ᠳᠠᠪᠠᠭᠤᠯᠢᠬ ᠎ ᠲᠠᠭᠠᠨ ᠲᠦᠰᠢᠭᠯᠡᠨ ᠵᠤᠭᠠᠴᠠᠯ ᠤᠨ ᠤᠢᠢᠯᠡᠰ ᠢ ᠬᠦᠭᠵᠢᠭᠦᠯᠦᠨ᠎ᠡ
2017-12-28 11:12:38
ᠵᠣᠬᠢᠶᠠᠭᠴᠢ᠄ 
ᠬᠠᠢ ᠵᠢᠶᠦ᠋ᠨ ᠭᠤᠸ᠎ᠠ
ᠣᠩᠰᠢᠭᠰᠠᠨ ᠣᠳᠠᠭ᠎ᠠ᠄ 
★★★☆☆

      — ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤ ᠶᠢᠨ ᠪᠠᠶᠠᠨᠨᠠᠭᠤᠷ ᠭᠠᠴᠠᠭᠠᠨ ᠤ ᠨᠠᠮ ᠤᠨ ᠡᠬᠦᠷ ᠤᠨ ᠱᠦᠵᠢ ᠨᠠᠶᠠᠨᠲᠠᠢ ᠶᠢ ᠰᠤᠷᠪᠤᠯᠵᠢᠯᠠᠭᠰᠠᠨ ᠨᠢ

     12 ᠰᠠᠷ᠎ᠠ ᠶᠢᠨ 22᠎ ᠤᠨ ᠡᠳᠤᠷ᠂ ᠪᠢᠳᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤ ᠶᠢᠨ ᠪᠠᠶᠠᠨᠨᠠᠭᠤᠷ ᠭᠠᠴᠠᠭ᠎ᠠ ᠶᠢᠨ ᠨᠠᠮ ᠤᠨ ᠡᠬᠦᠷ ᠤᠨ ᠱᠦᠵᠢ ᠶᠢ ᠰᠤᠷᠪᠤᠯᠵᠢᠯᠠᠬᠤ ᠪᠠᠷ ᠠᠶᠠᠨ ᠤ ᠵᠢᠯᠤᠭᠤ ᠪᠠᠨ ᠵᠠᠯᠠᠪᠠ᠃ ᠵᠠᠮᠴᠢ ᠮᠢᠨᠢ ᠮᠠᠰᠢᠨ ᠲᠡᠷᠭᠡ ᠪᠠᠨ ᠪᠠᠷᠢᠭᠠᠳ ᠪᠠᠶᠠᠨᠴᠠᠭᠠᠨ ᠪᠠᠯᠭᠠᠰᠤ ᠶᠢᠨ ᠰᠠᠭᠤᠭ᠎ᠠ ᠭᠠᠵᠠᠷ ᠠᠴᠠ ᠬᠤᠶᠢᠰᠢ ᠬᠤᠷᠢᠭᠠᠳ ᠭᠠᠵᠠᠷ ᠲᠠᠪᠬᠢᠭᠤᠯᠤᠭᠠᠳ ᠵᠠᠮ ᠤᠨ ᠬᠠᠵᠠᠭᠤᠳᠡᠬᠢ ᠬᠤᠶᠠᠷ ᠮᠦᠷ ᠬᠤᠷᠢᠭᠠᠳ ᠮᠤᠩᠭᠤᠯ ᠭᠡᠷ ᠲᠠᠢ ᠠᠶᠢᠯ ᠤᠨ ᠭᠠᠳᠠᠨ᠎ᠠ ᠬᠦᠷᠴᠦ ᠵᠤᠭᠰᠤᠯ᠎ᠠ᠃ ᠡᠳᠡᠭᠡᠷ ᠮᠤᠩᠭᠤᠯ ᠭᠡᠷ ᠤᠳ ᠤᠨ ᠠᠷᠤ ᠳᠤ ᠡᠮᠦᠨᠡᠰᠢ ᠬᠠᠨᠳᠤᠭᠤᠯᠤᠨ ᠮᠤᠩᠭᠤᠯ ᠤᠨᠴᠠᠯᠢᠭ ᠲᠠᠢ ᠪᠠᠷ ᠪᠠᠷᠢᠵᠦ ᠰᠢᠷᠳᠡᠭᠰᠡᠨ ᠪᠠᠶᠢᠰᠢᠩ ᠳᠤ ᠬᠦᠷᠬᠦᠯᠡᠷ ᠦᠨᠳᠤᠷᠬᠡᠨ ᠪᠡᠶ᠎ᠠ᠂ ᠦᠷᠭᠡᠨ ᠮᠦᠷᠤ᠂ ᠬᠠᠨᠠᠭᠠᠷ ᠴᠡᠭᠡᠵᠢ᠂ ᠬᠦᠷᠦᠰᠦᠯᠢᠭ ᠪᠤᠷᠤ ᠴᠢᠷᠡᠢ ᠲᠠᠢ ᠢᠳᠡᠷ ᠨᠠᠰᠤᠨ ᠤ ᠡᠷ᠎ᠡ ᠮᠨᠨᠤᠰ ᠢ ᠤᠭᠳᠤᠨ ᠠᠪᠴᠠᠢ᠃ ︽ᠡᠨᠡ ᠪᠤᠯ ᠪᠠᠶᠠᠨᠨᠠᠭᠤᠷ ᠭᠠᠴᠠᠭ᠎ᠠ ᠶᠢᠨ ᠨᠠᠮ ᠤᠨ ᠡᠬᠦᠷ ᠤᠨ ᠱᠦᠵᠢ ᠨᠠᠶᠠᠨᠲᠠᠢ︾ ᠭᠡᠵᠦ ᠵᠠᠮᠴᠢ ᠮᠢᠨᠢ ᠲᠠᠨᠢᠯᠴᠠᠭᠤᠯᠤᠨ᠎ᠠ᠃
     ᠨᠠᠶᠠᠨᠳᠠᠢ ᠪᠤᠯ ᠭᠠᠴᠠᠭᠠᠨ ᠤ ᠪᠠᠨ ᠨᠠᠮ ᠤᠨ ᠡᠬᠦᠷ ᠤᠨ ᠱᠦᠵᠢ ᠶᠢᠨ ᠲᠤᠰᠢᠶᠠᠯ ᠳᠤ 18 ᠵᠢᠯ ᠵᠢᠳᠬᠦᠵᠦ ᠶᠠᠪᠤᠭᠰᠠᠨ ᠠᠬᠠᠮᠠᠳ ᠱᠦᠵᠢ᠂ ᠬᠠᠰᠢᠷ ᠮᠠᠯᠴᠢᠨ ᠶᠤᠮ᠃ ︽ᠰᠠᠶ᠋ᠢ ᠱᠦᠵᠢ ᠪᠤᠯᠬᠤ ᠳᠤ ᠬᠦᠮᠦᠰ ᠨᠠᠮᠠᠢᠢ ᠵᠠᠯᠠᠭᠤ ᠭᠡᠵᠦ ᠶᠠᠷᠢᠳᠠᠭ᠂ ᠤᠳᠤ ᠦᠲᠡᠯᠴᠢᠬᠡᠯ᠎ᠡ︾ ᠭᠡᠵᠦ ᠶᠦᠮᠦᠷᠯᠢᠭ ᠶᠠᠷᠢᠨ᠎ᠠ᠃ ᠪᠢᠳᠡ ᠨᠠᠶᠠᠨᠲᠠᠢ ᠱᠦᠵᠢ ᠲᠠᠢ ᠠᠳᠠᠯ ᠠᠮᠢᠳᠤᠷᠠᠯ ᠡᠨᠡ ᠲᠡᠷᠡ ᠶᠢ ᠶᠠᠷᠢᠯᠴᠠᠵᠦ ᠪᠠᠶᠢᠬᠤ ᠳᠤ ᠭᠠᠷ ᠤᠲᠠᠰᠤ ᠨᠢ ᠲᠠᠴᠢᠬᠢᠨᠠᠨ ᠲᠤᠤᠭᠠᠷᠤᠭᠰᠠᠨ ᠨᠢ ᠳᠠᠭᠠᠳᠬᠠᠯ ᠤᠨ ᠺᠤᠮᠫᠠᠨᠢ ᠠᠴᠠ ᠢᠷᠡᠭᠰᠡᠨ ᠤᠲᠠᠰᠤ ᠪᠠᠶᠢᠯ᠎ᠠ᠃ ︽ᠲᠠᠭᠠᠳᠬᠠᠯ ᠤᠨ ᠺᠤᠮᠫᠠᠨᠢ ᠠᠴᠠ ᠦᠬᠡᠷ ᠤᠨ ᠳᠠᠭᠠᠳᠬᠠᠯ ᠤᠨ ᠲᠤᠬᠠᠢ ᠤᠲᠠᠰᠤ ᠢᠷᠡᠵᠦ ᠪᠠᠶᠢᠨ᠎ᠠ᠂ ᠤᠳᠤ ᠮᠠᠨ ᠤ ᠭᠠᠴᠠᠭ᠎ᠠ ᠶᠢᠨ ᠮᠠᠯᠴᠢᠳ ᠦᠬᠡᠷ ᠢᠶᠠᠨ ᠪᠦᠷ ᠲᠠᠭᠠᠳᠬᠠᠯ ᠳᠤ ᠤᠷᠤᠭᠤᠯᠵᠤ ᠪᠤᠢ᠃ ᠦᠬᠡᠷ ᠨᠢᠬᠡᠪᠦᠷᠢ ᠶᠢ 100 ᠲᠦᠭᠦᠷᠢᠭ ᠢᠶᠠᠷ ᠲᠠᠭᠠᠳᠬᠠᠯ ᠳᠤ ᠤᠷᠤᠭᠤᠯᠵᠤ᠂ ᠬᠡᠷᠪᠡ ᠬᠡᠮ ᠬᠢᠵᠢᠭ᠂ ᠪᠠᠶᠢᠭᠠᠯᠢ ᠶᠢᠨ ᠭᠠᠮᠰᠢᠭ ᠵᠡᠷᠭᠡ ᠰᠢᠯᠲᠠᠭᠠᠨ ᠢᠶᠠᠷ ᠰᠦᠢᠳᠴᠦ ᠬᠤᠬᠢᠷᠠᠪᠠᠯ ᠪᠦᠲᠦᠬᠦᠨ ᠦᠬᠡᠷ ᠲᠤ ᠲᠦᠮᠡᠨ ᠲᠦᠭᠦᠷᠢᠭ ᠤᠨ ᠨᠦᠬᠦᠪᠤᠷᠢ ᠤᠯᠭᠤᠳᠠᠭ᠃ ᠡᠨᠡ ᠪᠤᠯ ᠮᠠᠯᠴᠢᠳ ᠲᠤ ᠠᠰᠢᠭᠲᠠᠢ ᠰᠠᠶᠢᠨ ᠲᠦᠷᠦ ᠶᠢᠨ ᠪᠤᠳᠤᠯᠭ᠎ᠠ ᠶᠤᠮ︾ ᠬᠡᠵᠤ ᠨᠠᠶᠠᠨᠲᠠᠢ ᠱᠦᠵᠢ ᠰᠤᠷᠪᠤᠯᠵᠢᠯᠠᠭᠴᠢ ᠳᠤ ᠲᠠᠶᠢᠯᠪᠤᠷᠢᠯᠠᠨ᠎ᠠ᠃
     ᠪᠠᠶᠠᠨᠨᠠᠭᠤᠷ ᠭᠠᠴᠠᠭ᠎ᠠ ᠴᠤᠯ ᠮᠠᠯᠵᠢᠬᠤ ᠭᠠᠴᠠᠭ᠎ᠠ ᠪᠤᠯᠪᠠᠴᠦ ᠬᠦᠮᠦᠨ ᠲᠤᠮᠳᠠᠴᠢ ᠳᠤ 216 ᠮᠦ ᠨᠤᠲᠤᠭ ᠪᠠᠯᠴᠢᠭᠡᠷ ᠯᠡ ᠨᠤᠭᠳᠠᠳᠠᠭ᠃ ᠨᠠᠶᠠᠨᠲᠠᠢ ᠱᠦᠵᠢ ᠶᠢᠨ ᠲᠠᠨᠢᠯᠴᠠᠭᠤᠯᠬᠤ ᠪᠠᠷ᠂ ᠪᠠᠶᠠᠨᠨᠠᠭᠤᠷ ᠭᠠᠴᠠᠭ᠎ᠠ ᠪᠡᠯᠴᠢᠭᠡᠷ ᠪᠠᠭ᠎ᠠ ᠮᠦᠷᠳᠡᠬᠡᠨ ᠤᠢᠢᠷ᠎ᠠ ᠶᠢᠨ ᠵᠢᠯ ᠳᠤ ᠮᠠᠯ ᠤᠨ ᠦᠨ᠎ᠡ ᠳᠤᠤᠷ᠎ᠠ ᠵᠠᠷᠤᠯᠭ᠎ᠠ ᠶᠡᠭᠡ ᠪᠠᠶᠢᠵᠤ᠂ ᠮᠠᠯ ᠮᠠᠯᠵᠢᠭᠠᠳ ᠤᠷᠤᠯᠭ᠎ᠠ ᠪᠠᠨ ᠨᠡᠮᠡᠭᠳᠡᠭᠦᠯᠬᠦ ᠳᠤ ᠬᠦᠴᠢᠷᠳᠡᠭᠰᠡᠨ ᠠᠴᠠ ᠤᠯᠠᠩᠬᠢ ᠵᠠᠯᠠᠭᠤᠴᠤᠳ ᠨᠢ ᠬᠦᠬᠡᠬᠤᠲᠡ᠂ ᠪᠤᠭᠤᠲᠤ᠂ ᠡᠷᠢᠶᠡᠨ ᠬᠤᠳᠠ ᠵᠡᠷᠬᠡ ᠭᠠᠵᠠᠷ ᠤᠳ ᠢᠶᠠᠷ ᠬᠤᠭᠤᠯᠠᠨ ᠭᠡᠷ ᠡᠵᠡᠩᠨᠡᠨ ᠺᠤᠮᠫᠠᠨᠢ ᠪᠠᠶᠢᠭᠤᠯᠵᠤ ᠦᠶ᠋ᠯᠡᠰ ᠪᠤᠰᠬᠠᠬᠤ ᠵᠠᠮ ᠢᠶᠠᠷ ᠤᠬᠠᠭᠠᠨ ᠬᠦᠴᠦ ᠪᠠᠨ ᠰᠢᠪᠬᠠᠵᠤ ᠪᠠᠶᠢᠭ᠎ᠠ ᠠᠵᠢ᠃
     ︽ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠢᠯᠡᠳᠭᠡᠯ ᠳᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ᠂ ᠠᠮᠢ ᠠᠬᠤᠢ ᠶᠢ ᠬᠠᠮᠠᠭᠠᠯᠠᠬᠤ ᠵᠡᠷᠭᠡ ᠤᠯᠠᠨ ᠲᠠᠯ᠎ᠠ ᠪᠠᠷ ᠮᠠᠯᠴᠢᠨ ᠲᠠᠷᠢᠶᠠᠴᠢᠨ ᠳᠤ ᠠᠰᠢᠭᠲᠠᠢ ᠵᠦᠢᠯᠡᠰ ᠢ ᠲᠤᠷᠠᠳᠤᠭᠰᠠᠨ ᠪᠠᠶᠢᠨ᠎ᠠ᠃ ᠮᠠᠨ ᠤ ᠭᠠᠴᠠᠭ᠎ᠠ ᠶᠢᠨ ᠬᠢᠨ ᠮᠠᠯᠴᠢᠳ ᠢ ᠲᠠᠭᠠᠭᠤᠯᠤᠨ ᠭᠠᠯᠲᠤ ᠠᠭᠤᠯᠠᠨ ᠠᠴᠠ ᠤᠢᠢᠷ᠎ᠠ ᠪᠠᠶᠢᠭ᠎ᠠ ᠳᠠᠪᠠᠭᠤᠯᠢᠬ ᠲᠠᠭᠠᠨ ᠲᠦᠰᠢᠭᠯᠡᠨ ᠭᠠᠯᠲᠤ ᠠᠭᠤᠯᠠ ᠰᠤᠨᠢᠷᠬᠠᠬᠤ ᠪᠠᠷ ᠢᠷᠡᠭᠰᠡᠨ ᠵᠤᠭᠠᠴᠠᠭᠰᠠᠳ ᠢ ᠮᠤᠩᠭᠤᠯ ᠬᠡᠷ ᠲᠤ ᠰᠠᠭᠤᠯᠭᠠᠨ ᠮᠤᠩᠭᠤᠯ ᠶᠤᠰᠤ ᠪᠠᠷ ᠢᠶᠠᠨ ᠵᠤᠴᠢᠯᠠᠵᠤ᠂ ᠦᠨᠳᠤᠰᠤᠳᠡᠨ ᠤ ᠵᠠᠩ ᠦᠢᠯᠡ ᠪᠤᠯᠤᠨ ᠪᠠᠶᠢᠭᠠᠯᠢ ᠶᠢᠨ ᠦᠵᠡᠮᠵᠢ ᠶᠢ ᠤᠶᠠᠯᠳᠤᠭᠤᠯᠤᠭᠰᠠᠨ ᠵᠤᠭᠠᠴᠠᠯ ᠤᠨ ᠦᠢᠯᠡᠰ ᠢ ᠬᠦᠴᠦᠯᠡᠨ ᠬᠦᠭᠵᠢᠬᠦᠯᠵᠤ᠂ ᠭᠠᠴᠠᠭ᠎ᠠ ᠪᠠᠨ ᠬᠦᠭᠵᠢᠬᠦᠯᠦᠨ ᠮᠠᠨᠳᠤᠭᠤᠯᠬᠤ ᠶᠢ ᠲᠤᠯᠭᠠᠭᠤᠷᠢ ᠠᠵᠤ ᠦᠢᠯᠡᠰ ᠪᠤᠯᠭᠠᠬᠤ ᠶᠢ ᠬᠠᠶᠢᠨ ᠰᠦᠪᠡᠭᠴᠢᠯᠡᠵᠤ ᠪᠤᠢ︾ ᠬᠡᠵᠤ ᠨᠠᠶᠠᠨᠲᠠᠢ ᠪᠤᠳᠤᠯ ᠢᠶᠠᠨ ᠲᠡᠯᠭᠡᠨ᠎ᠠ᠃ ᠲᠡᠷᠡ ᠮᠠᠯᠵᠢᠬᠤ ᠤᠷᠤᠨ ᠤ ᠵᠤᠭᠠᠴᠠᠯ ᠤᠨ ᠴᠢᠬ ᠢᠶᠠᠷ ᠤᠯᠠᠨᠲᠠ ᠲᠤᠭᠤᠷᠢᠵᠦ ᠤᠢᠢᠯᠠᠭᠠᠭᠰᠠᠨ ᠤᠯᠤᠯᠲᠠ ᠲᠦᠷᠦᠭᠳᠡᠯ ᠢᠶᠠᠨ ᠰᠤᠷᠪᠤᠯᠵᠢᠯᠠᠭᠴᠢ ᠳᠤ᠄ ︽ᠮᠠᠨ ᠤ ᠤᠷᠤᠨ ᠤ ᠬᠦᠳᠡᠭᠡ ᠲᠤᠰᠬᠤᠨ ᠤ ᠤᠯᠠᠩᠬᠢ ᠵᠤᠭᠠᠴᠠᠯ ᠤᠨ ᠭᠠᠵᠡᠷ ᠤᠨ ᠵᠤᠭᠠᠴᠠᠯ ᠤᠨ ᠠᠭᠤᠯᠭ᠎ᠠ ᠨᠡᠯᠢᠶᠡᠳ ᠲᠠᠩ ᠴᠤᠯᠭᠤᠢ ᠪᠠᠶᠢᠭᠰᠠᠭᠠᠷ᠃ ᠪᠢᠳᠡ ᠲᠠᠷᠠᠭᠠᠴᠢ ᠪᠠᠷ ᠭᠠᠯᠲᠤ ᠠᠭᠤᠯᠠᠨ ᠤ ᠵᠤᠭᠠᠴᠠᠯ ᠳᠤ ᠭᠠᠯᠲᠤ ᠠᠭᠤᠯᠠ ᠰᠤᠨᠢᠷᠬᠠᠬᠤ ᠠᠴᠠ ᠭᠠᠳᠠᠨ᠎ᠠ ᠲᠠᠯ᠎ᠠ ᠨᠤᠲᠤᠭ ᠢᠶᠠᠷ ᠰᠡᠯᠡᠬᠦᠴᠡᠨ ᠲᠤᠭᠤᠷᠢᠬᠤ᠂ ᠮᠤᠩᠭᠤᠯ ᠦᠨᠳᠤᠰᠤᠲᠡᠨ ᠤ ᠵᠠᠩ ᠦᠢᠯᠡ ᠶᠢ ᠪᠡᠶᠡᠴᠢᠯᠡᠨ ᠤᠢᠢᠯᠠᠭᠠᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠷᠤᠭᠤᠯᠵᠤ᠂ ᠵᠤᠭᠠᠴᠠᠯ ᠤᠨ ᠠᠭᠤᠯᠭ᠎ᠠ ᠶᠢ ᠡᠯᠪᠡᠭᠵᠢᠭᠦᠯᠦᠨ ᠨᠡᠩ ᠤᠯᠠᠨ ᠵᠤᠭᠠᠴᠠᠭᠰᠠᠳ ᠢ ᠲᠡᠳᠠᠨ ᠠᠪᠴᠢᠷᠠᠨ᠎ᠠ︾ ᠬᠡᠵᠤ ᠶᠠᠷᠢᠯ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号