠤ ᠤᠳᠠᠭ᠎ᠠ ᠰᠤᠷᠤᠯᠴᠠᠯ᠎ᠠ᠃   ᠶᠡᠷᠦᠩᠬᠡᠢ ᠱᠦᠵᠢ ᠰᠢ ᠶᠢᠨ ᠫᠢᠩ      ᠤᠯᠠᠨ ᠲᠠᠯ᠎ᠠ ᠠᠴᠠ ᠠᠷᠠᠳ ᠤᠨ ᠠᠮᠢᠳᠤᠷᠠᠯ᠂ ᠮᠠᠨ ᠤ ᠮᠠᠯᠴᠢᠳ ᠤᠨ ᠠᠮᠢᠳᠤᠷᠠᠯ ᠢ ᠦᠭᠡᠳᠡᠯᠡᠭᠦᠯᠵᠦ ᠲᠡᠭᠡᠭᠰᠢᠯᠡᠭᠦᠯᠬᠦ ᠲᠤᠬᠠᠢ ᠶᠠᠷᠢᠵᠠᠢ᠂ ᠵᠠᠩᠬᠢᠯᠠᠭ᠎ᠠ ᠨᠢ ᠶᠠᠭᠠᠬᠢᠵᠦ ᠬᠡᠷᠡᠭᠵᠢᠭᠦᠯᠬᠦ ᠳᠤ ᠪᠠᠶᠢᠨ᠎ᠠ᠃
     — ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠬᠦᠳᠡᠭᠡ ᠲᠤᠰᠬᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠴᠢᠳ ᠤᠨ ᠡᠳ᠋ ᠬᠦᠷᠦᠩᠭᠡ ᠶᠢᠨ ᠡᠷᠬᠡ ᠠᠰᠢᠬ ᠢ ᠪᠠᠲᠤᠯᠠᠵᠦ᠂ ᠬᠠᠮᠲᠤ ᠶᠢᠨ ᠠᠵᠤ ᠠᠬᠤᠢ ᠶᠢ ᠪᠤᠵᠠᠭᠠᠢᠢᠷᠠᠭᠤᠯᠤᠨ᠎ᠠ ᠭᠡᠵᠦ ᠳᠤᠷᠠᠳᠴᠠᠢ᠃ ᠳᠠᠷᠠᠭ᠎ᠠ ᠵᠢᠯ ᠭᠠᠴᠠᠭᠠᠨ ᠤ ᠬᠠᠮᠲᠤ ᠶᠢᠨ ᠪᠡᠯᠴᠢᠭᠡᠷ ᠢᠶᠠᠨ ᠠᠰᠢᠬᠯᠠᠵᠦ ᠬᠠᠮᠲᠤ ᠶᠢᠨ ᠠᠵᠤ ᠠᠬᠤᠢ ᠶᠢ ᠬᠦᠭᠵᠢᠭᠦᠯᠦᠨ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠪᠤᠳᠤᠯ ᠲᠠᠢ᠃ ᠮᠠᠨ ᠤ ᠭᠠᠴᠠᠭ᠎ᠠ ᠬᠤᠶᠠᠷ ᠨᠡᠶᠢᠲᠡ ᠶᠢᠨ ᠪᠤᠷᠳᠤᠭᠠᠨ ᠤ ᠭᠠᠵᠠᠷ ᠲᠠᠢ᠂ 4000 ᠮᠦ ᠪᠠᠶᠢᠨ᠎ᠠ᠃ ᠬᠤᠰᠢᠭᠤᠨ ᠠᠴᠠ ᠪᠠᠰᠠ ᠬᠠᠮᠲᠤ ᠶᠢᠨ ᠠᠵᠤ ᠠᠬᠤᠢ ᠶᠢ ᠬᠦᠭᠵᠢᠭᠦᠯᠬᠦ ᠶᠢ ᠤᠷᠢᠶᠠᠯᠠᠵᠦ ᠪᠠᠶᠢᠨ᠎ᠠ᠃ ᠮᠠᠨ ᠤ ᠠᠳᠡ ᠤᠰᠤᠨ ᠤ ᠡᠬᠢ ᠪᠠᠶᠠᠯᠢᠭ ᠲᠤᠳᠠᠮᠠᠭ᠂ ᠲᠤᠤᠷᠵᠢᠭᠰᠠᠨ ᠴᠠᠬᠢᠯᠭᠠᠨ ᠪᠠᠶᠢᠬᠤ ᠦᠭᠡᠢ᠂ ᠴᠢᠮᠡᠭᠡ ᠬᠤᠯᠪᠤᠭ᠎ᠠ ᠪᠦᠷᠬᠦᠵᠦ ᠳᠡᠶᠢᠯᠦᠭᠡ ᠦᠭᠡᠢ᠂ ᠳᠠᠷᠠᠭᠠᠴᠢ ᠪᠠᠷ ᠳᠡᠭᠡᠷ᠎ᠡ ᠱᠠᠲᠤᠨ ᠠᠴᠠ ᠲᠦᠷᠦᠯ ᠵᠦᠢᠯ ᠡᠷᠡᠮᠡᠯᠵᠡᠯᠡᠨ ᠪᠡᠯᠡ ᠮᠦᠩᠭᠦ ᠤᠯᠤᠭᠠᠳ ᠤᠰᠤ᠂ ᠴᠠᠬᠢᠯᠭᠠᠨ᠂ ᠴᠢᠮᠡᠭᠡ ᠬᠤᠯᠪᠤᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠨ᠎ᠠ᠃
     ᠰᠡᠴᠡᠨᠪᠠᠭᠠᠲᠤᠷ ᠱᠦᠵᠢ ᠶᠢᠨ ᠲᠠᠨᠢᠯᠴᠠᠭᠤᠯᠬᠤ ᠪᠠᠷ᠂ 100 ᠮᠧᠲᠷ ᠠᠴᠠ ᠭᠦᠨ ᠬᠤᠳᠳᠤᠭ ᠮᠠᠯᠲᠠᠬᠤ ᠳᠤ ᠠᠷᠪᠠ ᠬᠤᠷᠢᠨ ᠲᠦᠮᠡᠨ ᠲᠦᠭᠦᠷᠢᠭ ᠬᠡᠷᠡᠭᠰᠡᠨ᠎ᠡ᠂ ᠬᠡᠪᠡᠴᠤ ᠨᠢᠭᠡ ᠬᠤᠳᠳᠤᠭ ᠬᠤᠶᠠᠷ ᠠᠴᠠ ᠭᠤᠷᠪᠠᠨ ᠠᠶᠢᠯ ᠢ ᠬᠠᠩᠭᠠᠵᠦ ᠳᠡᠶᠢᠯᠦᠨ᠎ᠡ᠃ ᠬᠢᠷᠢ ᠪᠠᠷᠤᠭ ᠤᠨ ᠠᠶᠢᠯ ᠬᠤᠪᠢ ᠪᠠᠷ ᠢᠶᠠᠨ ᠮᠠᠯᠲᠠᠬᠤ ᠲᠡᠩᠬᠡᠭᠡ ᠪᠠᠶᠢᠬᠤ ᠦᠭᠡᠢ᠃ ᠡᠨᠡ ᠵᠢᠯ ᠪᠠᠶ᠋ᠬᠠᠠᠭᠤᠯᠠ ᠭᠠᠴᠠᠭ᠎ᠠ 4 ᠭᠦᠨ ᠬᠤᠳᠳᠤᠭ ᠮᠠᠯᠲᠠᠭᠰᠠᠨ ᠠᠵᠢ᠃
     ᠲᠤᠤᠷ ᠲᠤ ᠤᠷᠤᠭᠰᠠᠨ ᠴᠠᠬᠢᠯᠭᠠᠨ ᠢ ᠬᠡᠷᠡᠭᠯᠡᠬᠦ᠂ ᠴᠢᠮᠡᠭᠡ ᠬᠤᠯᠪᠤᠭ᠎ᠠ ᠶᠢ ᠪᠦᠷᠬᠦᠬᠦᠯᠬᠦ᠂ ᠬᠦᠮᠦᠨ ᠮᠠᠯ ᠤᠨ ᠠᠮᠤᠷ ᠲᠦᠪᠰᠢᠨ ᠤᠤᠭᠤᠬᠤ ᠤᠰᠤ ᠶᠢ ᠰᠢᠢᠳᠪᠤᠷᠢᠯᠡᠬᠦ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠵᠡᠷᠭᠡ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠲᠠᠢ ᠰᠢᠭᠤᠳ ᠬᠤᠯᠪᠤᠭᠳᠠᠬᠤ ᠲᠤᠯᠭᠠᠮ᠎ᠠ ᠠᠰᠠᠭᠤᠳᠠᠯ ᠨᠢ ᠰᠡᠴᠡᠨᠪᠠᠭᠠᠲᠤᠷ ᠱᠦᠵᠢ ᠶᠢᠨ ᠢᠷᠡᠭᠡᠳᠦᠢ ᠶᠢᠨ ᠵᠢᠳᠬᠦᠨ ᠪᠠᠶᠡᠯᠡᠬᠦᠯᠬᠦ ᠴᠢᠬᠤᠯᠠᠲᠠᠢ ᠠᠵᠢᠯ ᠪᠤᠯᠵᠤ ᠰᠡᠳᠬᠢᠯ ᠳᠤᠨᠢ ᠡᠷᠬᠢᠯᠳᠤᠵᠤ ᠪᠤᠳᠤᠯ ᠳᠤᠨᠢ ᠬᠤᠨᠤᠭᠰᠢᠨ᠎ᠠ︕

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号