ᠰᠢᠨ᠎ᠠ ᠴᠠᠭ ᠦᠶ᠎ᠠ ᠳᠤ ᠵᠤᠬᠢᠴᠠᠭᠤᠯᠤᠠ ᠪᠤᠭᠤᠳᠤ ᠬᠤᠳᠠ ᠶᠢᠨ ᠤᠳᠤᠬᠢᠴᠢᠯᠠᠭᠰᠠᠨ ᠲᠦᠪ ᠬᠤᠳᠠ ᠲᠤᠭᠤᠷᠢᠭ ᠤᠨ ᠪᠦᠳᠦᠬᠡᠡ ᠪᠠᠶᠢᠭᠤᠯᠤᠯᠳᠠ ᠶᠢ ᠲᠦᠷᠬᠡᠳᠬᠡᠨ᠎ᠠ
2017-12-28 11:13:07
ᠵᠣᠬᠢᠶᠠᠭᠴᠢ᠄ 
ᠸ᠊ · ᠬᠡᠷᠡᠯᠳᠤ
ᠣᠩᠰᠢᠭᠰᠠᠨ ᠣᠳᠠᠭ᠎ᠠ᠄ 
★★★☆☆

    — ᠪᠤᠭᠤᠳᠤ ᠬᠤᠳᠠ ᠶᠢᠨ ᠵᠢᠤ ᠶᠤᠸᠠᠠ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠤ ᠴᠧᠩ ᠮᠢᠠ ᠢ ᠰᠤᠷᠪᠤᠯᠵᠢᠯᠠᠬᠰᠠᠨ ᠨᠢ

     ᠦᠢᠷ᠎ᠠ ᠳᠤ ᠰᠤᠷᠪᠤᠯᠵᠢᠯᠠᠭᠴᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠡᠷᠬᠢᠠ ᠲᠤᠤᠱᠯᠠᠭᠤᠯᠤᠠ ᠨᠠᠶᠢᠳᠠᠪᠤᠷᠢᠵᠢᠭᠤᠯᠵᠤ ᠪᠠᠶᠢᠬᠤ ᠲᠤᠬᠠᠢ ᠪᠤᠭᠤᠳᠤ ᠬᠤᠳᠡ ᠶᠢᠨ ᠵᠢᠤ ᠶᠤᠸᠠᠠ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠤ ᠴᠧᠩ ᠮᠢᠠ ᠢ ᠰᠤᠷᠪᠤᠯᠵᠢᠯᠠᠪᠠ᠃
     ︽ᠪᠤᠭᠤᠳᠤ ᠬᠤᠳᠠ ᠶᠢᠨ ᠰᠢᠨ᠎ᠠ ᠬᠤᠳᠠ ᠲᠤᠭᠤᠷᠢᠭ ᠪᠤᠯᠤᠭᠰᠠᠠ ᠤ ᠬᠤᠪᠢ ᠳᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠵᠢᠤ ᠶᠤᠸᠠᠠ ᠲᠤᠭᠤᠷᠢᠭ ᠢ ᠬᠦᠭᠵᠢᠬᠦᠯᠬᠦ ᠪᠦᠬᠦ ᠶᠠᠪᠤᠴᠠ ᠳᠤ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠪᠤᠭᠤᠳᠤ ᠬᠤᠳᠠ ᠶᠢᠨ ᠤᠳᠤᠬᠢᠴᠢᠯᠠᠬᠰᠠᠠ ᠲᠦᠪ ᠬᠤᠳᠠ ᠲᠤᠭᠤᠷᠢᠭ ᠤᠨ ᠪᠦᠳᠦᠬᠡᠡ ᠪᠠᠶᠢᠭᠤᠯᠤᠯᠳᠠ ᠶᠢ ᠲᠦᠷᠬᠡᠳᠬᠡᠬᠦ ᠪᠠᠷ ᠰᠢᠨ᠎ᠠ ᠵᠢᠳᠬᠦᠯ ᠴᠢᠷᠮᠠᠶᠢᠯᠭ᠎ᠠ ᠭᠠᠷᠭᠠᠨ᠎ᠠ︾ ᠬᠡᠵᠤ ᠯᠢᠤ ᠴᠧᠩ ᠮᠢᠠ ᠲᠡᠪᠤᠠ ᠲᠡᠯ᠎ᠠ ᠪᠠᠷ ᠶᠠᠷᠢᠯ᠎ᠠ᠃
     ᠨᠢᠬᠡ ᠳᠤ᠂ ᠤᠳᠤᠬᠢᠴᠢᠯᠠᠭᠰᠠᠠ ᠠᠵᠥ ᠠᠬᠤᠢ ᠶᠢᠨ ᠰᠢᠰᠲ᠋ᠧᠮ ᠤᠨ ᠪᠦᠳᠦᠬᠡᠡ ᠪᠠᠶᠢᠭᠤᠯᠤᠯᠳᠠ ᠶᠢᠨ ᠲᠡᠯ᠎ᠠ ᠪᠠᠷ ᠰᠢᠨ᠎ᠠ ᠵᠢᠳᠬᠦᠯ ᠴᠢᠷᠮᠠᠶᠢᠯᠭ᠎ᠠ ᠭᠠᠷᠭᠠᠨ᠎ᠠ᠃ ᠬᠤᠪᠤᠷ ᠰᠢᠷᠤᠢ ᠶᠢᠨ ᠰᠢᠨ᠎ᠠ ᠮᠠᠲ᠋ᠧᠷᠢᠶᠠᠯ ᠤᠨ ᠠᠵᠥ ᠦᠢᠯᠡᠰᠵᠢᠯᠳᠠ ᠶᠢᠨ ᠬᠦᠷᠢᠶᠠᠯᠠᠩ ᠲᠤᠭᠤᠷᠢᠭ ᠢᠶᠠᠷ ᠲᠡᠪᠴᠠᠩ ᠪᠤᠯᠭᠠᠠ ᠦᠨᠳᠤᠷ ᠮᠤᠯᠧᠺᠦ᠋ᠯᠳᠤ ᠰᠢᠨ᠎ᠠ ᠮᠠᠲ᠋ᠧᠷᠢᠶᠠᠯ᠂ ᠬᠡᠳᠤ ᠴᠡᠪᠠᠷ ᠲᠡᠮᠤᠷ ᠤᠨ ᠡᠯᠧᠮᠧᠨ᠋ᠲ ᠤᠨ ᠰᠢᠨ᠎ᠠ ᠮᠠᠲ᠋ᠧᠷᠢᠶᠠᠯ ᠵᠡᠷᠬᠡ ᠪᠠᠷ ᠲᠦᠯᠦᠬᠡᠯᠡᠬᠦᠯᠦᠭᠰᠡᠡ ᠲᠡᠪᠤᠠ ᠶᠡᠭᠡ ᠠᠵᠥ ᠦᠢᠯᠡᠰ ᠤᠨ ᠰᠦᠷᠦᠭᠵᠢᠯ ᠢ ᠪᠠᠶᠢᠭᠤᠯᠵᠥ᠂ ᠦᠪᠠᠷᠳᠡᠬᠡᠡ ᠵᠠᠰᠠᠬᠤ ᠤᠷᠤᠠ ᠤ ᠬᠦᠭᠵᠢᠯᠳᠠ ᠶᠢᠨ ᠲᠡᠯᠳᠠ ᠬᠦᠴᠦᠠ ᠢᠶᠠᠷ ᠬᠠᠮᠤᠭ ᠤᠨ ᠶᠡᠭᠡ᠂ ᠰᠠᠭᠤᠷᠢ ᠲᠦᠬᠦᠬᠡᠷᠦᠮᠵᠢ ᠪᠠᠷ ᠬᠠᠮᠤᠭ ᠤᠨ ᠰᠠᠶᠢᠠ᠂ ᠠᠵᠥ ᠦᠢᠯᠡᠰᠵᠢᠯᠳᠠ ᠶᠢᠨ ᠴᠢᠳᠠᠮᠵᠢ ᠪᠠᠷ ᠬᠠᠮᠤᠭ ᠤᠨ ᠪᠦᠷᠢᠠ ᠰᠢᠨ᠎ᠠ ᠮᠠᠲ᠋ᠧᠷᠢᠶᠠᠯ ᠤᠨ ᠰᠠᠭᠤᠷᠢᠠ ᠢ ᠪᠦᠳᠦᠬᠡᠨ ᠪᠠᠶᠢᠭᠤᠯᠤᠨ᠎ᠠ᠃ ᠪᠤᠭᠤᠳᠤ ᠬᠤᠳᠠ ᠶᠢᠨ ᠰᠢᠨ᠎ᠠ ᠬᠤᠳᠠ ᠲᠤᠭᠤᠷᠢᠭ ᠤᠨ ᠵᠠᠮ ᠬᠠᠷᠢᠯᠴᠠᠭ᠎ᠠ᠂ ᠭᠠᠵᠠᠷ ᠲᠤᠤᠷᠠᠬᠢ ᠤᠰᠤᠨ ᠭᠤᠤᠷᠰᠤ ᠶᠢᠨ ᠬᠤᠩᠬᠢᠯ᠂ ᠤᠶᠤᠠᠴᠢ ᠬᠤᠳᠠ ᠵᠡᠷᠬᠡ ᠰᠠᠭᠤᠷᠢ ᠲᠦᠬᠦᠬᠡᠷᠦᠮᠵᠢ ᠶᠢᠨ ᠪᠦᠳᠦᠬᠡᠡ ᠪᠠᠶᠢᠭᠤᠯᠤᠯᠳᠠ ᠶᠢ ᠲᠦᠷᠬᠡᠳᠬᠡᠵᠤ᠂ ᠪᠦᠬᠦ ᠬᠤᠳᠠ ᠶᠢᠨ ᠰᠢᠨ᠎ᠠ ᠵᠠᠰᠠᠭ ᠵᠠᠬᠢᠷᠭᠠᠠ ᠤ ᠦᠢᠯᠡᠴᠢᠯᠡᠬᠡᠨ ᠤ ᠲᠦᠪ᠂ ᠰᠤᠶᠤᠯ ᠪᠠᠶ᠎ᠠ ᠲᠡᠮᠢᠷ ᠤᠨ ᠲᠦᠪ᠂ ᠤᠳᠤᠬᠢᠴᠢᠯᠠᠭᠰᠠᠠ ᠬᠤᠳᠠᠯᠳᠤᠭᠠᠠ ᠤ ᠲᠦᠪ᠂ ᠰᠢᠨ᠎ᠠ ᠶᠢ ᠡᠬᠦᠳᠴᠤ ᠦᠢᠯᠡᠰ ᠪᠤᠰᠬᠠᠬᠤ ᠲᠦᠪ ᠢ ᠴᠤᠭᠴᠠᠯᠠᠠ ᠪᠠᠶᠢᠭᠤᠯᠤᠨ᠎ᠠ᠃
     ᠬᠤᠶᠠᠷ ᠲᠤ᠂ ᠦᠬᠡᠷᠡᠴᠢᠯᠠᠯᠳᠠ ᠶᠢ ᠪᠦᠬᠦ ᠲᠡᠯ᠎ᠠ ᠪᠠᠷ ᠬᠦᠨᠵᠡᠬᠡᠶᠢᠷᠡᠬᠦᠯᠬᠦ ᠲᠡᠯ᠎ᠠ ᠪᠠᠷ ᠰᠢᠨ᠎ᠠ ᠵᠢᠳᠬᠦᠯ ᠴᠢᠷᠮᠠᠶᠢᠯᠭ᠎ᠠ ᠭᠠᠷᠭᠠᠨ᠎ᠠ᠃ ᠬᠤᠳᠠ ᠲᠤᠭᠤᠷᠢᠭ ᠤᠨ ᠤᠯᠠᠠ ᠨᠠᠶᠢᠳᠠ ᠶᠢᠨ ᠡᠬᠢ ᠪᠠᠶᠠᠯᠢᠭ ᠢ ᠬᠠᠮᠳᠤᠪᠠᠷ ᠪᠦᠳᠦᠬᠡᠡ ᠪᠠᠶᠢᠭᠤᠯᠵᠥ ᠬᠠᠮᠳᠤᠪᠠᠷ ᠡᠳ᠋ᠯᠠᠬᠦ ᠶᠢ ᠯᠠᠪᠳᠠᠭᠤᠠ ᠪᠠᠳᠤᠳᠠᠢ ᠠᠬᠢᠭᠤᠯᠵᠥ᠂ ᠤᠶᠤᠨᠴᠢ ᠲᠡᠪᠴᠡᠩ ᠵᠡᠷᠬᠡ ᠭᠤᠤᠯᠳᠠᠯᠭ᠎ᠠ ᠲᠠᠢ ᠦᠬᠡᠷᠡᠴᠢᠯᠠᠯᠳᠠ ᠶᠢ ᠠᠬᠢᠭᠤᠯᠵᠤ᠂ ᠲᠡᠭᠠᠭᠤᠯᠤᠭᠴᠢ ᠠᠵᠥ ᠠᠬᠤᠢᠢᠯᠠᠯ ᠪᠤᠯᠤᠠ ᠮᠠᠯᠴᠢᠠ ᠲᠡᠷᠢᠶᠠᠴᠢᠠ ᠤ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠦᠷᠬᠦᠯᠵᠢᠯᠠᠠ ᠲᠡᠬᠦᠯᠳᠠᠷᠵᠢᠬᠦᠯᠵᠥ᠂ ᠬᠤᠳᠠ ᠬᠦᠳᠡᠭᠡ ᠶᠢᠨ ᠬᠠᠮᠢᠶᠠᠷᠤᠯᠳᠠ ᠶᠢᠨ ᠲᠡᠯ᠎ᠠ ᠪᠠᠷ ᠬᠢ ︽ᠭᠤᠷᠪᠠ ᠶᠢ ᠨᠢᠬᠡ ᠴᠤᠭᠴᠠᠵᠢᠭᠤᠯᠬᠤ︾᠂ ᠬᠦᠷᠢᠶᠠᠯᠠᠩ ᠲᠤᠭᠤᠷᠢᠭ ᠤᠨ ᠴᠠᠬᠢᠯᠭᠠᠠ ᠲᠤᠬᠢᠷᠠᠭᠤᠯᠵᠤ ᠴᠠᠬᠢᠯᠭᠠᠠ ᠠᠷᠠᠯᠵᠢᠶᠡᠯᠠᠬᠤ ᠵᠡᠷᠬᠡ ᠠᠳᠠᠯᠢ ᠪᠤᠰᠤ ᠬᠦᠷᠢᠶᠠᠠ ᠳᠠᠬᠢ ᠬᠠᠭᠤᠯᠪᠤᠷᠢᠯᠠᠵᠥ ᠪᠤᠯᠬᠤ᠂ ᠲᠡᠯᠬᠡᠷᠡᠬᠦᠯᠵᠥ ᠪᠤᠯᠬᠤ᠂ ᠲᠤᠯᠢᠳᠠᠵᠥ ᠪᠤᠯᠬᠤ ᠦᠬᠡᠷᠡᠴᠢᠯᠠᠯᠳᠠ ᠶᠢᠨ ᠵᠠᠭᠪᠤᠷ ᠢ ᠪᠤᠢ ᠪᠤᠯᠭᠠᠬᠤ ᠪᠠᠷ ᠴᠢᠷᠮᠠᠶᠢᠨ᠎ᠠ᠃
     ᠭᠤᠷᠪᠠ ᠳᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠲᠠᠯ᠎ᠠ ᠪᠠᠷ ᠰᠢᠨ᠎ᠠ ᠵᠢᠳᠭᠦᠯ ᠴᠢᠷᠮᠠᠶᠢᠯᠭ᠎ᠠ ᠭᠠᠷᠭᠠᠨ᠎ᠡ᠃ ᠠᠷᠠᠳ ᠲᠦᠮᠠᠨ ᠤ ᠡᠳᠤᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠬᠠᠷᠠᠯᠳᠠ ᠪᠠᠨ ᠪᠤᠯᠭᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠬᠦᠷᠬᠡ ᠶᠢ ᠤᠯᠤᠰ ᠲᠦᠷᠦ ᠶᠢᠨ ᠵᠠᠪᠠᠯ ᠪᠠᠶᠠᠯᠠᠬᠦᠯᠬᠦ ᠡᠭᠦᠷᠭᠡ ᠪᠤᠯᠭᠠᠨ ᠠᠬᠢᠭᠤᠯᠵᠤ᠂ ᠴᠢᠨᠡᠬᠡᠯᠢᠭᠵᠢᠯ ᠤᠨ ᠵᠠᠮ ᠳᠡᠬᠡᠷ᠎ᠠ ᠨᠢᠭᠡ ᠶᠠᠳᠠᠭᠤ ᠬᠦᠴᠢᠷᠳᠡᠯᠳᠡᠢ ᠤᠯᠠᠨ ᠲᠦᠮᠠᠨ ᠢ ᠴᠤ ᠡᠩᠨᠡᠭᠡ ᠠᠴᠠ ᠪᠠᠨ ᠬᠤᠴᠤᠷᠤᠭᠤᠯᠬᠤ ᠦᠬᠡᠢ ᠪᠠᠶᠢᠬᠤ ᠶᠢ ᠪᠠᠳᠤᠯᠠᠨ᠎ᠠ᠃ 200 ᠲᠦᠮᠠᠨ ᠳᠡᠭᠰᠢ ᠲᠦᠷᠪᠡᠯᠵᠢᠨ ᠮᠧᠳ᠋ᠷ ᠤᠨ ᠲᠦᠬᠦᠮ ᠪᠦᠳᠤᠴᠡᠳᠤ ᠤᠷᠤᠨ ᠰᠠᠭᠤᠴᠠ ᠶᠢ ᠦᠬᠡᠷᠡᠴᠢᠯᠡᠨ ᠪᠠᠶᠢᠭᠤᠯᠬᠤ ᠡᠬᠦᠷᠬᠡ ᠶᠢ ᠯᠠᠪᠳᠠᠭᠤᠨ ᠪᠠᠳᠤᠳᠡᠢ ᠠᠬᠢᠭᠤᠯᠵᠤ᠂ ᠲᠦᠬᠦᠮ ᠪᠦᠳᠤᠴᠡᠳᠤ ᠤᠷᠤᠨ ᠰᠠᠭᠤᠴᠠ ᠶᠢᠨ ᠳᠤᠭᠤᠷᠢᠭ ᠲᠠᠬᠢ ᠨᠢᠬᠡ ᠲᠦᠮᠠᠨ ᠰᠠᠭᠤᠭᠠᠯᠢ ᠡᠷᠤᠬᠡ ᠳᠤ ᠲᠠᠭᠠᠯᠠᠮᠵᠢᠳᠠᠢ ᠤᠷᠤᠨ ᠰᠠᠭᠤᠴᠠ ᠤᠯᠭᠤᠨ᠎ᠠ᠃ ᠰᠤᠷᠭᠠᠨ ᠬᠦᠮᠤᠵᠢᠯ᠂ ᠡᠮ ᠡᠮᠨᠡᠯᠬᠡ᠂ ᠨᠠᠰᠤᠵᠢᠯ ᠤᠨ ᠠᠰᠠᠷᠠᠮᠵᠢ ᠵᠡᠷᠬᠡ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠬᠦᠯᠵᠤ᠂ ᠰᠤᠷᠤᠯᠴᠠᠬᠤ ᠠᠴᠠ ᠰᠤᠷᠭᠠᠨ ᠬᠦᠮᠦᠵᠢᠯ ᠲᠠᠢ᠂ ᠬᠦᠳᠡᠯᠮᠦᠷᠢᠯᠡᠪᠡᠯ ᠬᠦᠯᠦᠰᠤ ᠤᠯᠭᠤᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠦᠳᠡᠯᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ᠂ ᠪᠠᠭᠤᠷᠠᠶᠢᠴᠤᠤᠯ ᠲᠤ ᠲᠤᠰᠠᠯᠠᠮᠵᠢ ᠲᠠᠢ ᠪᠠᠶᠢᠬᠤ ᠲᠠᠯ᠎ᠠ ᠪᠠᠷ ᠲᠠᠰᠤᠷᠠᠯᠳᠡ ᠦᠬᠡᠢ ᠰᠢᠨ᠎ᠡ ᠠᠬᠢᠯᠳᠡ ᠭᠠᠷᠭᠠᠵᠤ᠂ ᠤᠯᠠᠨ ᠲᠦᠮᠠᠨ ᠤ ᠭᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠳᠦᠪᠰᠢᠨ ᠤ ᠲᠦᠷᠦᠭᠳᠡᠯ ᠢ ᠨᠡᠩ ᠪᠦᠷᠢᠨ ᠬᠦᠢᠴᠡᠳ᠂ ᠨᠠᠩ ᠪᠠᠳᠤᠯᠠᠭ᠎ᠠ ᠲᠠᠢ᠂ ᠨᠡᠩ ᠲᠠᠭᠠᠭᠠᠮᠠᠭᠠᠢ ᠪᠤᠯᠭᠠᠨ᠎ᠠ᠃
     ᠲᠦᠷᠪᠡ ᠳᠤ᠂ ᠦᠵᠡᠰᠬᠦᠯᠠᠩᠳᠤ ᠰᠠᠶᠢᠬᠠᠨ ᠳᠤᠮᠳᠠᠳᠤ ᠤᠯᠤᠰ ᠢ ᠪᠦᠳᠤᠬᠡᠨ ᠪᠠᠶᠢᠭᠤᠯᠬᠤ ᠳᠤ ᠰᠢᠨ᠎ᠠ ᠵᠢᠳᠭᠦᠯ ᠴᠢᠷᠮᠠᠶᠢᠯᠭ᠎ᠠ ᠭᠠᠷᠭᠠᠨ᠎ᠠ᠃ ᠬᠦᠬᠡᠮᠳᠦᠭ ᠨᠤᠭᠤᠭᠠᠨ ᠠᠭᠤᠯᠠ ᠤᠰᠤ ᠪᠤᠯ ᠳᠠᠷᠤᠢ ᠠᠯᠳᠠ ᠮᠦᠩᠬᠦᠨ ᠠᠭᠤᠯᠠ ᠤᠰᠤ ᠪᠤᠯᠬᠤ ᠦᠢᠯᠠᠭᠠᠭᠳᠠᠬᠤᠨ ᠢ ᠪᠤᠢ ᠪᠤᠯᠭᠠᠵᠤ᠂ ᠳᠠᠯᠠᠨ ᠬᠠᠷ᠎ᠠ ᠠᠭᠤᠯᠠ ᠶᠢ ᠶᠡᠷᠤᠩᠬᠡᠶᠢᠯᠠᠨ ᠵᠠᠰᠠᠬᠤ ᠪᠠᠷ ᠭᠤᠤᠯ ᠪᠤᠯᠭᠠᠭᠰᠠᠨ ︽ᠨᠤᠭᠤᠭᠠᠨ ᠲᠠᠯ᠎ᠠ︾᠎ ᠶᠢᠨ ᠢᠨᠵᠧᠨᠧᠷᠢᠩ᠂ ᠤᠮᠠᠷᠠᠳᠤ ᠶᠢᠨ ᠴᠠᠬᠢᠯᠭᠠᠨ ᠬᠦᠴᠦᠨ ᠤ ᠺᠤᠮᠫᠠᠨᠢ ᠪᠤᠯᠤᠨ ᠭᠤᠷᠪᠠᠨ ᠴᠠᠬᠢᠯᠭᠠᠨ ᠤ ᠦᠢᠯᠡᠳᠪᠤᠷᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢ ᠦᠬᠡᠷᠡᠴᠢᠯᠡᠬᠦ ᠪᠠᠷ ᠭᠤᠤᠯ ᠪᠤᠯᠭᠠᠭᠰᠠᠨ ︽ᠬᠦᠬᠡᠮᠳᠦᠭ ᠤᠬᠳᠠᠷᠭᠤᠢ︾᠎ ᠶᠢᠨ ᠢᠨᠵᠧᠨᠧᠷᠢᠩ᠂ ᠡᠯ ᠳ᠋ᠤᠤ ᠱᠠ ᠾᠧ᠂ ᠰᠧ ᠳ᠋ᠤᠤ ᠱᠠ ᠾᠧ ᠤᠰᠤᠨ ᠤ ᠠᠮᠢ ᠠᠬᠤᠢ ᠶᠢ ᠶᠡᠷᠤᠩᠬᠡᠶᠢᠯᠡᠨ ᠵᠠᠰᠠᠵᠤ ᠲᠡᠰ ᠲᠡᠪᠰᠢᠭᠦᠯᠦᠨ ᠠᠰᠢᠬᠯᠠᠬᠤ ᠪᠠᠷ ᠭᠤᠤᠯ ᠪᠤᠯᠭᠠᠭᠰᠠᠨ ︽ᠴᠡᠩᠬᠡᠭ ᠤᠰᠤ︾᠎ ᠶᠢᠨ ᠢᠨᠵᠧᠨᠧᠷᠢᠩ᠂ ᠱᠧᠨ ᠬᠤᠸ᠋ᠨ ᠶᠢᠨ ᠬᠠᠳᠠᠭᠤ ᠪᠡᠶᠡᠳᠤ ᠬᠠᠶᠠᠭᠳᠠᠮᠠᠯ ᠢ ᠬᠤᠤᠷ᠎ᠠ ᠦᠬᠡᠶᠢᠳᠡᠬᠦᠯᠦᠨ ᠰᠢᠢᠳᠪᠤᠷᠢᠯᠡᠬᠦ ᠪᠠᠷ ᠭᠤᠤᠯ ᠪᠤᠯᠭᠠᠭᠰᠠᠨ ︽ᠰᠢᠮᠡᠯᠢᠭ ᠬᠦᠷᠤᠰᠤ︾᠎ ᠶᠢᠨ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠤ᠂ ᠭᠤᠤᠯ ᠮᠦᠷᠡᠨ ᠤ ᠲᠠᠷᠤᠭ᠎ᠠ ᠶᠢᠨ ᠲᠦᠷᠢᠮ ᠢ ᠪᠦᠭᠦ ᠲᠠᠯ᠎ᠡ ᠪᠠᠷ ᠠᠬᠢᠭᠤᠯᠤᠨ ᠠᠮᠢ ᠠᠬᠤᠢ ᠶᠢᠨ ᠤᠷᠴᠢᠨ ᠳᠤᠭᠤᠷᠢᠨ ᠤ ᠴᠢᠨᠡᠷ ᠴᠢᠨᠰᠠᠭ᠎ᠠ ᠶᠢ ᠦᠷᠬᠦᠯᠵᠢᠯᠠᠨ ᠲᠡᠰ ᠲᠡᠪᠰᠢᠭᠦᠯᠦᠨ᠎ᠡ᠃ ᠤᠯᠠᠨ ᠵᠦᠢᠯ ᠤᠨ ᠠᠮᠢ ᠠᠬᠤᠢ ᠶᠢᠨ ᠡᠬᠢ ᠪᠠᠶᠠᠯᠢᠬ ᠲᠤ ᠲᠦᠰᠢᠭᠯᠡᠨ ᠰᠢᠶᠤᠤ ᠪᠠᠢ ᠾᠧ ᠤᠨᠴᠠᠯᠢᠭᠳᠤ ᠪᠠᠭ᠎ᠠ ᠪᠠᠯᠭᠠᠰᠤ᠂ ᠮᠡᠷᠬᠡᠨ ᠦᠵᠡᠮᠵᠢ ᠶᠢᠨ ᠤᠷᠤᠨ᠂ ᠰᠠᠶᠢᠬᠠᠨᠳᠠᠯ᠎ᠠ ᠬᠤᠳᠠ ᠶᠢᠨ ᠳᠤᠮᠳᠠᠬᠢ ᠳᠠᠯ᠎ᠠ ᠨᠤᠳᠤᠭ ᠤᠨ 5A ᠳᠠᠰ ᠤᠨ ᠦᠵᠡᠮᠵᠢ ᠶᠢᠨ ᠤᠷᠤᠨ ᠵᠡᠷᠬᠡ ᠵᠤᠭᠠᠴᠠᠯ ᠤᠨ ᠲᠦᠷᠦᠯ ᠵᠦᠢᠯ ᠢ ᠦᠷᠬᠦᠯᠵᠢᠯᠠᠨ ᠬᠡᠷᠡᠭᠵᠢᠬᠦᠯᠵᠤ᠂ ︽ᠳᠤᠮᠤ ᠰᠤᠶᠤᠯ᠂ ᠳᠤᠮᠤ ᠵᠤᠭᠠᠴᠠᠯ᠂ ᠳᠤᠮᠤ ᠠᠵᠤ ᠦᠢᠯᠡᠰ︾᠎ ᠢ ᠲᠦᠪᠯᠡᠷᠡᠬᠦᠯᠦᠨ ᠡᠬᠦᠳᠴᠤ᠂ ᠤᠷᠤᠨ ᠤ ᠳᠤᠳᠤᠨ᠎ᠠ ᠭᠠᠳᠠᠨ᠎ᠠ ᠨᠠᠷ᠎ᠠ ᠠᠯᠳᠠᠷᠰᠢᠭᠰᠠᠨ ᠴᠢᠬᠤᠯᠠ ᠵᠤᠭᠠᠴᠠᠯ ᠤᠨ ᠬᠠᠷᠠᠯᠳᠠᠳᠤ ᠭᠠᠵᠠᠷ ᠢ ᠪᠦᠳᠤᠬᠡᠨ ᠪᠠᠶᠢᠭᠤᠯᠤᠨ᠎ᠠ᠃
     ᠲᠠᠪᠤ ᠳᠤ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠳᠤ ᠰᠢᠨ᠎ᠠ ᠵᠢᠳᠭᠦᠯ ᠴᠢᠷᠮᠠᠶᠢᠯᠭ᠎ᠠ ᠭᠠᠷᠭᠠᠨ᠎ᠠ᠃ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠶᠢ ᠲᠡᠷᠢᠭᠦᠨ ᠳᠤ ᠳᠠᠯᠪᠢᠨ ᠨᠠᠮ ᠤᠨ ᠤᠯᠤᠰ ᠲᠦᠷᠦ ᠶᠢᠨ ᠱᠤᠭᠤᠮ ᠢ ᠡᠷᠡᠰ ᠬᠡᠷᠡᠭᠵᠢᠬᠦᠯᠵᠤ᠂ ᠤᠯᠤᠰ ᠲᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠰᠠᠬᠢᠨ ︽ᠬᠤᠶᠠᠷ ᠢ ᠰᠤᠷᠤᠯᠴᠠᠵᠤ ᠨᠢᠬᠡ ᠳᠤ ᠳᠠᠩᠴᠡᠬᠦᠯᠬᠦ︾ ᠰᠤᠷᠤᠯᠴᠠᠯᠭ᠎ᠠ ᠬᠦᠮᠤᠵᠢᠯ ᠢ ᠪᠠᠶᠢᠩᠭᠤᠵᠢᠭᠤᠯᠵᠤ ᠲᠦᠷᠢᠮᠵᠢᠬᠦᠯᠬᠦ ᠶᠢ ᠯᠠᠪᠳᠠᠭᠤᠨ ᠪᠠᠳᠤᠳᠠᠢ ᠠᠬᠢᠭᠤᠯᠵᠤ᠂ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠢᠷᠠᠯ ᠢ ᠡᠰᠡᠷᠬᠦᠴᠡᠬᠦ ᠳᠠᠮᠠᠴᠠᠯ ᠢ ᠦᠷᠬᠦᠯᠵᠢᠯᠠᠨ ᠠᠬᠢᠭᠤᠯᠵᠤ᠂ ᠰᠤᠷᠳᠠᠯ ᠴᠢᠭᠡᠴᠢ ᠤᠪᠤᠷ ᠲᠦᠪ ᠤᠯᠤᠰ ᠲᠦᠷᠦ ᠶᠢᠨ ᠠᠮᠢ ᠠᠬᠤᠢ ᠶᠢ ᠭᠦᠴᠦᠯᠡᠨ ᠪᠤᠢ ᠪᠤᠯᠭᠠᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号