ᠬᠠᠶᠢᠯᠠᠷ ᠢ ᠦᠭᠡᠷᠡᠴᠢᠯᠡᠯᠳᠠ ᠶᠢᠨ ᠦᠨᠳᠦᠷᠯᠢᠭ ᠭᠠᠵᠠᠷ ᠵᠤᠭᠠᠴᠠᠯ ᠤᠨ ᠬᠠᠷᠠᠯᠳᠠᠳᠦ ᠣᠷᠣᠨ ᠠᠷᠠᠳ ᠤᠨ ᠠᠮᠢᠳᠤᠷᠠᠯ ᠤᠨ ᠬᠡᠰᠢᠭᠳᠦ ᠨᠣᠳᠤᠭ ᠪᠤᠯᠭᠠᠨ ᠴᠤᠬᠴᠠᠯᠠᠨ᠎ᠠ
2017-12-25 11:56:16
ᠵᠣᠬᠢᠶᠠᠭᠴᠢ᠄ 
ᠯᠢ ᠢᠤᠢ ᠵᠦᠸᠧ
ᠣᠩᠰᠢᠭᠰᠠᠨ ᠣᠳᠠᠭ᠎ᠠ᠄ 
★★★☆☆

     — ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠬᠠᠶᠢᠯᠠᠷ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠴᠧᠨ ᠯᠢ ᠶᠠᠨ ᠢ ᠰᠤᠷᠪᠤᠯᠵᠢᠯᠠᠬᠰᠠᠨ ᠨᠢ

     ᠬᠦᠯᠦᠨ ᠪᠤᠶᠢᠷ ᠬᠤᠳᠠ ᠶᠢᠨ ᠭᠤᠤᠯ ᠬᠤᠳᠠ ᠶᠢᠨ ᠲᠤᠭᠤᠷᠢᠭ ᠪᠤᠯᠤᠬᠰᠠᠨ ᠬᠠᠶᠢᠯᠠᠷ ᠲᠤᠭᠤᠷᠢᠭ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠤᠯ︖ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠬᠠᠶᠢᠯᠠᠷ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠴᠧᠨ ᠯᠢ ᠶᠠᠨ᠂ ᠰᠢᠨ᠎ᠠ ᠴᠠᠭ ᠦᠶ᠎ᠠ ᠰᠢᠨ᠎ᠠ ᠬᠠᠷᠠᠯᠳᠠ ᠰᠢᠨ᠎ᠠ ᠱᠠᠭᠠᠷᠳᠠᠯᠭ᠎ᠠ ᠳᠤ ᠬᠠᠨᠳᠤᠭᠤᠯᠵᠤ᠂ ᠬᠠᠶᠢᠯᠠᠷ ᠲᠤᠭᠤᠷᠢᠭ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠣᠨ᠎ᠠ ᠭᠡᠵᠦ ᠬᠡᠯᠡᠨ᠎ᠡ᠃
     ᠴᠧᠨ ᠯᠢ ᠶᠠᠨ ᠬᠡᠯᠡᠭᠰᠡᠨ ᠨᠢ᠂ ᠲᠡᠯᠡᠭᠡᠢ ᠶᠢᠨ ᠲᠠᠯ᠎ᠠ ᠨᠤᠳᠤᠭ ᠤᠨ ᠲᠠᠭᠤᠤ ᠭᠦᠭᠵᠢᠮ ᠤᠨ ᠨᠡᠷᠡᠳᠦ ᠬᠤᠳᠠ᠂ ᠮᠦᠰᠦ ᠴᠠᠰᠤᠨ ᠤ ᠪᠡᠶ᠎ᠠ ᠶᠢᠨ ᠲᠠᠮᠢᠷ ᠤᠨ ᠨᠡᠷᠡᠳᠦ ᠬᠤᠳᠠ᠂ ᠠᠮᠢ ᠠᠬᠤᠢ ᠶᠢᠨ ᠵᠤᠭᠠᠴᠠᠯ ᠤᠨ ᠨᠡᠷᠡᠳᠦ ᠬᠤᠳᠠ ᠶᠢ ᠦᠷᠭᠦᠯᠵᠢᠯᠡᠨ ᠭᠦᠨᠵᠡᠭᠡᠢ ᠴᠤᠬᠴᠠᠯᠠᠬᠤ ᠪᠤᠯ ᠬᠠᠶᠢᠯᠠᠷ ᠬᠤᠳᠠ ᠶᠢᠨ ᠤᠳᠤᠬᠢᠴᠢᠯᠠᠬᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠬᠤ ︽ᠬᠦᠳᠡᠯᠭᠡᠭᠦᠷ︾ ᠪᠤᠯᠤᠨ᠎ᠠ᠃ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠪᠠᠷ ᠴᠢᠬᠤᠯᠠ ᠪᠠᠷᠢᠴᠠ ᠪᠤᠯᠭᠠᠵᠤ᠂ ᠠᠵᠤ ᠠᠬᠤᠢ ᠶᠢᠨ ᠭᠦᠭᠵᠢᠯᠳᠠ ᠶᠢᠨ ᠴᠢᠨᠠᠷ ᠴᠢᠨᠰᠠᠭ᠎ᠠ ᠪᠠ ᠦᠷ᠎ᠠ ᠠᠰᠢᠭ ᠢ ᠲᠠᠰᠤᠷᠠᠯᠳᠠ ᠦᠭᠡᠢ ᠲᠡᠭᠡᠭᠰᠢᠯᠡᠬᠦᠯᠵᠦ᠂ ᠬᠡᠷᠡᠭᠯᠡᠭᠡ ᠪᠡᠯᠡ ᠤᠷᠤᠭᠤᠯᠤᠯᠳᠠ ᠶᠢᠨ ᠡᠷᠡᠬᠦᠯ ᠡᠷᠬᠢᠯᠳᠠ᠂ ᠬᠤᠳᠠ ᠪᠠᠯᠭᠠᠰᠤ ᠶᠢᠨ ᠤᠷᠤᠨ ᠪᠦᠰᠡ ᠶᠢᠨ ᠵᠤᠬᠢᠴᠠᠩᠭᠤᠢ ᠭᠦᠭᠵᠢᠯᠳᠠ᠂ ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠬᠠᠮᠳᠤᠪᠠᠷ ᠤᠷᠤᠰᠢᠬᠤ᠂ ᠤᠯᠤᠰ ᠤᠨ ᠲᠤᠳᠤᠭᠠᠳᠤ ᠪᠠ ᠲᠡᠯᠡᠭᠡᠢ ᠶᠢᠨ ᠬᠤᠶᠠᠷ ᠵᠠᠬ᠎ᠠ ᠲᠡᠯᠭᠡᠭᠦᠷ ᠤᠨ ᠬᠤᠷᠰᠢᠯᠴᠠᠯ᠂ ᠠᠵᠤ ᠠᠬᠤᠢ ᠨᠡᠶᠢᠭᠡᠮ ᠤᠨ ᠵᠤᠬᠢᠴᠠᠩᠭᠤᠢ ᠭᠦᠭᠵᠢᠯᠳᠠ ᠶᠢ ᠴᠢᠷᠮᠠᠶᠢᠨ ᠪᠡᠶᠡᠯᠡᠬᠦᠯᠵᠦ᠂ ᠭᠤᠤᠯ ᠬᠤᠳᠠ ᠶᠢᠨ ᠲᠤᠭᠤᠷᠢᠭ ᠢ ᠰᠢᠨ᠎ᠠ ᠶᠢ ᠡᠭᠦᠳᠭᠦ ᠪᠠᠷ ᠬᠦᠳᠦᠯᠦᠨ ᠲᠠᠭᠠᠭᠤᠯᠬᠤ ᠦᠭᠡᠷᠡᠴᠢᠯᠡᠯᠳᠠ ᠶᠢᠨ ᠦᠨᠳᠦᠷᠯᠢᠭ ᠭᠠᠵᠠᠷ᠂ ᠡᠳᠦᠷ ᠢᠷᠡᠬᠦᠶ᠎ᠠ ᠭᠤᠶᠤ ᠰᠠᠶᠢᠬᠠᠨ ᠪᠤᠯᠤᠬᠰᠠᠨ ᠵᠤᠭᠠᠴᠠᠯ ᠤᠨ ᠬᠠᠷᠠᠯᠳᠠᠳᠤ ᠤᠷᠤᠨ᠂ ᠭᠦᠭᠵᠢᠯᠳᠠ ᠶᠢᠨ ᠦᠷ᠎ᠡ ᠪᠦᠳᠦᠮᠵᠢ ᠶᠢ ᠬᠠᠮᠳᠤᠪᠠᠷ ᠡᠳ᠋ᠯᠡᠬᠦ ᠠᠷᠠᠳ ᠤᠨ ᠠᠮᠢᠳᠤᠷᠠᠯ ᠤᠨ ᠬᠡᠰᠢᠭᠳᠦ ᠨᠣᠳᠤᠭ ᠪᠤᠯᠭᠠᠨ᠎ᠠ᠃
     ᠶᠡᠷᠦᠩᠭᠡᠢ ᠱᠦᠵᠢ ᠰᠢ ᠶᠢᠨ ᠫᠢᠡᠭ ᠰᠢᠨ᠎ᠠ ᠶᠢ ᠡᠭᠦᠳᠭᠦ ᠪᠤᠯ ᠭᠦᠭᠵᠢᠯᠳᠠ ᠶᠢ ᠭᠦᠳᠦᠯᠦᠨ ᠲᠠᠭᠠᠭᠤᠯᠬᠤ ᠨᠢᠭᠡᠳᠦᠭᠡᠷ ᠬᠦᠳᠡᠯᠭᠡᠭᠦ ᠬᠦᠴᠦᠨ ᠮᠦᠨ ᠭᠡᠵᠦ ᠵᠢᠭᠠᠵᠤ ᠭᠠᠷᠭᠠᠪᠠ᠃ ᠬᠠᠶᠢᠯᠠᠷ ᠦᠭᠡᠷᠡᠴᠢᠯᠡᠯᠳᠠ ᠶᠢᠨ ᠦᠨᠳᠦᠷᠯᠢᠭ ᠭᠠᠵᠠᠷ ᠪᠤᠯᠬᠤ ᠪᠠᠷ ᠢᠳᠡᠪᠬᠢᠳᠡᠢ ᠴᠢᠷᠮᠠᠶᠢᠵᠤ᠂ ᠵᠤᠷᠢᠬᠳᠠᠢ ᠪᠠᠷ ᠰᠢᠨ᠎ᠠ ᠶᠢ ᠡᠭᠦᠳᠦᠨ᠂ ᠬᠠᠷᠢᠭᠤᠴᠠᠯᠭ᠎ᠠ ᠡᠭᠦᠷᠭᠡᠯᠡᠯ ᠤᠨ ᠵᠤᠷᠢᠭ ᠰᠠᠨᠠᠭ᠎ᠠ ᠪᠠᠷ ᠰᠠᠨᠠᠭᠠᠴᠢᠯᠠᠭ᠎ᠠ ᠠᠴᠠ ᠪᠠᠨ ᠦᠭᠡᠷᠡᠴᠢᠯᠡᠯᠳᠠ ᠭᠢᠵᠦ᠂ ᠦᠭᠡᠷᠡᠴᠢᠯᠡᠯᠳᠠ ᠶᠢᠨ ᠲᠤᠮᠳᠠ ᠰᠢᠨ᠎ᠠ ᠶᠢ ᠭᠦᠭᠡᠭᠡᠴᠡᠯᠳᠦᠵᠦ᠂ ᠦᠭᠡᠷᠡᠴᠢᠯᠡᠯᠳᠠ ᠶᠢᠨ ᠲᠤᠮᠳᠠ ᠲᠠᠪᠰᠢᠯᠳᠠ ᠶᠢ ᠬᠦᠬᠡᠬᠡᠴᠡᠯᠳᠤᠵᠤ᠂ ᠦᠭᠡᠷᠡᠴᠢᠯᠡᠯᠳᠠ ᠶᠢᠨ ᠲᠤᠮᠳᠠ ᠰᠢᠪᠳᠤᠯᠤᠯᠳᠠ ᠶᠢ ᠬᠦᠬᠡᠬᠡᠴᠡᠯᠳᠦᠨ᠎ᠠ᠃ ᠰᠢᠨ᠎ᠠ ᠭᠦᠭᠵᠢᠯᠳᠠ ᠶᠢᠨ ᠤᠢᠢᠯᠠᠭᠠᠬᠳᠠᠬᠤᠨ ᠤ ᠵᠢᠯᠤᠭᠤᠳᠤᠯᠭ᠎ᠠ ᠲᠤᠤᠷ᠎ᠠ᠂ ᠠᠵᠤ ᠠᠬᠤᠢ ᠶᠢᠨ ᠭᠦᠭᠵᠢᠯᠳᠠ ᠶᠢᠨ ᠬᠡᠯᠪᠡᠷᠢ ᠶᠢ ᠲᠦᠷᠭᠡᠳᠭᠡᠨ ᠬᠤᠪᠢᠷᠠᠭᠤᠯᠵᠤ᠂ ᠬᠠᠨᠭ᠍ᠭᠠᠯᠭ᠎ᠠ ᠶᠢᠨ ᠲᠠᠯ᠎ᠠ ᠲᠡᠭᠡᠷ᠎ᠠ ᠬᠦᠴᠦ ᠤᠷᠤᠭᠤᠯᠵᠤ᠂ ᠪᠦᠳᠦᠴᠡ ᠶᠢ ᠰᠢᠯᠢᠳᠡᠭᠵᠢᠬᠦᠯᠬᠦ ᠳᠠᠯ᠎ᠠ ᠪᠠᠷ ᠠᠷᠭ᠎ᠠ ᠵᠠᠮ ᠰᠦᠪᠡᠭᠴᠢᠯᠡᠵᠦ᠂ ᠦᠭᠡᠷᠡᠴᠢᠯᠡᠯᠳᠠ ᠶᠢᠨ ᠠᠷᠭ᠎ᠠ ᠪᠠᠷ ᠪᠤᠳᠠᠳᠤ ᠴᠤᠬᠴᠠ ᠶᠢᠨ ᠠᠵᠤ ᠠᠬᠤᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ᠂ ᠤᠳᠤ ᠦᠶ᠎ᠡ ᠶᠢᠨ ᠮᠦᠡᠭᠭᠦᠨ ᠬᠦᠢᠯᠭᠡᠭᠡ᠂ ᠬᠦᠮᠦᠨ ᠤ ᠬᠦᠴᠦᠨ ᠤ ᠡᠬᠢ ᠪᠠᠶᠠᠯᠢᠭ ᠵᠤᠬᠢᠴᠠᠩᠭᠤᠢ ᠪᠠᠷ ᠬᠦᠭᠵᠢᠭᠰᠡᠨ ᠠᠵᠤ ᠦᠢᠯᠡᠰ ᠤᠨ  ᠰᠢᠰᠲ᠋ᠧᠮ ᠢ ᠬᠦᠴᠦᠯᠡᠨ ᠲᠦᠷᠭᠡᠳᠭᠡᠨ ᠪᠠᠶᠢᠭᠤᠯᠵᠦ᠂ ᠠᠵᠤ ᠦᠢᠯᠡᠰ ᠤᠨ ᠦᠷᠳᠡᠭ ᠤᠨ ᠬᠡᠯᠬᠢᠶ᠎ᠠ ᠶᠢᠨ ᠲᠤᠮᠳᠠ ᠦᠨᠳᠦᠷ ᠳᠡᠰ ᠲᠤ ᠲᠠᠪᠰᠢᠬᠤ ᠶᠢ ᠴᠢᠷᠮᠠᠶᠢᠨ ᠠᠬᠢᠭᠤᠯᠵᠤ᠂ ᠬᠠᠨᠭ᠍ᠭᠠᠯᠭ᠎ᠠ ᠶᠢᠨ ᠰᠢᠰᠲ᠋ᠧᠮ ᠤᠨ ᠴᠢᠨᠠᠷ ᠴᠢᠨᠰᠠᠭ᠎ᠠ ᠦᠷ᠎ᠠ ᠪᠦᠳᠦᠮᠵᠢ ᠶᠢ ᠲᠡᠭᠡᠭᠰᠢᠯᠡᠬᠦᠯᠦᠨ᠎ᠡ᠃
     ᠬᠦᠯᠦᠨ ᠪᠤᠶᠢᠷ ᠬᠤᠲᠠ ︽ᠵᠤᠭᠠᠴᠠᠯ +︾ ᠪᠠᠶᠢᠯᠳᠤᠬᠤ ᠪᠤᠳᠤᠯᠭ᠎ᠠ ᠶᠢ ᠬᠦᠨᠵᠡᠬᠡᠢ ᠠᠬᠢᠭᠤᠯᠵᠣ ᠪᠠᠶᠢᠭ᠎ᠠ ᠲᠠᠰᠢᠷᠠᠮ ᠢᠶᠠᠷ᠂ ᠬᠠᠶᠢᠯᠠᠷ ᠬᠤᠲᠠ ︽ᠠᠭᠤᠯᠵᠠᠯᠲᠠ ᠶᠢᠨ ᠲᠢᠩᠬᠢᠮ︾ ᠪᠤᠯᠤᠬᠰᠠᠨ ᠤ ᠬᠤᠪᠢ ᠳᠤ᠂ ᠬᠦᠯᠦᠨ ᠪᠤᠶᠢᠷ ᠵᠤᠭᠠᠴᠠᠯ ᠤᠨ ︽ᠠᠯᠲᠠᠨ ᠦᠰᠦᠭᠲᠦ ᠬᠤᠳᠠᠯᠳᠤᠭ᠎ᠠ ᠶᠢᠨ ᠫᠠᠶᠢᠰᠠ︾᠎ ᠶᠢ ᠳᠤᠳᠤᠷᠠᠭᠤᠯᠤᠨ ᠦᠢᠯᠡᠳᠦᠯ ᠢ ᠨᠢ ᠨᠡᠩ ᠪᠠᠳᠠᠷᠠᠭᠤᠯᠣᠨ᠎ᠠ᠃ ᠪᠦᠬᠦ ᠬᠦᠴᠦᠨ ᠢᠶᠠᠷ ᠢᠶᠠᠨ ᠵᠤᠭᠠᠴᠠᠯ ᠤᠨ ᠬᠦᠭᠵᠢᠯᠲᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠵᠦ᠂ ︽ᠬᠠᠶᠢᠯᠠᠷ ᠤᠨ ᠪᠦᠬᠦ᠋ᠢᠯᠡ ᠤᠷᠤᠨ ᠪᠦᠰᠡ ᠶᠢᠨ ᠵᠤᠭᠠᠴᠠᠯ ᠤᠨ ᠲᠦᠯᠦᠪᠵᠢᠬᠦᠯᠬᠡ︾᠎ ᠶᠢ ᠴᠢᠨᠠᠷ ᠰᠠᠶᠢᠲᠠᠢ ᠳᠣᠭᠳᠠᠭᠠᠵᠣ᠂ ᠲᠦᠪᠯᠡᠷᠡᠨ ᠵᠠᠯᠭᠠᠯᠳᠤᠬᠰᠠᠨ ᠵᠤᠭᠠᠴᠠᠯ ᠤᠨ ᠤᠷᠤᠨ ᠢ ᠨᠡᠭᠡᠭᠡᠨ ᠬᠦᠭᠵᠢᠬᠦᠯᠵᠦ᠂ ᠬᠤᠲᠠ ᠶᠢᠨ ᠦᠵᠡᠮᠵᠢ ᠶᠢᠨ ᠲᠦᠷᠢ ᠳᠦᠷᠬᠦ ᠶᠢ ᠳᠡᠭᠡᠭᠰᠢᠯᠡᠬᠦᠯᠵᠦ᠂ ᠳᠡᠯᠡᠬᠡᠢ ᠶᠢᠨ ᠹᠠᠱᠢᠰ ᠢ ᠡᠰᠡᠷᠬᠦᠴᠡᠬᠦ ᠲᠠᠶᠢᠨ ᠤ ᠬᠠᠶᠢᠯᠠᠷ ᠤᠨ ᠲᠤᠷᠠᠰᠬᠠᠯ ᠤᠨ ᠬᠦᠷᠢᠶᠡᠯᠡᠩ ᠤᠨ ᠬᠤᠪᠢᠰᠬᠠᠯ ᠤᠨ ᠵᠤᠭᠠᠴᠠᠯ ᠤᠨ ᠦᠵᠡᠮᠵᠢ ᠶᠢᠨ ᠤᠷᠤᠨ ᠤ ᠰᠠᠭᠤᠷᠢ ᠲᠦᠬᠦᠭᠡᠷᠦᠮᠵᠢ᠂ ᠤᠯᠠᠨ ᠤᠯᠤᠰ ᠤᠨ ᠲᠠᠯ᠎ᠠ ᠨᠤᠲᠤᠭ ᠤᠨ ᠰᠤᠶᠤᠯ ᠤᠨ ᠰᠤᠯᠢᠯᠴᠠᠭ᠎ᠠ ᠶᠢᠨ ᠲᠦᠪ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠢ ᠪᠦᠬᠦ ᠲᠠᠯ᠎ᠠ ᠪᠠᠷ ᠠᠬᠢᠭᠤᠯᠤᠨ᠎ᠠ᠃ ᠡᠬᠦᠨ ᠤ ᠬᠠᠮᠳᠦ᠂ ᠰᠢᠯᠢᠳᠡᠭ ᠵᠤᠭᠠᠴᠠᠯ ᠤᠨ ᠦᠢᠯᠡᠳᠬᠦᠨ ᠢ ᠡᠬᠦᠳᠴᠦ᠂ ᠬᠢᠯᠢ ᠠᠯᠤᠰᠯᠠᠬᠰᠠᠨ ᠵᠤᠭᠠᠴᠠᠯ ᠤᠨ ᠰᠤᠯᠢᠯᠴᠠᠭ᠎ᠠ ᠪᠤᠯᠤᠨ ᠤᠯᠤᠰ ᠤᠨ ᠳᠤᠲᠤᠭᠠᠳᠤ ᠶᠢᠨ ᠤᠷᠤᠨ ᠪᠦᠰᠡ ᠶᠢᠨ ᠵᠤᠭᠠᠴᠠᠯ ᠤᠨ ᠬᠤᠷᠰᠢᠯᠴᠠᠭ᠎ᠠ ᠶᠢ ᠴᠢᠩᠭᠠᠳᠬᠠᠵᠦ᠂ ︽ᠲᠠᠯ᠎ᠠ ᠨᠤᠲᠤᠭ + ᠳᠠᠭᠤᠤ ᠬᠦᠭᠵᠢᠮ + ᠵᠤᠭᠠᠴᠠᠯ︾ ᠰᠤᠶᠤᠯ ᠤᠨ ᠵᠤᠭᠠᠴᠠᠯ ᠤᠨ ᠦᠢᠯᠡᠳᠬᠦᠨ ᠢ ᠡᠬᠦᠳᠴᠦ᠂ ︽ᠮᠦᠰᠦ ᠴᠠᠰᠦ + ᠬᠦᠳᠡᠯᠭᠡᠭᠡᠨ + ᠵᠤᠭᠠᠴᠠᠯ︾ ᠲᠠᠮᠢᠷ ᠤᠨ ᠵᠤᠭᠠᠴᠠᠯ ᠤᠨ ᠲᠦᠷᠦᠯ ᠳᠡᠮᠳᠡᠭ ᠢ ᠡᠭᠦᠳᠴᠦ᠂ ᠬᠠᠶᠢᠯᠠᠷ ᠢ ᠬᠦᠯᠦᠨ ᠪᠤᠶᠢᠷ ᠤᠨ ᠦᠨᠳᠦᠰᠦᠲᠡᠨ ᠤ ᠰᠤᠶᠤᠯ ᠤᠨ ︽ᠬᠤᠷᠢᠶᠠᠩᠭᠤᠢ ᠲᠦᠷᠢ︾᠎ ᠶᠢᠨ ᠦᠵᠡᠬᠦᠯᠦᠯᠭᠡ ᠶᠢᠨ ᠲᠡᠪᠴᠡᠩ ᠪᠤᠯᠭᠠᠨ ᠴᠤᠬᠴᠠᠯᠠᠨ᠎ᠠ᠃
     ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠡᠳᠭᠡᠯ ᠳᠤ ︽ᠠᠷᠠᠳ ᠲᠦᠮᠡᠨ︾᠎ ᠢ 203 ᠤᠳᠠᠭ᠎ᠠ ᠳᠤᠷᠠᠳᠴᠠᠢ᠂ ᠡᠬᠦᠨ ᠠᠴᠠ ᠠᠷᠠᠳ ᠲᠦᠮᠡᠨ ᠤ ᠨᠠᠮ ᠤᠨ ᠰᠡᠳᠬᠢᠯ ᠵᠢᠷᠦᠬᠡᠨ ᠳᠠᠬᠢ ᠬᠡᠮᠵᠢᠶᠡᠯᠡᠰᠢ ᠦᠬᠡᠢ ᠪᠠᠶᠢᠷᠢ ᠰᠠᠭᠤᠷᠢ ᠶᠢ ᠤᠯᠵᠦ ᠬᠠᠷᠠᠵᠦ ᠪᠤᠯᠤᠨ᠎ᠠ᠃ ᠨᠢᠳᠤᠨᠤᠨ᠂ ᠬᠠᠶᠢᠯᠠᠷ ᠤᠨ ᠠᠷᠠᠳ ᠤᠨ ᠠᠮᠢᠳᠤᠷᠠᠯ ᠳᠠᠬᠢ ᠪᠡᠯᠡ ᠤᠷᠤᠭᠤᠯᠤᠯᠲᠠ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 84.6%᠎ ᠢ ᠡᠵᠡᠯᠡᠵᠡᠢ᠃ 2017 ᠤᠨ ᠳᠤ᠂ ᠬᠠᠶᠢᠯᠠᠷ ᠳᠣᠭᠤᠷᠢᠭ ᠠᠷᠠᠳ ᠤᠨ ᠠᠮᠢᠳᠣᠷᠠᠯ ᠤᠨ ᠭᠤᠣᠯ ᠠᠵᠢᠯ ᠳᠤ᠂ ᠦᠨᠳᠦᠷ ᠲᠦᠪᠰᠢᠨ ᠢᠶᠠᠷ ᠤᠷᠤᠨ ᠪᠦᠰᠡ ᠶᠢᠨ ᠰᠤᠷᠭᠠᠨ ᠬᠦᠮᠦᠵᠢᠯ ᠤᠨ ᠲᠦᠪ ᠢ ᠴᠤᠬᠴᠠᠯᠠᠵᠦ᠂ ᠰᠤᠷᠭᠠᠭᠤᠯᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ︔ ︽ᠢᠨᠲ᠋ᠧᠷ ᠰᠦᠯᠵᠢᠶ᠎ᠡ + ᠦᠢᠯᠡᠰ ᠪᠣᠰᠬᠠᠬᠤ︾᠎ ᠶᠢ ᠠᠬᠢᠭᠤᠯᠵᠦ᠂ ᠦᠢᠯᠡᠰ ᠪᠣᠰᠬᠠᠨ ᠰᠢᠨ᠎ᠡ ᠶᠢ ᠡᠬᠦᠳᠬᠦ ᠦᠢᠯᠡᠴᠢᠯᠡᠬᠡᠨ ᠤ ᠲᠦᠪ᠂ ᠦᠢᠯᠡᠰ ᠪᠣᠰᠬᠠᠬᠤ ᠬᠦᠷᠢᠶᠡᠯᠡᠩ ᠲᠤᠭᠤᠷᠢᠭ᠂ ᠨᠠᠪᠴᠢᠬᠦᠯᠦᠷ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠪᠠ︔ ᠳ᠋ᠦᠩ ᠱᠠᠨ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ᠂ ᠡᠬᠡ ᠨᠢᠯᠬᠠᠰ ᠤᠨ ᠡᠷᠡᠭᠦᠯᠵᠢᠯ ᠲᠦ᠋ᠯᠦᠪᠯᠡᠭᠡᠲᠦ ᠦᠷᠡᠵᠢᠯ ᠤᠨ ᠦᠢᠯᠡᠴᠢᠯᠡᠬᠡᠨ ᠤ ᠲᠦᠪ᠂ ᠡᠪᠡᠳᠴᠢᠨ ᠡᠮᠭᠡᠭ ᠢ ᠰᠡᠷᠬᠡᠶᠢᠯᠡᠬᠦ ᠲᠦᠪ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠪᠠ︔ ᠡᠷᠡᠬᠦᠯ ᠮᠡᠨᠳᠦ ᠶᠢᠨ ᠠᠵᠦ ᠦᠢᠯᠡᠰ ᠤᠨ ᠬᠦᠭᠵᠢᠯᠲᠡ ᠶᠢ ᠲᠦᠷᠭᠡᠳᠭᠡᠨ ᠠᠬᠢᠭᠤᠯᠵᠦ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠲᠦᠷᠦᠯ ᠵᠦᠢᠯ ᠢ ᠬᠡᠷᠡᠭᠵᠢᠬᠦᠯᠦᠨ ᠨᠠᠰᠤᠵᠢᠯ ᠤᠨ ᠠᠵᠦ ᠦᠢᠯᠡᠰ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠪᠡ︔ ᠪᠦᠬᠦ ᠠᠷᠠᠳ ᠤᠨ ᠳᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠠᠬᠢᠭᠤᠯᠵᠦ᠂ ᠨᠡᠶᠢᠬᠡᠮ ᠤᠨ ᠨᠠᠰᠤᠵᠢᠯ ᠤᠨ ᠳᠠᠭᠠᠳᠬᠠᠯ ᠤᠨ ᠪᠦᠷᠬᠦᠬᠦ ᠬᠡᠪᠴᠢᠶ᠎ᠡ ᠶᠢ ᠦᠷᠭᠡᠳᠭᠡᠪᠡ︔ ᠲᠦᠷ ᠴᠠᠭ ᠠᠪᠤᠷᠠᠨ ᠲᠤᠰᠠᠯᠠᠬᠤ ᠪᠤᠯᠤᠨ ᠶᠡᠭᠡ ᠡᠪᠡᠳᠴᠢᠨ ᠠᠴᠠ ᠠᠪᠤᠷᠠᠨ ᠲᠤᠰᠠᠯᠠᠬᠤ ᠲᠦᠷᠢᠮ ᠢ ᠲᠡᠬᠦᠯᠳᠡᠷᠵᠢᠬᠦᠯᠪᠡ︔ ᠲᠤᠬᠲᠠᠭᠤᠨ ᠢᠶᠠᠷ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠤᠷᠲᠦ ᠬᠤᠭᠤᠴᠠᠭᠠᠨ ᠤ ᠪᠦᠲᠦᠮᠵᠢᠲᠡᠢ ᠲᠤᠬᠲᠠᠴᠠ ᠶᠢ ᠪᠠᠶᠢᠭᠤᠯᠵᠦ᠂ ᠶᠠᠳᠠᠭᠤ ᠠᠴᠠ ᠠᠩᠬᠢᠵᠢᠷᠠᠭᠤᠯᠤᠬᠰᠠᠨ ᠬᠦᠮᠦᠨ ᠠᠮᠠ ᠶᠢᠨ ᠳᠠᠬᠢᠨ ᠶᠠᠳᠠᠭᠤᠷᠠᠬᠤ ᠶᠢ ᠰᠡᠷᠬᠡᠶᠢᠯᠡᠪᠡ ᠁
     2018 ᠤᠨ ᠪᠤᠯ ᠦᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠤᠢ ᠪᠤᠯᠤᠨ᠎ᠠ᠂ ᠪᠢᠳᠡ ᠠᠷᠠᠳ ᠤᠨ ᠠᠮᠢᠳᠤᠷᠠᠯ ᠤᠨ ᠲᠠᠯ᠎ᠠ ᠪᠠᠷ ᠨᠡᠩ ᠶᠡᠭᠡ ᠬᠦᠴᠦ ᠤᠷᠤᠭᠤᠯᠵᠦ᠂ ᠺᠠᠳ᠋ᠷᠴᠤᠳ ᠤᠨ ᠰᠢᠷᠭᠠᠭᠤ ᠬᠠᠲᠠᠭᠤᠵᠢᠯ ᠤᠨ ᠵᠢᠭᠠᠯᠲᠠ ᠲᠤᠭ᠎ᠠ ᠪᠠᠷ ᠠᠷᠠᠳ ᠤᠯᠠᠨ ᠤ ᠵᠤᠯ ᠵᠢᠷᠭᠠᠯ ᠤᠨ ᠵᠢᠭᠠᠯᠲᠠ ᠲᠤᠭ᠎ᠠ ᠶᠢ ᠰᠤᠯᠢᠵᠦ᠂ ᠦᠨᠡᠨᠴᠢ ᠰᠢᠳᠤᠷᠭᠤ ᠰᠢᠷᠭᠠᠭᠤ ᠠᠵᠢᠯᠯᠠᠬᠤ᠂ ᠪᠤᠯᠪᠠᠰᠤᠷᠠᠩᠭᠤᠢ ᠠᠵᠢᠯᠯᠠᠬᠤ᠂ ᠦᠨᠡᠨᠬᠦ ᠠᠳᠬᠤᠵᠦ ᠪᠤᠲᠠᠲᠠᠢ ᠠᠵᠢᠯᠯᠠᠬᠤ᠂ ᠰᠢᠷᠭᠠᠭᠤ ᠬᠠᠲᠠᠭᠤᠵᠢᠯᠲᠠᠢ ᠠᠵᠢᠯᠯᠠᠬᠤ ᠤᠪᠤᠷ ᠢᠶᠠᠷ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号