ᠰᠢᠨ᠎ᠠ ᠴᠠᠭ ᠦᠶ᠎ᠡ ᠶᠢᠨ ᠱᠠᠭᠠᠷᠳᠠᠯᠭ᠎ᠠ ᠪᠠᠷ ᠠᠵᠢᠯ ᠤᠨ ᠰᠡᠳᠭᠢᠴᠡ ᠬᠠᠷᠠᠯᠳᠠ ᠡᠭᠦᠷᠭᠡ ᠪᠠᠨ ᠲᠤᠭᠲᠠᠭᠠᠨ᠎ᠠ
2017-12-25 11:54:58
ᠵᠣᠬᠢᠶᠠᠭᠴᠢ᠄ 
ᠤᠷᠳᠤᠨᠠᠰᠤᠳᠤ ᠠᠯᠳ᠋ᠬᠠᠠᠭᠤᠯᠠ ᠳᠦᠮᠡᠨᠳᠠᠯᠠᠢ ᠨᠤᠮᠢᠨ
ᠣᠩᠰᠢᠭᠰᠠᠨ ᠣᠳᠠᠭ᠎ᠠ᠄ 
★★★☆☆

      — ᠰᠢᠨ᠎ᠠ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠦᠸᠧ ᠸᠧᠢ ᠶᠢ ᠰᠤᠷᠪᠤᠯᠵᠢᠯᠠᠭᠰᠠᠨ ᠨᠢ

     ᠭᠠᠷ ᠲᠡᠭᠡᠷᠡᠬᠢ ᠠᠵᠢᠯ ᠨᠢ ᠲᠦᠢᠯ ᠤᠨ ᠶᠠᠭᠠᠷᠠᠤ ᠪᠠᠶᠢᠭᠰᠠᠨ ᠴᠤ ᠯᠦᠸᠧ ᠱᠦᠵᠢ ᠮᠠᠨ ᠤ ᠰᠤᠷᠪᠤᠯᠵᠢᠯᠠᠭ᠎ᠠ ᠶᠢ ᠴᠠᠭ ᠠᠮᠵᠢᠭᠤᠯᠤᠨ ᠬᠦᠯᠢᠶᠡᠵᠦ᠂ ᠪᠦᠬᠦ ᠪᠠᠯᠭᠠᠰᠤᠨ ᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠵᠦ ᠪᠠᠶᠢᠭ᠎ᠠ ᠪᠠᠶᠢᠳᠠᠯ ᠢᠶᠠᠨ ᠡᠮᠬᠢ ᠲᠠᠷᠠᠭ᠎ᠠ ᠲᠠᠢ ᠲᠠᠨᠢᠯᠴᠠᠭᠤᠯᠵᠦ ᠭᠠᠷᠤᠯ᠎ᠠ᠃
     ᠳᠡᠭᠡᠷ᠎ᠡ ᠠᠴᠠ ᠳᠤᠭᠳᠠᠭᠠᠭᠰᠠᠨ ᠰᠤᠷᠤᠯᠴᠠᠯᠭ᠎ᠠ ᠶᠢ ᠪᠤᠯ ᠠᠯᠳᠠᠯ ᠦᠭᠡᠢ ᠠᠳᠬᠤᠵᠠᠢ᠃ 10 ᠰᠠᠷ᠎ᠠ ᠶᠢᠨ 18᠎ ᠤ ᠡᠳᠦᠷ᠂ ᠠᠯᠳ᠋ᠬᠠᠮᠡᠭᠡᠯ ᠪᠠᠯᠭᠠᠰᠤᠨ ᠤ ᠡᠯ᠎ᠠ ᠦᠨᠳᠦᠰᠦᠨ ᠱᠠᠳᠤᠨ ᠎ ᠤ   ᠨᠠᠮ  ᠎ ᠤᠨ ᠡᠭᠦᠷ᠂ ᠨᠦᠬᠦᠴᠡᠯ ᠲᠠᠢ ᠨᠢ ᠬᠤᠷᠠᠯ ᠤᠨ ᠭᠡᠷ ᠲᠡᠭᠡᠨ ᠴᠤᠭᠯᠠᠷᠠᠵᠤ᠂ ︽ᠤᠯᠠᠭᠠᠨ ᠪᠠᠬᠢᠯᠡᠯᠳᠡ ᠶᠢᠨ ᠡᠷᠦᠭᠡ︾᠎ ᠨᠢ ᠬᠠᠷᠢᠶ᠎ᠠ ᠮᠠᠯᠴᠢᠨ ᠡᠷᠦᠭᠡ ᠪᠠᠨ ᠳᠠᠭᠠᠭᠤᠯᠤᠨ ᠭᠡᠷ ᠲᠡᠭᠡᠨ ᠴᠤᠭᠯᠠᠷᠠᠨ᠂ ᠳᠠᠷᠠᠬᠠᠢ ᠰᠠᠭᠤᠷᠢᠰᠢᠬᠰᠠᠨ ᠮᠠᠯᠴᠢᠳ ᠭᠡᠷ ᠤᠨ ᠪᠤᠶᠤ ᠮᠠᠰᠢᠨ ᠤ Wifi᠎ ᠪᠠᠨ ᠠᠰᠢᠬᠯᠠᠨ ᠪᠦᠭᠦᠳᠡᠭᠡᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠢ ᠬᠦᠯᠢᠶᠡᠨ ᠰᠤᠨᠤᠰᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ᠤᠳᠠᠭ᠎ᠠ ᠪᠤᠯᠭᠠᠨ ᠤ ᠤᠬᠠᠭᠤᠯᠤᠨ ᠳᠠᠶᠢᠯᠪᠤᠷᠢᠯᠠᠬᠤ ᠰᠤᠷᠤᠯᠴᠠᠯᠭ᠎ᠠ ᠳᠤ ᠪᠦᠷ ᠨᠠᠮ ᠤᠨ ᠬᠡᠰᠢᠭᠦᠳ ᠪᠠ ᠮᠠᠯᠴᠢᠳ ᠢᠶᠠᠨ ᠵᠤᠬᠢᠶᠠᠨ ᠪᠠᠶᠢᠭᠤᠯᠵᠤ

ᠤᠷᠤᠯᠴᠠᠵᠠᠢ᠃
     ︽ᠨᠠᠮ ᠤᠨ ᠡᠭᠦᠷ + ᠨᠠᠮ ᠤᠨ ᠬᠡᠰᠢᠭᠦᠨ ᠨᠠᠢᠮᠠ ᠳᠤ ᠳᠠᠭᠠᠭᠤᠯᠬᠤ︾ ᠠᠷᠭ᠎ᠠ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠢ ᠤᠩᠰᠢᠵᠤ ᠶᠠᠷᠢᠯᠴᠠᠬᠤ᠂ ᠨᠠᠮ ᠤᠨ ᠬᠡᠰᠢᠭᠦᠨ ᠦᠪᠡᠷ ᠤᠨ ᠠᠵᠢᠯ ᠲᠠᠢ ᠪᠠᠨ ᠬᠤᠯᠪᠤᠭᠳᠠᠭᠤᠯᠤᠨ ᠤᠢᠢᠯᠠᠭᠠᠯᠳᠠ ᠳᠦᠷᠦᠭᠳᠡᠯ ᠢᠶᠠᠨ ᠶᠠᠷᠢᠯᠴᠠᠬᠤ ᠵᠡᠷᠭᠡ ᠪᠠᠷ ᠰᠤᠷᠤᠯᠴᠠᠵᠠᠢ᠃ ᠨᠢᠭᠡᠳᠦᠭᠡᠷ ᠱᠦᠵᠢ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠳᠤᠭᠤᠷᠢᠬ᠂ ᠭᠠᠴᠠᠭᠠᠨ ᠳᠤ ᠤᠴᠢᠭᠤᠯᠵᠤ ᠨᠠᠮ ᠤᠨ ᠳᠦᠷᠢᠮ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠳᠠᠶᠢᠯᠪᠤᠷᠢᠯᠠᠪᠠ᠃ ᠡᠯ᠎ᠠ ᠨᠠᠮ ᠤᠨ ᠡᠭᠦᠷ ᠤᠨ ᠱᠦᠵᠢ ᠦᠪᠡᠷ ᠢᠶᠠᠨ ᠳᠤᠯᠤᠭᠠᠢᠢᠯᠠᠨ ᠤᠯᠠᠨ ᠢᠶᠠᠨ ᠳᠠᠭᠠᠭᠤᠯᠤᠨ ᠰᠤᠷᠤᠯᠴᠠᠵᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠬᠡᠰᠢᠭᠦᠨ ᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠳᠤᠭᠤᠷᠢᠬ ᠭᠠᠴᠠᠭᠠᠨ ᠳᠤ ᠭᠦᠨᠵᠡᠭᠡᠶᠢᠷᠡᠭᠦᠯᠦᠨ ᠳᠠᠶᠢᠯᠪᠤᠷᠢ ᠬᠢᠯᠭᠡᠪᠡ᠃ ᠶᠠᠷᠢᠶᠠᠨ ᠤ ᠤᠷᠤᠯᠳᠤᠭᠠᠨ᠂ ᠤᠷᠠᠨ ᠤᠩᠰᠢᠯᠠᠭ᠎ᠠ ᠭᠡᠭᠦᠴᠢᠯᠡᠨ ᠤᠯᠠᠨ ᠬᠡᠯᠪᠡᠷᠢ ᠶᠢᠨ ᠠᠵᠢᠯᠯᠠᠭ᠎ᠠ ᠦᠷᠨᠢᠭᠦᠯᠪᠡ᠃ ᠡᠷᠳᠡᠨᠢᠠᠠᠭᠤᠯᠠ ᠨᠡᠶᠢᠭᠡᠮ ᠳᠤᠭᠤᠷᠢᠬ ᠤᠨ ᠬᠢᠨ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠵᠤ᠂ ᠠᠵᠢᠯ ᠤᠨ ᠪᠠᠶᠢᠷᠢ ᠳᠡᠭᠡᠷ᠎ᠡ ᠪᠠᠨ ᠵᠢᠳᠭᠦᠯ ᠴᠢᠷᠮᠠᠶᠢᠯᠭ᠎ᠠ ᠭᠠᠷᠭᠠᠶ᠎ᠠ︾ ᠭᠡᠳᠡᠭ ᠶᠠᠷᠢᠶᠠᠨ ᠤ ᠤᠷᠤᠯᠳᠤᠭᠠᠨ ᠬᠢᠵᠦ᠂ 42 ᠬᠦᠮᠦᠨ ᠤᠷᠤᠯᠴᠠᠵᠠᠢ︔ ᠭᠡᠷᠦᠯᠦᠨ ᠨᠡᠶᠢᠭᠡᠮ ᠳᠤᠭᠤᠷᠢᠬ ᠤᠨ ᠬᠢᠨ ᠨᠠᠮ ᠤᠨ ᠬᠡᠰᠢᠭᠦᠳ ᠢᠶᠠᠨ ᠵᠤᠬᠢᠶᠠᠨ ᠪᠠᠶᠢᠭᠤᠯᠤᠨ ᠴᠤᠭ ᠲᠠᠭᠠᠨ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ︾᠎ ᠢ ᠤᠩᠰᠢᠬᠤ ᠭᠤᠤᠯ ᠰᠡᠳᠦᠪᠳᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ︔ ᠬᠦᠯᠦᠨ ᠨᠡᠶᠢᠭᠡᠮ ᠳᠤᠭᠤᠷᠢᠬ ᠤᠨ ᠨᠠᠮ ᠤᠨ ᠡᠭᠦᠷ᠂ ᠰᠠᠶᠢᠬᠠᠨᠬᠦ᠋ᠷᠢᠶ᠎ᠡ ᠭᠠᠴᠠᠭᠠᠨ ᠤ ᠨᠠᠮ ᠤᠨ ᠡᠭᠦᠷ ᠬᠤᠰᠢᠭᠤᠨ ᠤ ᠵᠠᠮ ᠬᠠᠷᠢᠯᠴᠠᠭᠠᠨ ᠤ ᠳᠤᠪᠴᠢᠶ᠎ᠠ ᠶᠢᠨ ᠨᠠᠮ ᠤᠨ ᠡᠭᠦᠷ ᠲᠠᠢ ᠬᠠᠮᠳᠤᠷᠠᠨ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠬᠤ︾ ᠭᠤᠤᠯ ᠰᠡᠳᠦᠪᠳᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠦᠭᠰᠡᠨ ᠪᠠ ᠰᠢᠷᠠᠳᠠᠯ᠎ᠠ ᠭᠠᠴᠠᠭ᠎ᠠ ᠪᠤᠯᠤᠨ ᠬᠤᠰᠢᠭᠤᠨ ᠤ ᠨᠠᠮ ᠤᠨ ᠰᠤᠷᠭᠠᠭᠤᠯᠢ ᠬᠠᠮᠳᠤᠷᠠᠨ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠬᠤ ᠪᠠ ᠶᠠᠳᠠᠭᠤ ᠶᠢ ᠳᠡᠳᠭᠦᠬᠦ ᠠᠵᠢᠯ ᠤᠨ ᠶᠠᠷᠢᠯᠴᠠᠬᠤ ᠬᠤᠷᠠᠯ︾ ᠬᠢᠵᠠᠢ᠃ ᠡᠷᠳᠡᠨᠢᠠᠠᠭᠤᠯᠠ ᠨᠡᠶᠢᠭᠡᠮ ᠳᠤᠭᠤᠷᠢᠬ ᠤᠨ ᠬᠢᠨ ᠬᠢᠳᠠᠳ ᠮᠤᠩᠭᠤᠯ ᠬᠤᠶᠠᠷ ᠬᠡᠯᠡᠨ ᠤ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠤᠨ ᠲᠤᠬᠠᠢ ᠤᠩᠰᠢᠬᠤ ᠪᠢᠴᠢᠭ ᠮᠠᠲᠧᠷᠢᠶᠠᠯ︾᠎ ᠢ ᠨᠠᠰᠤ ᠠᠬᠰᠢᠷᠠᠭᠰᠠᠨ ᠭᠠᠷᠴᠤ ᠤᠷᠤᠬᠤ ᠳᠠᠭᠠᠨ ᠳᠦᠭᠦᠮ ᠦᠭᠡᠢ ᠪᠤᠯᠤᠭᠰᠠᠨ ᠨᠠᠰᠤᠳᠠᠶᠢᠴᠤᠳ ᠲᠤ ᠬᠦᠷᠭᠡᠵᠡᠢ᠃ ᠬᠠᠶᠢᠯᠠᠰᠤᠳᠤ ᠭᠠᠴᠠᠭ᠎ᠠ ᠶᠢᠨ ᠨᠠᠮ ᠤᠨ ᠡᠭᠦᠷ ᠨᠠᠮ ᠤᠨ ᠬᠡᠰᠢᠭᠦᠳ ᠢᠶᠠᠨ ᠵᠤᠬᠢᠶᠠᠨ ᠪᠠᠶᠢᠭᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠵᠤ᠂ ︽ᠠᠮᠠᠯᠠᠯᠳᠠ ᠪᠠᠨ ᠦᠢᠯᠡᠳᠦᠯᠭᠡᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠬᠢᠨ᠎ᠠ︾ ᠭᠡᠮᠡᠬᠦ ᠭᠤᠤᠯ ᠰᠠᠳᠤᠪᠳᠤ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃
     ᠮᠠᠨ ᠤ ᠪᠠᠯᠭᠠᠰᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠬᠤ ᠶᠢ ᠤᠳᠤᠬᠠᠨ ᠤ ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠰᠤᠷᠤᠯᠴᠠᠯᠭ᠎ᠠ ᠶᠢᠨ ᠰᠢᠨ᠎ᠠ ᠶᠢ ᠡᠭᠦᠳᠴᠦ᠂ ᠰᠤᠷᠤᠯᠴᠠᠯᠭ᠎ᠠ ᠶᠢ ᠳᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠪᠠᠯᠭᠠᠰᠤᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠪᠦᠬᠦ ᠲᠠᠯ᠎ᠠ ᠶᠢᠨ ᠠᠵᠢᠯ ᠤᠨ ᠰᠡᠳᠭᠢᠴᠡ ᠬᠠᠷᠠᠯᠳᠠ ᠡᠭᠦᠷᠭᠡ ᠪᠠᠨ ᠲᠤᠭᠳᠠᠭᠠᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠨ᠎ᠠ ᠭᠡᠵᠦ ᠢᠳᠡᠭᠡᠯ ᠵᠤᠷᠢᠭ ᠲᠡᠭᠦᠯᠳᠡᠷ ᠢᠶᠠᠷ ᠶᠠᠷᠢᠵᠦ ᠪᠠᠶᠢᠯ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号