ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠥᠨᠳᠦᠷ  ᠬᠤᠷᠳᠤᠴᠠᠲᠤ ᠲᠡᠮᠦᠷ ᠵᠠᠮ  —— ᠴᠢᠭᠤᠯᠤᠯᠲᠤ  ᠬᠠᠭᠠᠯᠭ᠎ᠠ ᠠᠴᠠ ᠬᠥᠬᠡᠬᠤᠲᠠ  ᠬᠦᠷᠬᠦ ᠥᠨᠳᠦᠷ ᠬᠤᠷᠳᠤᠴᠠᠲᠤ ᠲᠡᠮᠦᠷ ᠵᠠᠮ ᠨᠡᠪᠲᠡᠷᠡᠪᠡ
2017-08-07 10:33:07
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
      ᠬᠥᠬᠡᠬᠤᠲᠠ ᠶᠢᠨ  ᠡᠳᠦᠷ ᠤᠨ  ᠰᠣᠨᠢᠨ ᠤ  ᠮᠡᠳᠡᠭᠡ  ᠰᠤᠷᠪᠤᠯᠵᠢᠯᠠᠭᠴᠢ  ᠬᠥᠬᠡᠬᠤᠲᠠ ᠶᠢᠨ  ᠲᠡᠮᠦᠷ  ᠵᠠᠮ ᠤᠨ ᠲᠣᠪᠴᠢᠶᠠᠨ ᠠᠴᠠ ᠣᠶᠢᠯᠭᠠᠭᠰᠠᠨ ᠢᠶᠠᠷ᠂ ᠥᠨᠥᠳᠦᠷ᠂  ᠥᠪᠥᠷ  ᠮᠣᠩᠭᠤᠯ ᠤᠨ  ᠰᠢᠨ᠎ᠡ ᠪᠠᠷ  ᠪᠠᠶᠢᠭᠤᠯᠤᠭᠰᠠᠨ  ᠠᠩᠬᠠᠳᠠᠭᠴᠢ ᠴᠤᠪᠤᠭ᠎ᠠ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠥᠨᠳᠦᠷ ᠬᠤᠷᠳᠤᠴᠠᠲᠤ ᠲᠡᠮᠦᠷ  ᠵᠠᠮ ᠤᠨ  ᠤᠯᠠᠭᠠᠨᠴᠠᠪ   ᠠᠴᠠ ᠬᠥᠬᠡᠬᠤᠲᠠ ᠵᠡᠭᠦᠨ ᠦᠷᠲᠡᠭᠡ ᠬᠦᠷᠬᠦ ᠵᠠᠢ ᠵᠢᠩᠬᠢᠨᠢ ᠪᠠᠷ  ᠲᠡᠷᠭᠡ  ᠨᠡᠪᠲᠡᠷᠡᠪᠡ᠃  ᠬᠥᠬᠡᠬᠤᠲᠠ ᠶᠢᠨ  ᠵᠡᠭᠦᠨ  ᠥᠷᠲᠡᠭᠡ ᠠᠴᠠ ᠤᠯᠠᠭᠠᠨᠴᠠᠪ  ᠬᠦᠷᠬᠦ ᠳᠤ  ᠲᠦᠴᠢᠬᠡᠨ ᠮᠢᠨᠦ᠋ᠲ ᠤᠷᠤᠨ᠎ᠠ᠃   
        ᠴᠢᠭᠤᠯᠤᠯᠲᠤ ᠬᠠᠭᠠᠯᠭ᠎ᠠ ᠠᠴᠠ ᠬᠥᠬᠡᠬᠤᠲᠠ  ᠬᠦᠷᠬᠦ  ᠥᠨᠳᠥᠷ  ᠬᠤᠷᠳᠤᠴᠠᠲᠤ  ᠲᠡᠮᠦᠷ  ᠵᠠᠮ  ︵ᠤᠯᠠᠭᠠᠨᠴᠠᠪ ᠠᠴᠠ ᠬᠥᠬᠡᠬᠤᠲᠠ ᠵᠡᠭᠦᠨ ᠬᠡᠰᠡᠭ ᠬᠦᠷᠬᠦ ᠵᠠᠢ︶  ᠬᠥᠬᠡᠬᠤᠲᠠ ᠶᠢᠨ ᠵᠡᠭᠦᠨ ᠥᠷᠲᠡᠭᠡ  ᠠᠴᠠ ᠭᠠᠷᠴᠤ ᠵᠠᠮ ᠳᠠᠭᠠᠤ ᠵᠢᠰᠢᠶ᠎ᠡ  ᠠᠶᠢᠯ ᠤᠨ ᠡᠮᠦᠨ᠎ᠡ ᠥᠷᠲᠡᠭᠡ᠂ ᠵᠦᠸᠧᠽᠢ ᠵᠡᠭᠦᠨ ᠥᠷᠲᠡᠭᠡ ᠪᠠᠷ ᠥᠩᠭᠡᠷᠡᠨ ᠬᠠᠮᠤᠭ ᠡᠴᠦᠰ ᠲᠤ ᠣᠯᠠᠭᠠᠨᠴᠠᠪ ᠥᠷᠲᠡᠭᠡ ᠳᠤ ᠬᠦᠷᠦᠨ᠎ᠡ᠂ ᠵᠠᠮ ᠤᠨ ᠪᠦᠬᠦ ᠣᠷᠳᠣ ᠨᠢ 126 ᠺᠢᠯᠣᠮᠧᠲᠷ᠂ ᠡᠵᠡᠩᠨᠡᠬᠦ ᠬᠤᠷᠳᠤᠴᠠ ᠨᠢ 250 ᠺᠢᠯᠣᠮᠧᠲᠷ \ ᠴᠠᠭ ᠪᠣᠯᠣᠨ᠎ᠠ᠃              ᠣᠶᠢᠯᠠᠭᠠᠭᠰᠠᠨ ᠢᠶᠠᠷ᠂ ᠥᠨᠥᠳᠦᠷ᠂ ᠬᠥᠬᠡᠬᠤᠲᠠ ᠶᠢᠨ  ᠲᠡᠮᠦᠷ  ᠵᠠᠮ ᠤᠨ  ᠲᠣᠪᠴᠢᠶ᠎ᠠ ᠶᠢᠨ ᠬᠢᠨ  ᠬᠥᠬᠡᠬᠤᠲᠠ ᠶᠢᠨ ᠵᠡᠭᠦᠨ ᠥᠷᠲᠡᠭᠡ ᠠᠴᠠ ᠪᠤᠭᠤᠲᠤ ᠬᠦᠷᠲᠡᠯ᠎ᠡ 6 ᠬᠤᠣᠰ᠂ ᠬᠥᠬᠡᠬᠤᠲᠠ ᠶᠢᠨ ᠵᠡᠭᠦᠨ ᠥᠷᠲᠡᠭᠡ ᠠᠴᠠ ᠣᠷᠳᠣᠰ ᠬᠦᠷᠲᠡᠯ᠎ᠡ ᠨᠢᠭᠡ ᠴᠤᠪᠤᠭ᠎ᠠ᠂ ᠬᠥᠬᠡᠬᠤᠲᠠ ᠶᠢᠨ ᠵᠡᠭᠦᠨ ᠥᠷᠲᠡᠭᠡ ᠠᠴᠠ ᠤᠯᠠᠭᠠᠨᠴᠠᠪ ᠬᠦᠷᠲᠡᠯ᠎ᠡ  1.5  ᠬᠤᠣᠰ᠂  ᠪᠤᠭᠤᠲᠤ ᠠᠴᠠ  ᠵᠢᠨᠢᠩ ᠤᠨ ᠡᠮᠦᠨ᠎ᠡ ᠬᠦᠷᠲᠡᠯ᠎ᠡ 2 ᠬᠤᠣᠰ᠂ ᠪᠤᠭᠤᠲᠤ ᠠᠴᠠ ᠤᠯᠠᠭᠠᠨᠴᠠᠪ ᠬᠦᠷᠲᠡᠯ᠎ᠡ 2 ᠬᠤᠣᠰ᠂ ᠵᠢᠨᠢᠩ ᠤᠨ  ᠡᠮᠦᠨ᠎ᠡ   ᠠᠴᠠ  ᠣᠷᠳᠣᠰ ᠬᠦᠷᠲᠡᠯ᠎ᠡ 1 ᠬᠤᠤᠰ᠂ ᠨᠡᠶᠢᠲᠡ 13.5  ᠬᠤᠣᠰ  ᠴᠤᠪᠣᠭ᠎ᠠ  ᠲᠡᠷᠭᠡ  ᠲᠣᠬᠢᠷᠠᠭᠤᠯᠵᠠᠢ᠂  ᠪᠦᠬᠦᠨ ᠢᠶᠠᠷ ᠢᠶᠠᠨCRH5A ᠮᠠᠶ᠋ᠢᠭ ᠤᠨ ᠲᠡᠷᠭᠡᠨ ᠰᠠᠭᠤᠷᠢ ᠶᠢ ᠬᠡᠷᠡᠭᠯᠡᠵᠦ ᠨᠡᠶᠢᠲᠡ 622 ᠰᠠᠭᠤᠳᠠᠯ᠂  ᠪᠢᠯᠧᠲ ᠤᠨ  ᠦᠨ᠎ᠡ ᠨᠢ  ᠬᠤᠶᠠᠳᠤᠭᠠᠷ  ᠳᠡᠰ ᠤᠨ ᠰᠠᠭᠤᠳᠠᠯ 44 ᠲᠥᠭᠦᠷᠢᠭ᠂ ᠨᠢᠭᠡᠳᠦᠭᠡᠷ ᠳᠡᠰ ᠤᠨ ᠰᠠᠭᠤᠳᠠᠯ 53 ᠲᠥᠭᠦᠷᠢᠭ ᠪᠣᠯᠤᠨ᠎ᠠ᠃       
      ᠬᠥᠬᠡᠬᠤᠲᠠ ᠳᠡᠮᠦᠷ ᠵᠠᠮ ᠤᠨ ᠲᠣᠪᠴᠢᠶ᠎ᠠ  ᠠᠴᠠ ᠠᠩᠬᠠᠷᠠᠭᠤᠯᠬᠤ ᠳᠠᠭᠠᠨ᠂ 8 ᠰᠠᠷ᠎ᠠ ᠶᠢᠨ  2  ᠤ  ᠡᠳᠦᠷ ᠤᠨ11 ᠴᠠᠭ38 ᠮᠢᠨᠦ᠋ᠲ ᠠᠴᠠ ᠴᠢᠭᠤᠯᠤᠯᠲᠤ ᠬᠠᠭᠠᠯᠭ᠎ᠠ ᠠᠴᠠ ᠬᠥᠬᠡᠬᠤᠲᠠ ᠬᠦᠷᠬᠦ ᠥᠨᠳᠦᠷ ᠬᠤᠷᠳᠤᠴᠠᠲᠤ ᠲᠡᠮᠦᠷ ᠵᠠᠮ ᠤᠨ  ᠲᠡᠷᠭᠡᠨ ᠪᠢᠯᠧᠲ  ᠬᠤᠲᠠᠯᠳᠤᠨ᠎ᠠ᠃ ᠠᠶᠠᠨᠴᠢᠳ ᠳᠤᠮᠳᠠᠳᠤ ᠤᠯᠤᠰ ᠤᠨ ᠲᠡᠮᠦᠷ ᠵᠠᠮ ᠤᠨ  ᠠᠶᠠᠨᠴᠢᠳ ᠤᠨ  ᠦᠢᠯᠡᠴᠢᠯᠡᠭᠡᠨ  ᠤ  ᠲᠥᠪ ᠰᠦᠯᠵᠢᠶ᠎ᠡ www .12306. cn᠂ ᠲᠡᠷᠭᠡᠨ ᠥᠷᠲᠡᠭᠡᠨ ᠤ ᠪᠢᠯᠧᠲ  ᠬᠤᠳᠠᠯᠳᠤᠬᠤ  ᠲᠢᠩᠬᠢᠮ᠂  ᠲᠡᠷᠭᠡᠨ  ᠪᠢᠯᠧᠲ ᠣᠷᠣᠯᠠᠨ ᠬᠤᠳᠠᠯᠳᠤᠬᠤ ᠭᠠᠵᠠᠷ ᠵᠡᠷᠭᠡ ᠤᠯᠠᠨ ᠵᠦᠢᠯ ᠤᠨ ᠠᠷᠭ᠎ᠠ ᠵᠠᠮ ᠢᠶᠠᠷ ᠴᠢᠭᠤᠯᠣᠯᠲᠤ ᠬᠠᠭᠠᠯᠭ᠎ᠠ ᠠᠴᠠ ᠬᠥᠬᠡᠬᠤᠲᠠ ᠬᠦᠷᠬᠦ ᠥᠨᠳᠦᠷ ᠬᠤᠷᠳᠤᠴᠠᠲᠤ ᠲᠡᠮᠦᠷ ᠵᠠᠮ ᠤᠨ ᠲᠡᠷᠭᠡᠨ ᠪᠢᠯᠧᠲ  ᠢ ᠬᠤᠳᠠᠯᠳᠤᠨ ᠠᠪᠴᠤ ᠪᠣᠯᠣᠨ᠎ᠠ ᠭᠡᠪᠡ᠃ 
ᠨᠠᠶᠢᠷᠠᠭᠤᠯᠤᠭᠴᠢ᠄
ᠰᠡᠴᠡᠨ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号