ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠠᠯᠲᠡ ᠶᠢᠨ ᠤᠢᠢᠯᠡᠳᠤᠯ ᠢ ᠬᠦᠢᠴᠡᠳ ᠪᠠᠳᠠᠷᠠᠭᠤᠯᠤᠨ᠎ᠠ
2017-12-31 12:25:13
ᠵᠣᠬᠢᠶᠠᠭᠴᠢ᠄ 
ᠭᠤᠸ᠎ᠠ ᠬᠠᠢ ᠵᠢᠶᠦ᠋ᠨ
ᠣᠩᠰᠢᠭᠰᠠᠨ ᠣᠳᠠᠭ᠎ᠠ᠄ 
★★★☆☆

          — ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤ ᠶᠢᠨ ᠪᠸᠢ ᠳ᠋ᠤᠤ ᠺᠸᠤ
              ᠨᠠᠶᠢᠭᠡᠮ ᠲᠤᠭᠤᠷᠢᠭ ᠤᠨ ᠨᠠᠮ ᠤᠨ ᠡᠬᠦᠷ  ᠎ ᠤᠨ ᠱᠦᠵᠢ ᠨᠢᠤ ᡁᠢ ᠶᠢ ᠰᠤᠷᠪᠤᠯᠵᠢᠯᠠᠭᠰᠠᠨ  ᠎ ᠨᠢ

    12 ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠰᠤᠷᠪᠤᠯᠵᠢᠯᠠᠭᠴᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠠᠨᠴᠠᠭᠠᠨ ᠪᠠᠯᠭᠠᠰᠤ ᠶᠢᠨ ᠪᠸᠢ ᠳ᠋ᠤᠤ ᠺᠸᠤ ᠨᠠᠶᠢᠭᠡᠮ ᠲᠤᠭᠤᠷᠢᠭ ᠤᠨ ᠠᠯᠪᠠᠨ ᠠᠰᠠᠷ ᠲᠤ ᠬᠦᠷᠴᠦ᠂ ᠪᠸᠢ ᠳ᠋ᠤᠤ ᠺᠸᠤ ᠨᠠᠶᠢᠭᠡᠮ ᠲᠤᠭᠤᠷᠢᠭ ᠤᠨ ᠨᠠᠮ ᠤᠨ ᠡᠬᠦᠷ ᠤᠨ ᠱᠦᠵᠢ ᠨᠢᠤ ᡁᠢ ᠶᠢ ᠰᠤᠷᠪᠤᠯᠵᠢᠯᠠᠪᠠ᠃

    ᠪᠸᠢ ᠳ᠋ᠤᠤ ᠺᠸᠤ ᠨᠠᠶᠢᠭᠡᠮ ᠲᠤᠭᠤᠷᠢᠭ ᠪᠠᠶᠠᠨᠴᠠᠭᠠᠨ ᠪᠠᠯᠭᠠᠰᠤ ᠶᠢᠨ ᠬᠤᠶᠢᠲᠤ ᠲᠠᠯ᠎ᠠ ᠳᠤ ᠪᠠᠶᠢᠷᠢᠯᠠᠵᠤ᠂ ᠬᠠᠷᠢᠶᠠᠨ ᠳᠤᠨᠢ 1600 ᠭᠠᠷᠤᠢ ᠡᠷᠤᠬᠡ᠂ 4000 ᠭᠠᠷᠤᠢ ᠬᠦᠮᠦᠨ ᠠᠮᠠ ᠲᠠᠢ ᠶᠤᠮ᠃ ᠪᠸᠢ ᠳ᠋ᠤᠤ ᠺᠸᠤ ᠨᠠᠶᠢᠭᠡᠮ ᠲᠤᠭᠤᠷᠢᠭ ᠤᠨ ᠠᠯᠪᠠᠨ ᠠᠰᠠᠷ ᠲᠤ ᠤᠷᠤᠬᠤ ᠳᠤ᠂ ᠲᠠᠨᠢᠯᠴᠠᠭᠤᠯᠭ᠎ᠠ ᠶᠢᠨ ᠬᠠᠨ᠎ᠠ ᠳᠤᠨᠢ ᠨᠡᠶᠢᠬᠡᠮ ᠲᠤᠭᠤᠷᠢᠭ ᠤᠨ ᠨᠠᠷᠢᠨ ᠪᠠᠶᠢᠳᠠᠯ ᠤᠨ ᠲᠠᠨᠢᠯᠴᠠᠭᠤᠯᠭ᠎ᠠ ᠪᠢᠴᠢᠬᠡᠰᠤᠳᠠᠢ ᠮᠦᠷᠳᠡᠬᠡᠨ ᠲᠤᠤᠷᠠᠳᠤ ᠬᠡᠰᠡᠭ ᠲᠤᠨᠢ ᠨᠠᠮ ᠤᠨ ᠡᠭᠦᠷ ᠤᠨ ︽ᠲᠠᠪᠤᠨ ᠦᠷᠤᠬᠡ ᠨᠢᠭᠡ ᠦᠷᠳᠡᠭᠡ︾ ᠡᠶ᠎ᠡ ᠵᠤᠬᠢᠴᠠᠩᠭᠤᠢ ᠪᠸᠢ ᠳ᠋ᠤᠤ ᠺᠸᠤ ᠨᠠᠶᠢᠭᠡᠮ ᠲᠤᠭᠤᠷᠢᠭ ᠢ ᠴᠤᠭᠴᠠᠯᠠᠬᠤ ᠤᠢᠢᠯᠡᠴᠢᠯᠠᠭᠡᠨ ᠤ ᠭᠤᠤᠯ ᠰᠡᠳᠤᠪ ᠂ ︽ᠲᠠᠪᠤᠨ ᠠᠵᠢᠯ︾ ᠤᠨᠴᠠᠯᠢᠭᠲᠤ ᠠᠵᠢᠯᠯᠠᠬᠤ ᠠᠷᠭ᠎ᠠ ᠵᠡᠷᠭᠡ ᠶᠢ ᠲᠡᠮᠳᠡᠭᠯᠡᠵᠤ ᠪᠠᠶᠢᠪᠠ᠃

    — ᠮᠠᠨ ᠤ ᠨᠠᠶᠢᠭᠡᠮ ᠲᠤᠭᠤᠷᠢᠭ ᠲᠤ ᠡᠪᠡᠳᠴᠢᠨ ᠲᠠᠢ ᠵᠡᠮᠳᠡᠭ ᠬᠦᠮᠦᠨ᠂ ᠬᠡᠷ ᠲᠡᠭᠡᠨ ᠬᠤᠴᠤᠷᠤᠭᠰᠠᠨ ᠬᠡᠤᠬᠡᠳ᠂ ᠠᠵᠢᠯ ᠠᠯᠳᠠᠭᠰᠠᠨ ᠠᠵᠢᠯᠲᠡᠨ ᠤᠯᠠᠨ ᠪᠠᠶᠢᠭ᠎ᠠ ᠪᠤᠲᠠᠲᠠᠢ ᠪᠠᠶᠢᠳᠠᠯ ᠳᠤ ᠵᠤᠬᠢᠴᠠᠭᠤᠯᠤᠨ ᠪᠢᠳᠡ ︽ᠲᠠᠪᠤᠨ ᠦᠷᠤᠬᠡ ᠨᠢᠭᠡ ᠦᠷᠳᠡᠭᠡ︾ ᠢ ᠎ᠠ ᠵᠤᠬᠢᠴᠠᠩᠭᠤᠢ ᠪᠸᠢ ᠳ᠋ᠤᠤ ᠺᠸᠤ ᠨᠠᠶᠢᠭᠡᠮ ᠲᠤᠭᠤᠷᠢᠭ ᠢ ᠴᠤᠭᠴᠠᠯᠠᠬᠤ ᠤᠢᠢᠯᠡᠴᠢᠯᠠᠭᠡᠨ ᠤ ᠭᠤᠤᠯ ᠰᠡᠳᠤᠪ ᠢ ᠲᠤᠷᠠᠳᠤᠭᠰᠠᠨ ᠪᠠᠶᠢᠨ᠎ᠠ᠃ ᠲᠡᠷᠡ ᠨᠢ ᠠᠷᠠᠳ ᠳᠤ ᠤᠢᠢᠯᠠᠴᠢᠯᠡᠬᠦ ᠶᠡᠭᠡ ᠲᠢᠩᠬᠢᠮ ᠤᠨ ︽ᠬᠡᠷᠡᠯ ᠬᠢᠯᠪᠠᠭᠠᠲᠤ ᠦᠷᠤᠭᠡ︾᠂ ᠡᠮ ᠡᠮᠨᠡᠯᠭᠡ ᠶᠢᠨ ᠤᠢᠢᠯᠡᠴᠢᠯᠡᠭᠡ ᠬᠠᠨᠭ᠍ᠭᠠᠬᠤ ᠭᠠᠵᠠᠷ ᠤᠨ ︽ᠡᠷᠡᠬᠦᠯ ᠡᠩᠬᠡ ᠶᠢᠨ ᠦᠷᠤᠭᠡ︾᠂ ᠰᠠᠭᠤᠭᠠᠯᠢ ᠠᠷᠠᠳ ᠤᠨ ᠰᠡᠯᠡᠬᠦᠴᠡᠨ ᠨᠠᠭᠠᠳᠬᠤ ᠭᠠᠵᠠᠷ ᠤᠨ ︽ᠬᠦᠳᠡᠯᠭᠡᠭᠡᠨ ᠤ ᠦᠷᠤᠭᠡ︾᠂ ᠪᠠᠭᠠᠴᠤᠳ ᠬᠡᠤᠬᠡᠳ ᠤᠨ ᠨᠠᠭᠠᠳᠤᠨ ᠲᠤᠭᠯᠠᠬᠤ ᠭᠠᠵᠠᠷ ᠤᠨ ︽ᠬᠠᠶᠢᠷ ᠎ᠠ ᠬᠠᠯᠠᠮᠵᠢ ᠶᠢᠨ ᠦᠷᠤᠭᠡ︾᠂ ᠨᠤᠮ ᠦᠵᠡᠬᠦ ᠭᠠᠵᠠᠷ ᠤᠨ ︽ᠰᠤᠷᠤᠯᠴᠠᠯᠭ᠎ᠠ ᠶᠢᠨ ᠦᠷᠦᠭᠡ︾ ᠪᠤᠯᠤᠨ ᠲᠤᠮᠳᠠᠳᠤ ᠤᠯᠤᠰ ᠤᠨ ᠡᠪ ᠬᠠᠮᠳᠤ ᠨᠠᠮ ᠤᠨ ᠦᠡᠭᠭᠡ ᠬᠡᠷᠡᠯᠲᠤ ᠲᠡᠤᠬᠡ ᠶᠢ ᠲᠠᠨᠢᠯᠴᠠᠭᠤᠯᠤᠭᠰᠠᠨ ᠲᠠᠯᠭᠡᠨ ᠦᠵᠡᠬᠦᠯᠦᠯᠬᠡ ᠶᠢᠨ ᠦᠷᠲᠡᠭᠡ ᠪᠦᠷᠢᠯᠳᠤᠪᠡ ᠬᠡᠵᠤ ᠨᠢᠤ ᡁᠢ ᠲᠠᠨᠢᠯᠴᠠᠭᠤᠯᠤᠨ᠎ᠠ᠃

    ᠲᠠᠬᠦᠨ ᠤ ᠬᠡᠯᠡᠬᠦ ᠪᠠᠷ᠂ ᠲᠤᠰ ᠨᠡᠶᠢᠬᠡᠮ ᠲᠤᠭᠤᠷᠢᠭ ᠤᠨ ᠬᠢᠨ ᠡᠷᠤᠬᠡ ᠳᠤ ᠬᠦᠨᠵᠡᠭᠡᠶᠢᠷᠡᠨ ᠪᠠᠶᠢᠳᠠᠯ ᠢ ᠤᠢᠢᠯᠠᠭᠠᠬᠤ᠂ ᠶᠠᠷᠢᠯᠴᠠᠨ ᠤᠢᠢᠯᠠᠭᠠᠵᠤ ᠠᠷᠠᠳ ᠤᠨ ᠰᠠᠨᠠᠯ ᠪᠤᠳᠤᠯ ᠢ ᠰᠤᠨᠤᠰᠬᠤ᠂ ᠠᠷᠠᠳ ᠤᠨ ᠬᠦᠴᠢᠷᠳᠡᠯ ᠢ ᠮᠦᠷᠳᠡᠨ ᠰᠢᠢᠳᠪᠤᠷᠢᠯᠡᠬᠦ᠂ ᠬᠤᠭᠤᠴᠠᠭ᠎ᠠ ᠲᠠᠢ ᠪᠠᠷ ᠬᠠᠷᠢᠭᠤ ᠦᠭᠴᠤ ᠠᠷᠠᠳ ᠤᠨ ᠰᠡᠳᠬᠢᠯ ᠢ ᠠᠮᠤᠷᠵᠢᠭᠤᠯᠬᠤ᠂ ᠡᠷᠤᠬᠡ ᠳᠤ ᠬᠦᠨᠵᠡᠭᠡᠶᠢᠷᠡᠨ ᠬᠠᠷᠢᠭᠤ ᠠᠶᠢᠯᠴᠢᠯᠠᠯᠲᠠ ᠬᠢᠵᠤ ᠠᠷᠠᠳ ᠤᠨ ᠰᠠᠨᠠᠭ᠎ᠠ ᠳᠤ ᠨᠠᠶᠢᠴᠡᠭᠦᠯᠬᠦ ︽ᠲᠠᠪᠤᠨ ᠠᠵᠢᠯ︾᠎ ᠢ ᠪᠠᠶᠢᠩᠭᠤᠵᠢᠭᠤᠯᠵᠤ ᠪᠤᠢ᠃

    ︽ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠢᠯᠡᠳᠭᠡᠯ ᠳᠤ ᠨᠠᠮ ᠤᠨ ᠦᠨᠳᠤᠰᠤᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢ ᠴᠢᠩᠭᠠᠳᠬᠠᠬᠤ ᠬᠡᠷᠡᠭᠲᠠᠢ ᠬᠡᠵᠤ ᠲᠤᠷᠠᠳᠪᠠ᠃ ᠮᠠᠨ ᠤ ᠨᠠᠶᠢᠭᠡᠮ ᠲᠤᠭᠤᠷᠢᠭ ᠤᠨ ᠨᠠᠮ ᠤᠨ ᠡᠭᠦᠷ ᠨᠠᠮ ᠤᠨ ᠵᠤᠬᠢᠶᠠᠨ ᠪᠠᠶᠢᠭᠤᠯᠤᠯᠲᠠ ᠪᠠ ᠨᠠᠮ ᠤᠨ ᠬᠡᠰᠢᠭᠦᠳ ᠤᠨ ᠵᠢᠱᠢᠶ᠎ᠠ ᠦᠵᠡᠬᠦᠯᠦᠨ ᠲᠠᠭᠠᠭᠤᠯᠬᠤ ᠤᠢᠢᠯᠡᠳᠤᠯ ᠢ ᠬᠦᠢᠴᠡᠳ ᠪᠠᠳᠠᠷᠠᠭᠤᠯᠤᠨ 500 ᠡᠷᠤᠬᠡ ᠶᠢᠨ ᠲᠦᠬᠦᠮ ᠪᠦᠲᠦᠴᠡᠲᠤ ᠤᠷᠤᠨ ᠰᠠᠭᠤᠴᠠ ᠶᠢ ᠰᠢᠨᠡᠳᠭᠡᠨ ᠵᠠᠰᠠᠬᠤ ᠠᠵᠢᠯ ᠳᠤ ᠴᠢᠬᠤᠯᠠ ᠠᠬᠢᠭᠤᠯᠬᠤ ᠤᠢᠢᠯᠡᠳᠤᠯ ᠦᠵᠡᠭᠦᠯᠵᠠᠢ᠃ ᠲᠠᠷᠠᠭᠠᠴᠢ ᠪᠠᠷ ᠪᠢᠳᠡ ᠨᠡᠩ ᠰᠠᠶᠢᠳᠤᠷ ᠴᠢᠷᠮᠠᠶᠢᠨ ᠠᠵᠢᠯᠯᠠᠵᠤ᠂ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠪᠤᠳᠠᠳᠤ ᠴᠢᠳᠠᠪᠤᠷᠢ ᠪᠠᠨ ᠲᠡᠭᠡᠭᠰᠢᠯᠡᠭᠦᠯᠦᠨ ᠨᠡᠮ ᠤᠨ ᠲᠦᠷᠤ ᠶᠢᠨ ᠪᠤᠳᠤᠯᠭ᠎ᠠ᠂ ᠲᠦᠷᠢᠮ ᠲᠤᠭᠳᠠᠭᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠠᠯᠲᠡ ᠶᠢᠨ ᠤᠢᠢᠯᠡᠳᠤᠯ ᠢ ᠬᠦᠢᠴᠡᠳ ᠪᠠᠳᠠᠷᠠᠭᠤᠯᠤᠨ᠎ᠠ︾ ᠬᠡᠵᠤ ᠨᠢᠤ ᡁᠢ ᠰᠤᠷᠪᠤᠯᠵᠢᠯᠠᠭᠴᠢ ᠳᠤ ᠶᠠᠷᠢᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠰᠠᠴᠣᠷᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号