ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠤ ᠤᠬᠠᠭᠤᠯᠤᠨ ᠳᠤᠤᠱᠯᠠᠭᠤᠯᠵᠤ ᠮᠦᠡᠭᠬᠦᠨ ᠬᠦᠢᠯᠭᠡᠭᠡᠨ ᠤ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠭᠦ ᠴᠢᠨᠠᠷ ᠴᠢᠨᠰᠠᠭ᠎ᠠ ᠦᠷ᠎ᠠ ᠠᠰᠢᠭ ᠢ ᠳᠡᠭᠡᠭᠰᠢᠯᠡᠬᠦᠯᠤᠨ᠎ᠡ
2017-12-27 11:25:42
ᠵᠣᠬᠢᠶᠠᠭᠴᠢ᠄ 
ᠸᠠᠩ ᠯᠢᠶᠠᠨ ᠶᠢᠩ
ᠣᠩᠰᠢᠭᠰᠠᠨ ᠣᠳᠠᠭ᠎ᠠ᠄ 
★★★☆☆

      — ᠦᠪᠡᠷᠳᠡᠭᠡᠨ ᠵᠠᠰᠠᠬᠤ ᠤᠷᠤᠨ ᠤ ᠮᠦᠡᠭᠬᠦᠨ ᠬᠦᠢᠯᠭᠡᠭᠡᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠡᠷᠬᠢᠯᠡᠭᠴᠢ ᠵᠢᠶᠠᠩ ᠬᠤᠸᠠ ᠶᠢ ᠰᠤᠷᠪᠤᠯᠵᠢᠯᠠᠭᠰᠠᠨ ᠨᠢ

     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠨᠠᠮ ᠪᠠ ᠤᠯᠤᠰ ᠤᠨ ᠠᠵᠢᠯ ᠦᠢᠯᠡᠰ ᠤᠨ ᠤᠷᠤᠭᠰᠢᠯᠠᠯᠳᠠ ᠶᠢᠨ ᠴᠢᠭᠯᠡᠯ ᠢ ᠴᠢᠨᠠᠭᠰᠢᠳᠠ ᠳᠤᠳᠤᠷᠬᠠᠢ ᠵᠢᠭᠠᠵᠤ ᠭᠠᠷᠭᠠᠪᠠ᠂ ᠳᠡᠷᠨ ᠨᠢ ᠮᠠᠨ ᠤ ᠨᠠᠮ ᠤᠨ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠬᠤ ᠪᠠ ᠬᠦᠭᠵᠢᠬᠦᠯᠬᠦ ᠤᠯᠤᠰ ᠲᠦᠷᠦ ᠶᠢᠨ ᠳᠤᠩᠬᠠᠭ ᠪᠠ ᠦᠢᠯᠡ ᠠᠵᠢᠯᠯᠠᠭ᠎ᠠ ᠶᠢᠨ ᠬᠦᠳᠦᠯᠪᠦᠷᠢ ᠮᠦᠨ᠂ ᠮᠠᠷᠺᠰ ᠤᠨ ᠦᠵᠡᠯ ᠤᠨ ᠬᠦᠳᠦᠯᠪᠦᠷᠢ ᠶᠢᠨ ᠴᠢᠨᠠᠷᠳᠠᠢ ᠰᠤᠷᠪᠤᠯᠵᠢ ᠪᠢᠴᠢᠭ ᠮᠦᠨ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠡᠷᠬᠢᠨ ᠬᠦᠨᠵᠡᠬᠡᠢ ᠰᠤᠷᠤᠯᠴᠠᠵᠤ ᠤᠬᠠᠭᠤᠯᠤᠨ ᠳᠤᠤᠱᠯᠠᠭᠤᠯᠬᠤ ᠳᠤᠭᠤᠷᠢᠨ ᠳᠤ᠂ ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠮᠦᠡᠭᠬᠦᠨ ᠬᠦᠢᠯᠭᠡᠭᠡᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠡᠷᠬᠢᠯᠡᠭᠴᠢ ᠵᠢᠶᠠᠩ ᠬᠤᠸᠠ ᠶᠢ ᠰᠤᠷᠪᠤᠯᠵᠢᠯᠠᠪᠠ᠃
     ᠵᠢᠶᠠᠩ ᠬᠤᠸᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠤ ᠤᠬᠠᠭᠤᠯᠤᠨ ᠳᠤᠤᠱᠯᠠᠭᠤᠯᠵᠤ᠂ ︽ᠲᠦᠷᠪᠡᠨ ᠤᠬᠠᠮᠰᠠᠷ︾᠎ ᠢᠶᠠᠨ ᠦᠨᠡᠨᠬᠦ ᠴᠢᠩᠭᠠᠳᠬᠠᠵᠤ᠂ ᠨᠠᠮ ᠤᠨ ᠰᠢᠨ᠎ᠡ ᠶᠢ ᠡᠬᠦᠳᠬᠦ ᠤᠨᠤᠯ ᠢᠶᠠᠷ ᠳᠠᠷᠢᠬᠢ ᠳᠤᠯᠤᠭᠠᠢ ᠪᠠᠨ ᠨᠡᠩ ᠰᠠᠶᠢᠨ ᠵᠡᠪᠰᠡᠭᠯᠡᠨ ᠦᠢᠯᠡᠳᠦᠯᠭᠡ ᠪᠠᠨ ᠵᠢᠯᠤᠭᠤᠳᠤᠭᠤᠯᠵᠦ ᠠᠵᠢᠯ ᠢᠶᠠᠨ ᠠᠬᠢᠭᠤᠯᠤᠨ᠎ᠠ ᠬᠡᠪᠡ᠃
     ᠰᠠᠭᠤᠷᠢ ᠨᠢ ᠰᠤᠷᠤᠯᠴᠠᠬᠤ ᠳᠤ ᠪᠤᠢ᠃ ᠤᠨᠤᠯ ᠤᠨ ᠰᠤᠷᠤᠯᠴᠠᠯᠭ᠎ᠠ ᠲᠠᠭᠤᠰᠤᠰᠢ ᠦᠭᠡᠢ᠃ ᠬᠦᠨᠵᠡᠬᠡᠢ ᠰᠤᠷᠤᠯᠴᠠᠵᠤ᠂ ᠰᠢᠰᠲ᠋ᠧᠮ ᠲᠠᠢ ᠰᠤᠷᠤᠯᠴᠠᠵᠤ᠂ ᠦᠷᠬᠦᠯᠵᠢᠯᠡᠨ ᠰᠤᠷᠤᠯᠴᠠᠵᠤ᠂ ᠤᠶᠤᠨ ᠤ ᠳᠠᠨᠢᠯᠳᠠ ᠪᠠ ᠵᠢᠮ᠎ᠡ ᠶᠤᠰᠤᠴᠢ ᠴᠢᠨᠠᠷ ᠲᠠᠢ ᠳᠠᠨᠢᠯᠳᠠ ᠪᠠᠨ ᠳᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠤ ᠤᠬᠠᠭᠤᠯᠤᠨ ᠳᠤᠤᠱᠯᠠᠭᠤᠯᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠨ᠎ᠠ᠃ ᠦᠨᠳᠦᠰᠦᠨ ᠵᠦᠢᠯ ᠢ ᠡᠵᠡᠮᠰᠢᠭᠦ ᠢ ᠪᠠᠷᠢᠮᠳᠡᠯᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠪᠠ ᠨᠠᠮ ᠤᠨ ᠲᠦᠷᠢᠮ ᠢ ᠨᠠᠷᠢᠨ ᠬᠢᠨᠠᠮᠠᠭᠠᠢ ᠰᠤᠳᠤᠯᠤᠨ ᠤᠡᠭᠰᠢᠵᠤ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠯᠤᠭᠳᠠᠬᠤᠨ ᠢ ᠤᠨᠤᠪᠴᠢᠳᠠᠢ ᠡᠵᠡᠮᠰᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭᠠᠨ ᠤ ᠮᠦᠨ ᠴᠢᠨᠠᠷ ᠢ ᠨᠡᠪᠳᠡᠷᠡᠳᠡᠯ᠎ᠡ ᠡᠵᠡᠮᠰᠢᠵᠤ᠂ ᠦᠨᠳᠦᠷ ᠳᠠᠪᠬᠤᠷᠭ᠎ᠠ ᠳᠤ ᠵᠤᠭᠰᠤᠨ ᠬᠦᠨ ᠳᠠᠪᠬᠤᠷᠭ᠎ᠠ ᠶᠢ ᠤᠢᠢᠯᠠᠭᠠᠵᠤ᠂ ᠬᠦᠨᠵᠡᠬᠡᠢ ᠰᠤᠷᠤᠯᠴᠠᠵᠤ ᠨᠡᠪᠳᠡᠷᠡᠳᠡᠯ᠎ᠡ ᠤᠢᠢᠯᠠᠭᠠᠨ ᠰᠡᠳᠬᠢᠯ ᠳᠡᠭᠡᠨ ᠬᠠᠳᠠᠩᠰᠢᠭᠤᠯᠤᠨ᠎ᠠ᠃ ᠮᠦᠡᠭᠬᠦᠨ   ᠬᠦᠢᠯᠭᠡᠭᠡᠨ ᠤ   ᠰᠢᠰᠲ᠋ᠧᠮ ᠤᠨ ᠬᠢᠨ ᠢ ᠵᠤᠬᠢᠶᠠᠨ ᠪᠠᠶᠢᠭᠤᠯᠤᠨ ᠤᠬᠠᠭᠤᠯᠤᠨ ᠳᠠᠶᠢᠯᠪᠤᠷᠢᠯᠠᠬᠤ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠳᠤᠷᠠᠳᠤᠭᠰᠠᠨ ᠰᠢᠨ᠎ᠡ ᠬᠠᠷᠠᠯᠳᠠ᠂ ᠰᠢᠨ᠎ᠡ ᠱᠠᠭᠠᠷᠳᠠᠯᠭ᠎ᠠ ᠶᠢ ᠰᠠᠶᠢᠳᠤᠷ ᠤᠬᠠᠭᠤᠯᠤᠨ ᠰᠠᠶᠢᠳᠤᠷ ᠳᠠᠮᠵᠢᠭᠤᠯᠵᠤ᠂ ᠳᠤᠬᠢᠶ᠎ᠠ ᠶᠢ ᠪᠠᠭᠤᠷᠠᠭᠤᠯᠬᠤ ᠦᠭᠡᠢ᠂ ᠪᠠᠷᠢᠮᠵᠢᠶ᠎ᠠ ᠶᠢ ᠳᠤᠷᠤᠭᠰᠢᠯᠠᠭᠤᠯᠬᠤ ᠦᠭᠡᠢ ᠪᠠᠷ ᠤᠬᠠᠭᠤᠯᠤᠨ ᠳᠠᠶᠢᠯᠪᠤᠷᠢᠯᠠᠬᠤ ᠪᠠ ᠰᠤᠷᠤᠯᠴᠠᠬᠤ ᠶᠢ ᠬᠠᠷᠢᠯᠴᠠᠨ ᠠᠬᠢᠭᠤᠯᠤᠨ᠎ᠠ᠃ ᠳᠤᠳᠤᠷᠬᠠᠢ ᠴᠢᠭᠯᠡᠯ ᠲᠠᠢ ᠪᠠᠷ ᠰᠤᠷᠤᠯᠴᠠᠬᠤ ᠶᠢ ᠪᠠᠷᠢᠮᠳᠠᠯᠠᠵᠤ᠂ 10 ᠰᠠᠷ᠎ᠠ ᠶᠢᠨ 27᠎ ᠤ ᠡᠳᠦᠷ ᠤᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠳᠤᠪᠴᠢᠶ᠎ᠠ ᠶᠢᠨ ᠬᠤᠷᠠᠯ ᠠᠴᠠ ᠳᠤᠷᠠᠳᠤᠭᠰᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠳᠤᠤᠱᠯᠠᠭᠤᠯᠬᠤ ︽ᠳᠠᠪᠤᠨ ᠲᠦᠪᠯᠡᠷᠡᠯ︾᠎ ᠤᠨ ᠦᠨᠳᠦᠰᠦᠨ ᠱᠠᠭᠠᠷᠳᠠᠯᠭ᠎ᠠ ᠪᠠ ︽ᠨᠠᠮ ᠤᠨ ᠲᠦᠪ ᠬᠤᠷᠢᠶ᠎ᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠭᠢᠨᠠᠮᠠᠭᠠᠢ ᠰᠤᠷᠤᠯᠴᠠᠵᠤ ᠤᠬᠠᠭᠤᠯᠤᠨ ᠳᠤᠤᠱᠯᠠᠭᠤᠯᠬᠤ ᠳᠤᠬᠠᠢ ᠰᠢᠢᠳᠪᠦᠷᠢ︾᠎ ᠶᠢ ᠬᠦᠨᠵᠡᠬᠡᠢ ᠳᠤᠤᠱᠯᠠᠭᠤᠯᠤᠨ ᠰᠠᠶᠢᠳᠤᠷ ᠨᠠᠶᠢᠳᠠᠪᠤᠷᠢᠵᠢᠭᠤᠯᠵᠤ᠂ ᠨᠠᠮ ᠤᠨ ᠲᠦᠪ ᠬᠤᠷᠢᠶ᠎ᠠ ᠶᠢ ᠴᠢᠩᠭ᠎ᠠ ᠳᠠᠭᠠᠵᠤ᠂ ᠭᠤᠤᠯᠳᠠᠯᠭ᠎ᠠ ᠪᠠᠨ ᠳᠤᠳᠤᠷᠬᠠᠢ ᠪᠤᠯᠭᠠᠨ᠎ᠠ︔ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠨᠠᠮ ᠪᠠ ᠤᠯᠤᠰ ᠤᠨ ᠬᠦᠭᠵᠢᠯᠳᠡ ᠳᠠᠬᠢ ᠴᠢᠬᠤᠯᠠ ᠶᠡᠭᠡ  ᠠᠴᠢ   ᠬᠤᠯᠪᠤᠭᠳᠠᠯ ᠢ ᠬᠦᠢᠴᠡᠳ ᠳᠠᠨᠢᠵᠤ᠂ ᠤᠯᠤᠰ ᠲᠦᠷᠦ ᠶᠢᠨ ᠠᠴᠢ ᠬᠤᠯᠪᠤᠭᠳᠠᠯ᠂ ᠳᠡᠦᠬᠡᠳᠤ ᠠᠴᠢ ᠬᠤᠯᠪᠤᠭᠳᠠᠯ᠂ ᠤᠨᠤᠯ ᠤᠨ ᠠᠴᠢ ᠬᠤᠯᠪᠤᠭᠳᠠᠯ᠂ ᠦᠢᠯᠡᠳᠦᠯᠭᠡ ᠶᠢᠨ ᠠᠴᠢ ᠬᠤᠯᠪᠤᠭᠳᠠᠯ ᠢ ᠡᠵᠡᠮᠰᠢᠵᠤ᠂ ᠴᠢᠬᠤᠯᠠ ᠠᠭᠤᠯᠭ᠎ᠠ ᠭᠤᠤᠯ ᠰᠠᠨᠠᠭ᠎ᠠ ᠶᠢ ᠨᠢ ᠡᠵᠡᠮᠰᠢᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠴᠠᠭ ᠢᠮᠠᠭᠳᠠ ᠤᠢᠢᠯᠡᠳᠦᠯᠭᠡᠵᠢᠭᠦᠯᠵᠤ᠂ ᠮᠦᠡᠭᠬᠦᠨ ᠬᠦᠢᠯᠭᠡᠭᠡᠨ ᠢᠶᠠᠷ ᠠᠷᠠᠳ ᠲᠤ᠋ ᠠᠰᠢᠭ ᠬᠦᠷᠳᠡᠬᠡᠬᠦ ᠤᠳᠤᠷᠢᠳᠤᠮᠵᠢ ᠶᠢ ᠪᠠᠷᠢᠮᠳᠠᠯᠠᠨ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠢ ᠴᠢᠨᠠᠭᠰᠢᠳᠠ ᠴᠢᠩᠭᠠᠳᠬᠠᠨ᠎ᠠ᠃ ᠡᠬᠦᠷᠢᠳᠡ ᠦᠯᠦ ᠬᠤᠶᠢᠷᠭᠤᠰᠢᠬᠤ ᠵᠤᠷᠢᠭ ᠰᠠᠨᠠᠭ᠎ᠠ ᠪᠠ ᠴᠤᠴᠠᠯᠳᠠ ᠦᠭᠡᠢ ᠤᠷᠤᠭᠰᠢᠯᠠᠬᠤ ᠵᠤᠷᠢᠬ ᠰᠠᠨᠠᠭ᠎ᠠ ᠪᠠᠷ ᠪᠦᠬᠦ ᠤᠷᠤᠨ ᠤ ᠮᠦᠡᠭᠬᠦᠨ ᠬᠦᠢᠯᠭᠡᠭᠡᠨ ᠤ ᠰᠢᠰᠲ᠋ᠧᠮ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠡᠯ᠎ᠡ ᠲᠦᠷᠦᠯ ᠤᠨ ᠬᠠᠷᠠᠯᠳᠠ ᠡᠬᠦᠷᠭᠡ ᠳᠠᠭᠡᠷ᠎ᠡ ᠨᠢᠭᠳᠠᠷᠠᠭᠤᠯᠤᠨ᠎ᠠ᠃
     ᠵᠠᠩᠭᠢᠯᠠᠭ᠎ᠠ ᠨᠢ ᠬᠢᠬᠦ ᠳᠤ ᠪᠤᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠠᠬᠢ ᠮᠦᠩᠭᠦᠨ ᠭᠦᠢᠯᠭᠡᠭᠡᠨ ᠤ ᠠᠵᠢᠯ ᠢ ᠰᠠᠶᠢᠳᠤᠷ ᠬᠢᠬᠦ ᠲᠤᠬᠠᠢ ᠱᠠᠭᠠᠷᠳᠠᠯᠭ᠎ᠠ ᠶᠤᠰᠤᠭᠠᠷ᠂ ᠪᠦᠬᠦ ᠤᠯᠤᠰ ᠤᠨ ᠮᠦᠩᠭᠦᠨ ᠭᠦᠢᠯᠭᠡᠭᠡᠨ ᠤ ᠠᠵᠢᠯ ᠤᠨ ᠬᠤᠷᠠᠯ ᠠᠴᠠ ᠲᠤᠷᠠᠳᠤᠭᠰᠠᠨ ︽ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ᠂ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠦᠩᠭᠦᠨ ᠭᠦᠢᠯᠭᠡᠭᠡᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ︾ ᠭᠤᠷᠪᠠᠨ ᠲᠤᠮᠤ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠪᠤᠳᠠᠳᠤ ᠦᠷ᠎ᠠ ᠪᠦᠳᠦᠮᠵᠢᠳᠠᠢ ᠠᠷᠭ᠎ᠠ ᠠᠪᠴᠤ᠂ ᠨᠢᠭᠡ ᠨᠢᠭᠡ ᠭᠤᠬᠴᠤᠭ᠎ᠠ ᠪᠠᠷ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠠᠵᠢᠯ ᠪᠤᠯᠤᠨ ᠤᠷᠤᠨ ᠨᠤᠳᠤᠭ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠤᠶᠡᠯᠳᠤᠯ ᠴᠡᠭ ᠢ ᠵᠦᠪ ᠤᠨᠤᠪᠴᠢᠳᠠᠢ ᠡᠷᠢᠨ ᠤᠯᠵᠤ᠂ ᠮᠦᠩᠭᠦᠨ ᠭᠦᠢᠯᠭᠡᠭᠡᠨ ᠤ ᠡᠬᠢ ᠪᠠᠶᠠᠯᠢᠭ ᠢ ᠰᠠᠶᠢᠳᠤᠷ ᠠᠰᠢᠭᠯᠠᠨ ᠮᠦᠩᠭᠦᠨ ᠭᠦᠢᠯᠭᠡᠭᠡᠨ ᠤ ᠠᠷᠭ᠎ᠠ ᠠᠪᠴᠠᠯ ᠢ ᠠᠮᠢᠳᠤᠯᠢᠠᠠᠵᠢᠭᠤᠯᠵᠤ ᠮᠦᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢ ᠭᠦᠢᠴᠡᠳ ᠬᠡᠷᠡᠭᠯᠡᠨ᠂ ︽ᠮᠦᠩᠭᠦᠨ ᠭᠦᠢᠯᠭᠡᠭᠡᠨ ᠢ ᠠᠮᠢᠳᠤᠯᠢᠠᠠᠵᠢᠭᠤᠯᠬᠤ︾᠂ ︽ᠮᠦᠩᠭᠦᠨ ᠭᠦᠢᠯᠭᠡᠭᠡᠨ ᠢ ᠲᠤᠭᠳᠠᠪᠤᠷᠢᠵᠢᠭᠤᠯᠬᠤ︾ ᠬᠤᠶᠠᠷ ᠶᠡᠭᠡ ᠠᠵᠢᠯ ᠢ ᠦᠨᠡᠨᠬᠦ ᠰᠠᠶᠢᠳᠤᠷ ᠬᠢᠵᠦ᠂ ᠮᠦᠩᠭᠦᠨ ᠭᠦᠢᠯᠭᠡᠭᠡᠨ ᠬᠢᠭᠡᠳ ᠠᠵᠤ ᠠᠬᠤᠢ ᠶᠢᠨ ᠰᠠᠶᠢᠨ ᠬᠤᠷᠰᠢᠯᠴᠠᠭ᠎ᠠ ᠪᠠ ᠵᠤᠬᠢᠴᠠᠩᠭᠤᠢ ᠬᠦᠭᠵᠢᠯᠳᠡ ᠶᠢ ᠠᠬᠢᠭᠤᠯᠵᠤ᠂ ᠪᠦᠬᠦ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠬᠦᠴᠦᠨ ᠪᠦᠬᠦᠢ ᠮᠦᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠪᠦᠬᠦ ᠤᠯᠤᠰ᠂ ᠪᠦᠬᠦ ᠤᠷᠤᠨ ᠤ ᠮᠦᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠲᠤᠭᠤᠷᠢᠨ ᠳᠤ᠂ ᠢᠷᠡᠬᠦ ᠵᠢᠯ ᠤᠨ ᠪᠠᠶᠢᠳᠠᠯ ᠢ ᠡᠷᠳᠡ ᠠᠴᠠ ᠰᠤᠳᠤᠯᠤᠨ ᠮᠠᠭᠠᠳᠯᠠᠵᠤ᠂ ᠢᠷᠡᠬᠦ ᠵᠢᠯ ᠤᠨ ᠠᠵᠢᠯ ᠤᠨ ᠲᠤᠬᠠᠢ ᠨᠠᠷᠢᠨ ᠬᠢᠨᠠᠮᠠᠭᠠᠢ ᠠᠷᠭ᠎ᠠ ᠰᠦᠪᠡᠭᠴᠢᠯᠡᠵᠦ᠂ ᠡᠯ᠎ᠠ ᠵᠦᠢᠯ ᠤᠨ ᠠᠵᠢᠯ ᠤᠨ ᠡᠬᠢᠯᠡᠯᠳᠡ ᠶᠢ ᠰᠠᠶᠢᠳᠤᠷ ᠠᠳᠬᠤᠨ᠎ᠠ᠃
     ᠭᠤᠤᠯᠳᠠᠯᠭ᠎ᠠ ᠨᠢ ᠪᠤᠳᠠᠳᠤ ᠦᠷ᠎ᠠ ᠠᠰᠢᠭ ᠳᠤ ᠪᠤᠢ᠃ ᠪᠤᠳᠠᠳᠠᠢ ᠠᠵᠢᠯ ᠬᠢᠭᠡᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠡᠷᠡᠭᠯᠡᠬᠦ ᠶᠢᠨ ᠲᠦᠯᠦᠭᠡ ᠰᠤᠷᠤᠯᠴᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠭᠠᠨ ᠵᠢᠯᠤᠭᠤᠳᠤᠭᠤᠯᠵᠤ᠂ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠰᠡᠳᠭᠢᠴᠡ ᠪᠠ ᠠᠷᠭ᠎ᠠ ᠪᠠᠨ ᠭᠦᠨᠵᠡᠭᠡᠢ ᠪᠤᠳᠤᠯᠬᠢᠯᠠᠵᠤ᠂ ᠰᠢᠨ᠎ᠠ ᠬᠡᠪ ᠪᠠᠶᠢᠳᠠᠯ ᠲᠤᠤᠷᠠᠬᠢ ᠦᠪᠦᠷ ᠮᠤᠩᠭᠤᠯ ᠤᠨ ᠮᠦᠩᠭᠦᠨ ᠭᠦᠢᠯᠭᠡᠭᠡᠨ ᠤ ᠦᠭᠡᠷᠡᠴᠢᠯᠡᠯᠳᠡ ᠬᠦᠭᠵᠢᠯᠳᠡ ᠲᠤᠭᠳᠠᠭᠤᠨ ᠤ ᠠᠵᠢᠯ ᠢ ᠠᠬᠢᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠪᠦᠷ ᠮᠤᠩᠭᠤᠯ ᠳᠤ ᠪᠤᠳᠠᠳᠠᠢ ᠨᠠᠶᠢᠳᠠᠪᠤᠷᠢᠵᠢᠭᠤᠯᠵᠤ ᠦᠷ᠎ᠠ ᠪᠦᠳᠦᠮᠵᠢ ᠭᠠᠷᠭᠠᠬᠤ ᠶᠢ ᠪᠠᠳᠤᠯᠠᠨ᠎ᠠ᠃ ᠪᠤᠳᠠᠳᠠᠢ ᠬᠠᠷᠠᠯᠳᠠ ᠲᠠᠢ ᠪᠠᠶᠢᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠪᠦᠬᠦ ᠤᠯᠤᠰ᠂ ᠪᠦᠬᠦ ᠤᠷᠤᠨ ᠤ ᠮᠦᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ ᠶᠢᠨ ᠮᠦᠩᠭᠦᠨ ᠭᠦᠢᠯᠭᠡᠭᠡᠨ ᠤ ᠠᠵᠢᠯ ᠳᠠᠬᠢ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠲᠡᠭᠡᠷ᠎ᠠ ᠲᠠᠯᠪᠢᠵᠤ᠂ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮ ᠢ ᠭᠦᠴᠦᠯᠡᠨ ᠪᠠᠶᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠤ᠂ ︽ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ᠂ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠦᠩᠭᠦᠨ ᠭᠦᠢᠯᠭᠡᠭᠡᠨ ᠤ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ︾ ᠭᠤᠷᠪᠠᠨ ᠵᠦᠢᠯ ᠤᠨ ᠡᠭᠦᠷᠭᠡ ᠶᠢᠨ ᠲᠤᠭᠤᠷᠢᠨ ᠳᠤ᠂ ᠮᠦᠩᠭᠦᠨ ᠭᠦᠢᠯᠭᠡᠭᠡᠨ ᠢᠶᠠᠷ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠲᠡᠮᠵᠢᠬᠦ ᠶᠠᠰᠤ ᠴᠢᠨᠠᠷ ᠦᠷ᠎ᠠ ᠠᠰᠢᠭ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠠ᠃ ᠪᠤᠳᠠᠳᠠᠢ ᠠᠷᠭ᠎ᠠ ᠠᠪᠴᠤ ᠪᠤᠳᠠᠳᠤ ᠴᠤᠭᠴᠠ ᠶᠢᠨ ᠠᠵᠤ ᠠᠬᠤᠢ ᠳᠠᠬᠢ ᠮᠦᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠤᠳᠤ ᠦᠶ᠎ᠠ ᠶᠢᠨ ᠮᠦᠩᠭᠦᠨ ᠭᠦᠢᠯᠭᠡᠭᠡᠨ ᠤ ᠰᠢᠰᠲ᠋ᠧᠮ ᠢ ᠬᠦᠭᠵᠢᠭᠦᠯᠦᠨ ᠲᠡᠭᠦᠯᠳᠡᠷᠵᠢᠭᠦᠯᠵᠦ᠂ ᠮᠦᠩᠭᠦᠨ ᠭᠦᠢᠯᠭᠡᠭᠡᠨ ᠤ ᠠᠵᠢᠯ ᠤᠨ ᠬᠡᠷᠡᠭ ᠵᠦᠪᠯᠡᠬᠦ ᠪᠤᠯᠤᠨ ᠵᠤᠬᠢᠴᠠᠭᠤᠯᠬᠤ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠬᠦ ᠪᠠ ᠢᠳᠡᠪᠬᠢᠳᠡᠢ ᠰᠢᠢᠳᠪᠦᠷᠢᠯᠡᠵᠦ᠂ ᠮᠦᠩᠭᠦᠨ ᠭᠦᠢᠯᠭᠡᠭᠡᠨ ᠢᠶᠠᠷ ︽ᠤᠯᠡᠨ ᠢᠶᠠᠷ ᠢᠶᠠᠨ ᠤᠢᠢᠯᠡᠰ ᠪᠤᠰᠬᠠᠵᠤ ᠨᠡᠶᠢᠳᠠ ᠪᠠᠷ ᠢᠶᠠᠨ ᠰᠢᠨ᠎ᠠ ᠶᠢ ᠡᠭᠦᠳᠬᠦ︾᠎ ᠶᠢ ᠲᠡᠮᠵᠢᠬᠦ ᠢᠨᠵᠧᠨᠧᠷᠢᠩ᠂ ᠮᠦᠩᠭᠦᠨ ᠭᠦᠢᠯᠭᠡᠭᠡᠨ ᠢᠶᠠᠷ ︽ᠴᠢᠬᠤᠯᠠ ᠶᠡᠭᠡ ᠲᠦᠷᠦᠯ ᠵᠦᠢᠯ ᠭᠤᠤᠯᠳᠠᠯᠭ᠎ᠠ ᠲᠠᠢ ᠠᠵᠢᠯ︾ ᠪᠠ ︽ᠬᠤᠰᠢᠭᠤ ᠰᠢᠶᠠᠨ ᠤ ᠮᠦᠩᠭᠦᠨ ᠭᠦᠢᠯᠭᠡᠭᠡᠨ︾᠎ ᠢ ᠲᠡᠮᠵᠢᠬᠦ ᠢᠨᠵᠧᠨᠧᠷᠢᠩ ᠢ ᠬᠦᠴᠦᠯᠡᠨ ᠠᠬᠢᠭᠤᠯᠤᠨ᠎ᠠ︔ ᠠᠵᠤ ᠠᠬᠤᠢᠢᠯᠠᠯ ᠢ ᠰᠲ᠋ᠤᠺ ᠤᠨ ᠵᠠᠬ᠎ᠠ ᠲᠡᠯᠭᠡᠭᠦᠷ ᠲᠤ ᠭᠠᠷᠭᠠᠬᠤ ᠠᠵᠢᠯᠯᠠᠭ᠎ᠠ ᠶᠢᠨ ᠲᠦᠯᠦᠪᠯᠡᠭᠡ᠂ ᠪᠡᠯᠡ ᠬᠤᠷᠡᠮᠳᠤᠭᠤᠯᠬᠤ ᠶᠢ ᠪᠠᠳᠤᠯᠠᠨ ᠲᠠᠭᠠᠭᠠᠬᠤ᠂ ᠪᠠᠭ᠎ᠠ ᠲᠤᠭᠠᠨ ᠤ ᠵᠢᠭᠡᠯᠡᠯᠭᠡ ᠶᠢᠨ ᠠᠵᠢᠯ ᠲᠦᠷᠦᠯ ᠢ ᠬᠦᠭᠵᠢᠭᠦᠯᠬᠦ ᠠᠵᠢᠯᠯᠠᠭ᠎ᠠ ᠶᠢᠨ ᠲᠦᠯᠦᠪᠯᠡᠭᠡ ᠶᠢ ᠪᠦᠬᠦ ᠬᠦᠴᠦᠨ ᠢᠶᠠᠷ ᠬᠡᠷᠡᠭᠵᠢᠭᠦᠯᠦᠨ᠎ᠠ︔ ᠨᠡᠶᠢᠳᠡᠮ ᠤᠨ ᠬᠠᠷᠠᠭᠠᠯᠵᠠᠯᠳᠤ ᠮᠦᠩᠭᠦᠨ ᠭᠦᠢᠯᠭᠡᠭᠡᠨ᠂ ᠪᠤᠬᠢᠷᠳᠤᠯ ᠦᠭᠡᠢ ᠮᠦᠩᠭᠦᠨ ᠭᠦᠢᠯᠭᠡᠭᠡᠨ ᠪᠤᠯᠤᠨ ᠨᠡᠭᠡᠭᠡᠯᠳᠡᠳᠦ ᠮᠦᠩᠭᠦᠨ ᠭᠦᠢᠯᠭᠡᠭᠡᠨ ᠢ ᠭᠦᠨᠵᠡᠭᠡᠢ ᠦᠢᠯᠡᠳᠦᠯᠭᠡᠵᠢᠭᠦᠯᠵᠦ᠂ ᠡᠯ᠎ᠠ ᠵᠦᠢᠯ ᠤᠨ ᠮᠦᠩᠭᠦᠨ ᠭᠦᠢᠯᠭᠡᠭᠡᠨ ᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠨ᠎ᠠ᠃ ᠨᠠᠮ ᠤᠨ ᠲᠦᠪ ᠬᠤᠷᠢᠶ᠎ᠠ ᠶᠢᠨ ᠮᠦᠩᠭᠦᠨ ᠭᠦᠢᠯᠭᠡᠭᠡᠨ ᠤ ᠠᠵᠢᠯ ᠳᠠᠬᠢ ᠨᠢᠭᠡᠳᠦᠯᠳᠡᠢ ᠲᠦᠪᠯᠡᠷᠡᠩᠭᠦᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠭᠦᠷᠢᠶᠡᠯᠡᠵᠤ᠂ ᠤᠯᠤᠰ ᠤᠨ ᠨᠢᠭᠡᠳᠦᠯᠳᠡᠢ ᠱᠠᠭᠠᠷᠳᠠᠯᠭ᠎ᠠ ᠪᠤᠯᠤᠨ ᠵᠠᠷᠴᠢᠮ ᠶᠤᠰᠤᠭᠠᠷ ᠪᠠᠭ᠎ᠠ ᠲᠤᠭᠠᠨ ᠤ ᠢᠳᠡᠭᠡᠮᠵᠢᠳᠤ ᠵᠢᠭᠡᠯᠡᠯᠭᠡ ᠶᠢᠨ ᠺᠤᠮᠫᠠᠨᠢ ᠵᠡᠷᠭᠡ 7 ᠲᠦᠷᠦᠯ ᠤᠨ ᠪᠠᠶᠢᠭᠤᠯᠤᠮᠵᠢ ᠪᠤᠯᠤᠨ ᠲᠡᠬᠦᠨ ᠤ ᠬᠠᠷᠢᠶᠠᠨ ᠳᠠᠬᠢ ᠪᠡᠯᠡ ᠤᠷᠤᠭᠤᠯᠤᠯᠳᠠ ᠶᠢᠨ ᠺᠤᠮᠫᠠᠨᠢ᠂ ᠦᠨᠡᠨᠴᠢ ᠢᠳᠡᠭᠡᠮᠵᠢ ᠪᠠᠷ ᠬᠠᠷᠢᠯᠴᠠᠨ ᠲᠤᠰᠠᠯᠠᠯᠴᠠᠭᠰᠠᠨ ᠮᠠᠯᠴᠢᠨ ᠲᠠᠷᠢᠶᠠᠴᠨ ᠤ ᠲᠤᠰᠬᠠᠢ ᠬᠤᠷᠰᠢᠶ᠎ᠠ᠂ ᠨᠡᠶᠢᠭᠡᠮ ᠤᠨ ᠤᠯᠠᠨ ᠢᠶᠠᠷ ᠢᠶᠠᠨ ᠴᠤᠭᠯᠠᠭᠤᠯᠬᠤ᠂ ᠤᠷᠤᠨ ᠨᠤᠳᠤᠭ ᠤᠨ ᠡᠯ᠎ᠠ ᠲᠦᠷᠦᠯ ᠤᠨ ᠠᠷᠠᠯᠵᠢᠶᠠᠨ ᠤ ᠲᠠᠯᠠᠪᠤᠷ ᠵᠡᠷᠭᠡ 4 ᠲᠦᠷᠦᠯ ᠤᠨ ᠪᠠᠶᠢᠭᠤᠯᠤᠮᠵᠢ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠦᠷᠨᠢᠭᠦᠯᠦᠨ᠎ᠠ᠃ ᠮᠦᠩᠭᠦᠨ ᠭᠦᠢᠯᠭᠡᠭᠡᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠴᠢᠨᠠᠬᠰᠢᠳᠠ ᠭᠦᠨᠵᠡᠭᠡᠶᠢᠷᠡᠭᠦ ᠶᠢ ᠦᠨᠡᠨᠬᠦ ᠠᠬᠢᠭᠤᠯᠵᠤ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠮᠦᠩᠭᠦᠨ ᠭᠦᠢᠯᠭᠡᠭᠡᠨ ᠤ ᠠᠵᠢᠯ ᠳᠠᠬᠢ ᠤᠳᠤᠷᠢᠳᠬᠤ ᠭᠤᠤᠯᠯᠠᠬᠤ ᠦᠢᠯᠡᠳᠤᠯ ᠪᠤᠯᠤᠨ ᠤᠯᠤᠰ ᠲᠦᠷᠦ ᠶᠢᠨ ᠭᠤᠤᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠠ ᠬᠡᠪ ᠪᠠᠶᠢᠳᠠᠯ ᠲᠤᠤᠷᠠᠬᠢ ᠦᠪᠦᠷ ᠮᠤᠩᠭᠤᠯ ᠤᠨ ᠮᠦᠩᠭᠦᠨ ᠭᠦᠢᠯᠭᠡᠭᠡᠨ ᠤ ᠠᠵᠢᠯ ᠤᠨ ᠨᠡᠩ ᠰᠠᠶᠢᠨ᠂ ᠨᠡᠩ ᠲᠦᠷᠭᠡᠨ ᠬᠦᠭᠵᠢᠯᠳᠡ ᠶᠢ ᠠᠬᠢᠭᠤᠯᠬᠤ ᠳᠤ ᠪᠠᠳᠤ ᠴᠢᠩᠭ᠎ᠠ ᠤᠯᠤᠰ ᠲᠦᠷᠦ ᠶᠢᠨ ᠪᠠᠳᠤᠯᠠᠭ᠎ᠠ ᠪᠤᠯᠤᠨ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号