ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠦ ᠲᠤᠤᠱᠯᠠᠭᠤᠯᠬᠤ ᠶᠢ ᠬᠦᠭᠵᠢᠯᠳᠡ ᠪᠠᠨ ᠠᠬᠢᠭᠤᠯᠬᠤ ᠳᠡᠭᠡᠷ᠎ᠡ ᠢᠯᠡᠷᠡᠬᠦᠯᠦᠨ᠎ᠡ
2017-12-27 15:59:44
ᠵᠣᠬᠢᠶᠠᠭᠴᠢ᠄ 
ᠬᠦᠸᠧ ᠬᠤᠩ ᠱᠧᠨ
ᠣᠩᠰᠢᠭᠰᠠᠨ ᠣᠳᠠᠭ᠎ᠠ᠄ 
★★★☆☆

      — ᠬᠤᠷᠴᠢᠨ ᠵᠡᠬᠦᠨ ᠭᠠᠷᠤᠨ ᠳᠤᠮᠳᠠᠳᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠤ ᠪᠠᠢ ᠲᠢᠶᠠᠨ ᠢ ᠰᠤᠷᠪᠤᠯᠵᠢᠯᠠᠭᠰᠠᠨ ᠨᠢ

     ᠬᠤᠷᠴᠢᠨ ᠵᠡᠬᠦᠨ ᠭᠠᠷᠤᠨ ᠳᠤᠮᠳᠠᠳᠦ ᠬᠤᠰᠢᠭᠤᠨ ᠤ ᠨᠠᠮ ᠤᠨ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠦ ᠤᠬᠠᠭᠤᠯᠤᠨ ᠲᠤᠤᠱᠯᠠᠭᠤᠯᠬᠤ ᠶᠢ ᠤᠳᠤᠬᠢ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠲᠡᠷᠢᠬᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠨ ᠠᠳᠬᠤᠵᠤ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠨᠠᠮ ᠤᠨ ᠤᠳᠤᠷᠢᠳᠬᠤ ᠭᠤᠤᠯ ᠳᠤᠭᠤᠢᠢᠯᠠᠩ ᠤᠨ ᠰᠤᠷᠤᠯᠴᠠᠬᠤ ᠬᠤᠷᠠᠯ᠂ ᠺᠠᠳ᠋ᠷᠴᠤᠳ ᠤᠨ ᠶᠡᠭᠡ ᠬᠤᠷᠠᠯ᠂ ᠨᠢᠭᠡᠳᠦᠯᠳᠠᠢ ᠤᠬᠠᠭᠤᠯᠤᠨ ᠲᠠᠶᠢᠯᠪᠤᠷᠢᠯᠠᠬᠤ ᠬᠤᠷᠠᠯ ᠵᠡᠷᠭᠡ ᠪᠠᠷ ᠳᠠᠮᠵᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠦ ᠤᠬᠠᠭᠤᠯᠤᠨ ᠲᠤᠤᠱᠯᠠᠭᠤᠯᠬᠤ ᠬᠠᠯᠠᠭᠤᠨ ᠦᠷᠨᠢᠯᠳᠡ ᠭᠠᠷᠭᠠᠭᠰᠠᠨ ᠪᠠᠶᠢᠨ᠎ᠠ᠃
     ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠤ ᠪᠠᠢ ᠲᠢᠶᠠᠨ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠤᠷᠠᠳᠤᠭᠰᠠᠨ ᠠᠴᠠ ᠬᠦᠳᠡᠭᠡ ᠠᠵᠤ ᠠᠬᠤᠢ ᠬᠦᠳᠡᠭᠡ ᠲᠤᠰᠬᠤᠨ ᠤ ᠬᠦᠭᠵᠢᠯᠳᠡ ᠨᠢᠭᠡᠨ ᠰᠢᠨ᠎ᠡ ᠱᠠᠳᠤᠨ ᠳᠤ ᠤᠷᠤᠵᠠᠢ᠃ ᠬᠤᠷᠴᠢᠨ ᠵᠡᠬᠦᠨ ᠭᠠᠷᠤᠨ ᠳᠤᠮᠳᠠᠳᠦ ᠬᠤᠰᠢᠭᠤ ᠪᠦᠬᠦ ᠤᠯᠤᠰ ᠤᠨ ᠠᠮᠤ ᠪᠤᠳᠠᠭᠠᠨ ᠤ ᠭᠠᠷᠤᠯᠳᠠ ᠶᠢᠨ ᠲᠤᠮᠤ ᠬᠤᠰᠢᠭᠤ ᠪᠤᠯᠤᠭᠰᠠᠨ ᠤ ᠬᠤᠪᠢ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠱᠠᠭᠠᠷᠳᠠᠯᠭ᠎ᠠ ᠶᠤᠰᠤᠭᠠᠷ ᠪᠠᠶᠢᠷᠢ ᠲᠤᠭᠳᠠᠭᠠᠯᠳᠠ ᠪᠠᠨ ᠵᠦᠪ ᠲᠤᠭᠳᠠᠭᠠᠨ ᠤᠨᠢᠨ ᠳᠡᠭᠡᠷ᠎ᠡ ᠨᠢ ᠬᠦᠴᠦᠯᠡᠵᠤ᠂ ᠰᠤᠷᠤᠯᠴᠠᠵᠦ ᠤᠬᠠᠭᠤᠯᠤᠨ ᠲᠤᠤᠱᠯᠠᠭᠤᠯᠤᠭᠰᠠᠨ ᠦᠷ᠎ᠡ ᠪᠦᠳᠦᠮᠵᠢ ᠪᠠᠨ ᠬᠦᠭᠵᠢᠯᠳᠡ ᠶᠢ ᠠᠬᠢᠭᠤᠯᠬᠤ ᠳᠡᠭᠡᠷ᠎ᠡ ᠢᠯᠡᠷᠡᠬᠦᠯᠤᠨ᠎ᠠ︾ ᠭᠡᠵᠤ ᠲᠤᠤᠷᠠᠬᠢ ᠮᠡᠳᠤ ᠪᠠᠷ ᠲᠠᠯᠬᠡᠷᠡᠬᠦᠯᠵᠤ ᠶᠠᠷᠢᠯ᠎ᠠ᠃
     ᠨᠢᠭᠡ ᠳᠤ᠂ ᠬᠡᠯᠪᠡᠷᠢ ᠪᠠᠨ ᠬᠤᠪᠢᠷᠠᠭᠤᠯᠵᠦ ᠬᠦᠭᠵᠢᠬᠦᠯᠬᠦ ᠶᠢ ᠠᠬᠢᠭᠤᠯᠤᠨ᠎ᠠ᠃ ᠬᠤᠷᠴᠢᠨ ᠵᠡᠬᠦᠨ ᠭᠠᠷᠤᠨ ᠳᠤᠮᠳᠠᠳᠦ ᠬᠤᠰᠢᠭᠤ ᠪᠤᠯ ᠮᠠᠯ ᠠᠵᠤ ᠠᠬᠤᠢ ᠲᠠᠷᠢᠶᠠᠯᠠᠩ ᠤᠨ ᠳᠤᠮᠤ ᠬᠤᠰᠢᠭᠤ᠂ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠳᠠᠪᠠᠭᠤᠯᠢᠭ ᠲᠠᠢ ᠪᠤᠯᠪᠠᠴᠦ ᠪᠠᠰᠠ ᠳᠤᠳᠠᠭᠤᠳᠠᠯ ᠤᠷᠤᠰᠢᠵᠤ ᠪᠤᠢ᠃ ᠡᠨᠡ ᠨᠢ ᠭᠤᠤᠯᠳᠠᠭᠤ ᠲᠤᠭ᠎ᠠ ᠬᠡᠮᠵᠢᠶ᠎ᠡ ᠤᠯᠠᠨ ᠪᠤᠯᠪᠠᠴᠦ ᠦᠪᠡᠷᠮᠢᠴᠡ ᠤᠨᠴᠠᠯᠢᠭ ᠦᠭᠡᠢ᠂ ᠪᠦᠲᠦᠭᠡᠭᠳᠡᠬᠦᠨ ᠲᠠᠢ ᠪᠤᠯᠪᠠᠴᠦ ᠨᠡᠷᠡᠳᠤ ᠲᠦᠷᠦᠯ ᠳᠡᠮᠳᠡᠭ ᠦᠭᠡᠢ᠂ ᠠᠵᠦ ᠦᠢᠯᠡᠰ ᠲᠠᠢ ᠪᠤᠯᠪᠠᠴᠦ ᠠᠵᠦ ᠦᠢᠯᠡᠰ ᠤᠨ ᠬᠡᠯᠬᠢᠶᠡᠵᠢᠯ ᠦᠭᠡᠢ ᠵᠡᠷᠭᠡ ᠲᠠᠯ᠎ᠠ ᠪᠠᠷ ᠳᠤᠪᠤᠶᠢᠮ᠎ᠠ ᠢᠯᠡᠷᠡᠵᠦ ᠪᠠᠶᠢᠨ᠎ᠠ᠃ ᠡᠶᠢᠮᠦ ᠠᠴᠠ ᠪᠢᠳᠡ ᠪᠦᠲᠦᠴᠡ ᠪᠠᠨ ᠲᠤᠬᠢᠷᠠᠭᠤᠯᠤᠨ ᠰᠢᠯᠢᠳᠡᠭᠵᠢᠬᠦᠯᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠳᠠᠪᠠᠭᠤᠯᠢᠭ ᠢᠶᠠᠨ ᠴᠢᠩᠭᠠᠳᠬᠠᠬᠤ᠂ ᠳᠤᠳᠠᠭᠤᠳᠠᠯ ᠢᠶᠠᠨ ᠨᠦᠬᠦᠪᠦᠷᠢᠯᠡᠬᠦ ᠳᠡᠭᠡᠷ᠎ᠡ ᠦᠷᠬᠦᠯᠵᠢᠯᠡᠨ ᠬᠦᠴᠦᠯᠡᠵᠦ᠂ ︽ᠠᠮᠤ ᠪᠤᠳᠠᠭ᠎ᠠ ᠲᠠᠷᠢᠵᠦ ᠠᠮᠤ ᠪᠤᠳᠠᠭ᠎ᠠ ᠬᠤᠳᠠᠯᠳᠤᠬᠤ᠂ ᠦᠭᠡᠷ ᠲᠡᠵᠢᠭᠡᠵᠦ ᠦᠭᠡᠷ ᠬᠤᠳᠠᠯᠳᠤᠬᠤ︾ ᠤᠳᠤᠬᠢ ᠪᠠᠶᠢᠳᠠᠯ ᠢᠶᠠᠨ ᠬᠤᠪᠢᠷᠠᠭᠤᠯᠤᠨ ᠮᠠᠯ ᠠᠵᠤ ᠠᠬᠤᠢ ᠲᠠᠷᠢᠶᠠᠯᠠᠩ ᠤᠨ ᠳᠤᠮᠤ ᠬᠤᠰᠢᠭᠤ ᠠᠴᠠ ᠮᠠᠯ ᠠᠵᠤ ᠠᠬᠤᠢ ᠲᠠᠷᠢᠶᠠᠯᠠᠩ ᠤᠨ ᠬᠦᠴᠦᠷᠭᠡᠭ ᠬᠤᠰᠢᠭᠤ ᠲᠡᠰᠢ ᠬᠤᠪᠢᠷᠠᠬᠤ ᠶᠢ ᠠᠬᠢᠭᠤᠯᠤᠨ᠎ᠠ᠃
     ᠬᠤᠶᠠᠷ ᠲᠤ᠂ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠠᠴᠠ ᠳᠤᠷᠠᠳᠤᠭᠰᠠᠨ ︽ᠳᠤᠮᠳᠠ ᠬᠡᠰᠡᠭ ᠤᠨ ᠬᠤᠶᠠᠷ ᠲᠤᠭᠤᠷᠢᠭ ᠨᠢᠭᠡ ᠰᠢᠶᠠᠨ ᠨᠢᠭᠡ ᠬᠤᠰᠢᠭᠤᠨ ᠤ ᠠᠭᠤᠰᠤᠯᠴᠠᠨ ᠬᠦᠭᠵᠢᠬᠦ︾ ᠪᠠᠶᠢᠯᠳᠤᠬᠤ ᠪᠤᠳᠤᠯᠭ᠎ᠠ ᠶᠢᠨ ᠲᠤᠭᠤᠷᠢᠨ ᠳᠤ᠂ ᠪᠠᠷᠠᠭᠤᠨ ᠬᠡᠰᠡᠭ ᠤᠨ ᠭᠠᠵᠠᠷ ᠤᠷᠤᠨ ᠤ ᠭᠤᠤᠯ ᠬᠤᠳᠠ ᠲᠤᠭᠤᠷᠢᠭ ᠤᠨ ᠤᠢᠢᠷᠠᠯᠴᠠᠬᠢ ᠤᠷᠤᠨ ᠪᠠᠶᠢᠷᠢ᠂ ᠵᠠᠮ ᠬᠠᠷᠢᠯᠴᠠᠭᠠᠨ ᠤ ᠳᠠᠪᠠᠭᠤᠯᠢᠭ ᠲᠤ ᠲᠦᠰᠢᠭᠯᠡᠨ ᠰᠠᠭᠤᠷᠢ ᠲᠦᠭᠦᠭᠡᠷᠦᠮᠵᠢ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ᠂ ᠬᠤᠳᠠ ᠬᠦᠳᠡᠭᠡ ᠶᠢᠨ ᠨᠢᠭᠡ ᠴᠤᠭᠴᠠᠵᠢᠭᠤᠯᠤᠯᠳᠠ ᠶᠢᠨ ᠠᠭᠤᠰᠤᠯᠴᠠᠭᠰᠠᠨ ᠬᠦᠭᠵᠢᠯᠳᠡ ᠶᠢ ᠰᠠᠶᠢᠳᠤᠷ ᠬᠢᠨ᠎ᠡ︔ ᠪᠦᠬᠦ ᠠᠵᠦ ᠦᠢᠯᠡᠰ ᠤᠨ ᠬᠡᠯᠬᠢᠶᠡᠵᠢᠯ ᠢ ᠴᠤᠭᠴᠠᠯᠠᠬᠤ ᠲᠤᠭᠤᠷᠢᠨ ᠳᠤ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ ᠠᠭᠤᠰᠤᠯᠴᠠᠭᠰᠠᠨ ᠬᠦᠭᠵᠢᠯᠳᠡ ᠶᠢ ᠠᠬᠢᠭᠤᠯᠵᠦ᠂ ᠪᠤᠬᠢᠷᠳᠦᠯ ᠦᠭᠡᠢ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠢ ᠲᠦᠷᠭᠡᠳᠭᠡᠨ ᠬᠦᠭᠵᠢᠬᠦᠯᠵᠦ᠂ ᠡᠷᠳᠡᠨᠢ ᠰᠢᠰᠢ ᠠᠮᠢᠳᠤ ᠪᠤᠳᠠᠰ ᠤᠨ ᠠᠵᠦ ᠦᠢᠯᠡᠰ᠂ ᠢᠯᠠᠩᠭᠤᠶ᠎ᠠ ᠡᠷᠳᠡᠨᠢ ᠰᠢᠰᠢ ᠪᠠᠷ ᠦᠢᠯᠡᠳᠦᠭᠰᠡᠨ ᠰᠢᠳᠠᠭᠠᠯᠭ᠎ᠠ ᠶᠢᠨ ᠡᠲ᠋ᠠᠨᠤᠯ ᠪᠠ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠬᠦᠴᠦᠳᠠᠢ ᠠᠬᠢᠭᠤᠯᠤᠨ᠎ᠠ︔ ᠮᠢᠬᠠᠨ ᠤ ᠦᠭᠡᠷ ᠤᠨ ᠠᠵᠦ ᠦᠢᠯᠡᠰ ᠢ ᠲᠦᠷᠭᠡᠳᠭᠡᠨ ᠬᠦᠭᠵᠢᠬᠦᠯᠵᠦ᠂ ᠳᠤᠮᠳᠠᠳᠦ ᠤᠯᠤᠰ ᠤᠨ ᠤᠮᠠᠷᠠᠳᠦ ᠶᠢᠨ ᠮᠢᠬᠠᠨ ᠤ ᠦᠭᠡᠷ ᠤᠨ ᠠᠷᠠᠯᠵᠢᠶᠡᠨ ᠤ ᠲᠦᠪ ᠢ ᠪᠠᠶᠢᠭᠤᠯᠤᠨ ᠳᠤᠮᠳᠠᠳᠦ ᠤᠯᠤᠰ ᠤᠨ ᠮᠢᠬᠠᠨ ᠤ ᠦᠭᠡᠷ ᠤᠨ ᠬᠤᠳᠠ ᠪᠤᠯᠤᠨ ᠬᠦᠢᠳᠡᠨ ᠢᠶᠠᠷ ᠬᠠᠳᠠᠭᠠᠯᠠᠭᠰᠠᠨ ᠰᠢᠬᠦᠰᠤ ᠰᠠᠶᠢᠳᠠᠢ ᠮᠢᠬ᠎ᠠ ᠶᠢ ᠲᠦᠪᠯᠡᠷᠡᠬᠦᠯᠵᠦ ᠲᠠᠷᠬᠠᠭᠠᠬᠤ ᠭᠠᠵᠠᠷ ᠢ ᠴᠤᠭᠴᠠᠯᠠᠨ᠎ᠠ︔ ᠪᠦᠬᠦ ᠬᠤᠳᠠ ᠶᠢᠨ 500 ᠺᠢᠯᠣᠮᠧᠲᠷ ᠤᠨ ᠰᠤᠶᠤᠯ ᠵᠤᠭᠠᠴᠠᠯ ᠤᠨ ᠰᠠᠷᠠᠭᠤᠯ ᠵᠠᠮ ᠤᠨ ᠪᠦᠳᠦᠭᠡᠨ ᠪᠠᠶᠢᠭᠤᠯᠤᠯᠳᠠ ᠶᠢ ᠠᠰᠢᠬᠯᠠᠨ᠂ ᠦᠵᠡᠮᠵᠢ ᠶᠢᠨ ᠤᠷᠤᠨ ᠦᠵᠡᠮᠦᠷᠢ ᠶᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠳᠡᠰ ᠳᠡᠪᠰᠢᠬᠦᠯᠵᠦ᠂ ᠰᠤᠶᠤᠯ ᠵᠤᠭᠠᠴᠠᠯ ᠤᠨ ᠠᠵᠦ ᠦᠢᠯᠡᠰ ᠢ ᠲᠦᠷᠭᠡᠳᠭᠡᠨ ᠬᠦᠭᠵᠢᠬᠦᠯᠦᠨ᠎ᠡ᠃
     ᠭᠤᠷᠪᠠ ᠳᠤ᠂ ᠪᠤᠬᠢᠷᠳᠦᠯ ᠦᠭᠡᠢ ᠬᠦᠭᠵᠢᠯᠳᠡ ᠶᠢ ᠠᠬᠢᠭᠤᠯᠤᠨ᠎ᠠ᠃ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠪᠤᠯᠤᠨ ᠬᠠᠮᠠᠭᠠᠯᠠᠯᠳᠠ ᠶᠢ ᠰᠠᠶᠢᠳᠤᠷ ᠠᠳᠬᠤᠬᠤ ᠶᠢᠨ ᠵᠡᠷᠭᠡᠪᠡᠷ ︽31111︾ ᠢᠨᠵᠧᠨᠧᠷᠢᠩ ᠢ ᠭᠤᠤᠯᠳᠠᠯᠭ᠎ᠠ ᠲᠠᠢ ᠭᠡᠷᠡᠭᠵᠢᠬᠦᠯᠦᠨ᠎ᠡ᠃ ᠳᠠᠷᠤᠢ 300 ᠲᠦᠮᠡᠨ ᠮᠦ ᠶᠢᠨ ᠲᠤᠰᠤᠯᠭᠠᠨ ᠤᠰᠤᠯᠠᠬᠤ ᠠᠮᠤ ᠪᠤᠳᠠᠭᠠᠨ ᠤ ᠲᠠᠷᠢᠮᠠᠯ ᠤᠨ ᠰᠠᠭᠤᠷᠢᠨ᠂ 100 ᠲᠦᠮᠡᠨ ᠮᠦ ᠶᠢᠨ ᠤᠨᠴᠠᠯᠢᠬᠳᠦ ᠲᠠᠷᠢᠮᠠᠯ ᠤᠨ ᠰᠠᠭᠤᠷᠢᠨ᠂ 100 ᠲᠦᠮᠡᠨ ᠮᠦ ᠶᠢᠨ ᠲᠠᠵᠢᠬᠡᠯ ᠪᠤᠷᠳᠤᠭᠠᠨ ᠤ ᠰᠠᠭᠤᠷᠢᠨ᠂ 100 ᠲᠦᠮᠡᠨ ᠮᠦ ᠶᠢᠨ ᠲᠠᠷᠢᠶᠠᠯᠠᠬᠤ ᠶᠢ ᠵᠤᠭᠰᠤᠭᠠᠨ ᠤᠢᠢᠵᠢᠭᠤᠯᠵᠦ ᠰᠡᠷᠭᠦᠭᠡᠭᠰᠡᠨ ᠪᠡᠯᠴᠢᠭᠡᠷ᠂ 100 ᠲᠦᠮᠡᠨ ᠮᠢᠬᠠᠨ ᠤ ᠦᠭᠡᠷ ᠤᠨ ᠲᠡᠵᠢᠭᠡᠪᠦᠷᠢ ᠶᠢᠨ ᠰᠠᠭᠤᠷᠢᠨ ᠢ ᠪᠦᠳᠦᠬᠡᠨ ᠪᠠᠶᠢᠭᠤᠯᠤᠨ᠎ᠠ᠃ ᠡᠬᠦᠨ ᠤ ᠬᠠᠮᠳᠤ ᠠᠵᠦ ᠠᠬᠤᠢ ᠶᠢᠨ ᠤᠢ ᠶᠢᠨ ᠠᠵᠦ ᠦᠢᠯᠡᠰ ᠤᠨ ᠬᠦᠭᠵᠢᠯᠳᠡ ᠶᠢ ᠰᠠᠶᠢᠳᠤᠷ ᠠᠳᠬᠤᠨ᠎ᠠ᠃
     ᠳᠦᠷᠪᠡ ᠳᠤ᠂ ᠵᠤᠬᠢᠴᠠᠩᠭᠤᠢ ᠬᠦᠭᠵᠢᠯᠳᠡ ᠶᠢ ᠠᠬᠢᠭᠤᠯᠤᠨ᠎ᠠ᠃ ᠬᠦᠮᠦᠨ ᠢᠶᠠᠷ ᠭᠤᠤᠯ ᠪᠤᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠪᠤᠳᠠᠳᠦ ᠬᠦᠴᠦᠨ ᠲᠠᠢ ᠬᠤᠳᠠ ᠶᠢᠨ ᠬᠠᠷᠢᠶᠠᠨ ᠳᠠᠬᠢ ᠪᠠᠯᠭᠠᠰᠦ᠂ ᠤᠨᠴᠠᠯᠢᠬᠳᠦ ᠵᠢᠵᠢᠭ ᠬᠤᠳᠠ ᠪᠠᠯᠭᠠᠰᠤ᠂ ᠠᠮᠢᠵᠢᠷᠠᠯ ᠤᠨ ᠬᠦᠴᠦᠨ ᠪᠢᠯᠬᠠᠭᠰᠠᠨ ᠭᠤᠤᠯ ᠪᠠᠯᠭᠠᠰᠦ᠂ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠨᠢᠭᠡ ᠴᠤᠭᠴᠠᠵᠢᠭᠤᠯᠤᠭᠰᠠᠨ ᠤᠳᠤ ᠦᠶ᠎ᠡ ᠶᠢᠨ ᠬᠤᠳᠠ ᠪᠠᠯᠭᠠᠰᠤᠨ ᠤ ᠰᠢᠰᠲ᠋ᠧᠮ ᠢ ᠴᠤᠭᠴᠠᠯᠠᠨ᠎ᠠ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠵᠦ᠂ ︽ᠭᠤᠷᠪᠠᠨ ᠡᠷᠭᠡ︾᠎ ᠶᠢ ᠬᠤᠪᠢᠶᠠᠷᠢᠯᠠᠨ ᠳᠤᠬᠢᠷᠠᠭᠤᠯᠬᠤ ᠦᠭᠡᠷᠡᠴᠢᠯᠡᠯᠳᠡ ᠶᠢ ᠢᠳᠡᠪᠬᠢᠳᠠᠢ ᠠᠬᠢᠭᠤᠯᠵᠦ᠂ ᠤᠳᠤ ᠦᠶ᠎ᠡ ᠶᠢᠨ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠤᠨ ᠰᠢᠰᠲᠧᠮ᠂ ᠦᠢᠯᠡᠳᠪᠦᠷᠢᠯᠡᠯ ᠤᠨ ᠰᠢᠰᠲ᠋ᠧᠮ ᠪᠤᠯᠤᠨ ᠡᠵᠡᠩᠨᠡᠯᠳᠡ ᠶᠢᠨ ᠰᠢᠰᠲ᠋ᠧᠮ ᠢ ᠴᠤᠭᠴᠠᠯᠠᠵᠦ᠂ ᠲᠠᠭᠠᠭᠤᠯᠤᠭᠴᠢ ᠠᠵᠤ ᠠᠬᠤᠢᠢᠯᠠᠯ ᠬᠢᠬᠡᠳ ᠮᠠᠯᠵᠢᠬᠤ ᠲᠠᠷᠢᠶᠠᠯᠠᠬᠤ ᠡᠷᠦᠬᠡ ᠶᠢᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠤᠨ᠎ᠠ᠃
     ᠲᠠᠪᠤ ᠳᠤ᠂ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠤᠨ᠎ᠠ᠃ ᠰᠤᠶᠤᠯ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ ᠪᠤᠯᠤᠨ ᠠᠵᠢᠯ ᠤᠯᠭᠤᠯᠳᠠ᠂ ᠨᠡᠶᠢᠭᠡᠮ ᠤᠨ ᠪᠠᠲᠤᠯᠠᠪᠤᠷᠢ ᠶᠢᠨ ᠠᠵᠢᠯ ᠢ ᠰᠠᠶᠢᠳᠤᠷ ᠠᠳᠬᠤᠬᠤ ᠶᠢᠨ ᠵᠡᠷᠭᠡᠪᠡᠷ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ ᠠᠵᠢᠯ ᠢ ᠰᠠᠶᠢᠳᠤᠷ ᠠᠳᠬᠤᠨ᠎ᠠ᠃ ᠮᠢᠬᠠᠨ ᠤ ᠦᠭᠡᠷ ᠤᠨ ᠲᠡᠵᠢᠭᠡᠪᠦᠷᠢ᠂ ᠠᠷᠪᠢᠳᠠᠢ ᠤᠰᠤᠯᠠᠯᠳᠠ ᠶᠢᠨ ᠲᠠᠷᠢᠶᠠᠯᠠᠩ᠂ ᠬᠦᠷᠢᠶ᠎ᠡ ᠬᠠᠰᠢᠶᠠᠨ ᠤ ᠠᠵᠦ ᠠᠬᠤᠢ᠂ ᠠᠮᠢ ᠠᠬᠤᠢ ᠶᠢᠨ ᠤᠢ ᠵᠢᠮᠢᠰ ᠢᠶᠠᠷ ᠭᠤᠤᠯ ᠪᠤᠯᠭᠠᠭᠰᠠᠨ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠲᠦᠷᠦᠯ ᠵᠦᠢᠯ ᠤᠳ ᠢ ᠰᠠᠶᠢᠳᠤᠷ ᠠᠳᠬᠤᠨ᠎ᠠ᠃ ᠤᠨᠴᠠᠭᠠᠢ ᠶᠠᠳᠠᠭᠤ ᠬᠦᠴᠢᠷᠳᠡᠯᠳᠡᠢ ᠡᠷᠦᠭᠡ ᠳᠤ ᠪᠦᠲᠦᠮᠵᠢᠳᠠᠢ ᠪᠠᠷ ᠶᠠᠳᠠᠭᠤ ᠶᠢ ᠳᠡᠳᠬᠦᠬᠦ ᠠᠷᠭ᠎ᠠ ᠬᠡᠮᠵᠢᠶ᠎ᠡ ᠠᠪᠴᠦ᠂ ᠨᠡᠶᠢᠭᠡᠮ ᠤᠨ ᠪᠠᠳᠤᠯᠠᠭ᠎ᠠ ᠶᠢᠨ ᠬᠤᠷᠢᠭ᠎ᠠ ᠱᠤᠭᠤᠮ ᠢ ᠪᠠᠳᠤ ᠰᠠᠬᠢᠨ᠎ᠠ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠳᠤ ᠲᠦᠪᠯᠡᠷᠡᠬᠦᠯᠦᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ ᠴᠢᠩᠭ᠎ᠠ ᠬᠠᠮᠢᠶᠠᠷᠬᠤ ᠶᠢ ᠡᠷᠡᠰ ᠭᠤᠶᠢᠪᠢᠰᠢ ᠦᠭᠡᠢ ᠪᠠᠷᠢᠮᠳᠠᠯᠠᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号