ᠬᠤᠰᠢᠭᠤ ᠰᠢᠶᠠᠨ ᠤ ᠤᠠᠴᠠᠯᠢᠬᠳᠤ ᠠᠵᠤ ᠠᠬᠤᠢ ᠶᠢᠨ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠡ
2018-01-16 11:02:40
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆

      — ᠠᠯᠠᠱᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠡ ᠶᠢᠨ ᠱᠦᠵᠢ ᠶᠠᠩ ᠬᠠᠢ ᠶᠢ ᠰᠤᠷᠪᠤᠯᠵᠢᠯᠠᠬᠰᠠᠨ ᠨᠢ

     ᠦᠢᠷ᠎ᠡ ᠶᠢᠨ ᠡᠳᠤᠷ ᠰᠤᠷᠪᠤᠯᠵᠢᠯᠠᠬᠴᠢ ᠠᠯᠠᠱᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠡ ᠶᠢᠨ ᠱᠦᠵᠢ ᠶᠠᠩ ᠬᠠᠢ ᠶᠢ ᠰᠤᠷᠪᠤᠯᠵᠢᠯᠠᠬᠤ ᠳᠤ ︽ᠠᠯᠠᠱᠨ ᠪᠠᠷᠠᠭᠤᠨ ᠬᠤᠰᠢᠭᠤ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠳᠤᠬᠠᠨ ᠪᠡ ᠬᠤᠶᠢᠰᠢᠳᠡ ᠶᠢᠨ ᠨᠢᠭᠡ ᠬᠤᠭᠤᠴᠠᠭᠠᠨ ᠤ ᠤᠯᠤᠰ ᠲᠦᠷᠦ ᠶᠢᠨ ᠴᠢᠬᠤᠯᠨ ᠡᠬᠦᠷᠭᠡ ᠪᠤᠯᠭᠠᠵᠤ᠂ ᠬᠤᠰᠢᠭᠤ ᠰᠢᠶᠠᠨ ᠤ ᠤᠠᠴᠠᠯᠢᠬᠳᠤ ᠠᠵᠤ ᠠᠬᠤᠢ ᠶᠢᠨ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠡᠭᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ ᠳᠤ ᠰᠢᠨ᠎ᠡ ᠬᠤᠪᠢ ᠨᠠᠮᠠᠷᠢ ᠦᠵᠡᠬᠦᠯᠬᠦ ᠪᠠᠷ ᠴᠢᠷᠮᠠᠶᠢᠨ᠎ᠡ︾ ᠭᠡᠵᠤ ᠶᠠᠷᠢᠯ᠎ᠡ᠃
     ᠶᠠᠩ ᠬᠠᠢ᠂ ᠠᠯᠠᠱᠨ ᠪᠠᠷᠠᠭᠤᠨ ᠬᠤᠰᠢᠭᠤ ᠳᠤᠤᠷᠠᠬᠢ ᠮᠡᠲᠦ 6 ᠲᠠᠯ᠎ᠡ ᠶᠢᠨ ᠭᠤᠤᠯᠳᠠᠯᠭ᠎ᠠ ᠲᠠᠢ ᠠᠵᠢᠯ ᠢ ᠬᠢᠨ᠎ᠡ ᠭᠡᠵᠦ ᠢᠯᠡᠷᠭᠡᠶᠢᠯᠡᠪᠡ᠃
     ᠨᠢᠭᠡ ᠳᠤ᠂ ᠠᠵᠤ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠡ ᠠᠰᠢᠬ ᠢ ᠲᠡᠭᠡᠭᠰᠢᠯᠡᠬᠦᠯᠬᠦ ᠪᠠᠷ ᠬᠦᠴᠦᠯᠡᠨ᠎ᠡ᠃ ᠬᠦᠭᠵᠢᠯᠳᠡ ᠶᠢ ᠲᠡᠷᠢᠬᠦᠨ ᠴᠢᠬᠤᠯᠨ ᠡᠬᠦᠷᠭᠡ ᠪᠤᠯᠭᠠᠬᠤ ᠶᠢ ᠢᠮᠠᠬᠳᠡ ᠭᠤᠶᠢᠪᠢᠰᠢ ᠦᠭᠡᠢ ᠪᠠᠷᠢᠮᠳᠠᠯᠠᠵᠤ᠂ ︽ᠬᠤᠶᠠᠷ ᠠᠯᠬᠤᠮ ᠢᠶᠠᠷ ᠶᠠᠪᠤᠬᠤ︾ ᠬᠠᠷᠠᠯᠳᠡ ᠡᠬᠦᠷᠭᠡ ᠶᠢᠨ ᠲᠤᠭᠤᠷᠢᠨ ᠳᠤ᠂ ᠨᠡᠯᠢᠶᠡᠳ ᠲᠠᠪᠠᠭᠤᠯᠢᠬ ᠲᠠᠯ᠎ᠡ ᠪᠠᠨ ᠬᠦᠢᠴᠡᠳ ᠪᠠᠳᠠᠷᠠᠭᠤᠯᠵᠤ᠂ ︽ᠤᠠᠴᠠᠯᠢᠬᠳᠤ ᠲᠦᠷᠦᠯ ᠲᠡᠮᠳᠡᠭ︾᠎ ᠢ ᠰᠠᠶᠢᠳᠤᠷ ᠬᠢᠵᠤ᠂ ︽ᠤᠠᠴᠠᠯᠢᠬᠳᠤ ᠵᠠᠮ︾᠎ ᠢᠶᠠᠷ ᠵᠠᠮᠨᠠᠵᠤ᠂ ᠠᠵᠤ ᠠᠬᠤᠢ ᠶᠢ ᠲᠤᠮᠳᠡ ᠦᠡᠳᠤᠷ ᠬᠤᠷᠳᠤᠴᠨ ᠪᠠᠷ ᠨᠡᠮᠡᠭᠳᠡᠬᠦᠯᠦᠨ᠎ᠡ᠃ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠤᠡᠭᠡᠵᠤ᠂ ᠠᠵᠤ ᠦᠢᠯᠡᠰ ᠤᠨ ᠪᠦᠳᠦᠴᠨ ᠪᠠᠨ ᠰᠢᠯᠢᠳᠡᠭᠵᠢᠬᠦᠯᠦᠨ᠂ ᠲᠠᠷᠢᠶᠠᠯᠠᠩ ᠢ ᠦᠯᠦ ᠦᠷᠭᠡᠳᠭᠡᠨ ᠬᠦᠭᠵᠢᠭᠦᠯᠬᠦ᠂ ᠮᠠᠯ ᠠᠵᠤ ᠠᠬᠤᠢ ᠶᠢ ᠵᠤᠬᠢᠰᠳᠡᠢ ᠬᠦᠭᠵᠢᠬᠦᠯᠬᠦ᠂ ᠲᠡᠮᠡᠭᠡᠨ ᠤ ᠠᠵᠦ ᠦᠢᠯᠡᠰ ᠢ ᠨᠠᠷᠢᠯᠢᠬ ᠬᠦᠡᠵᠡᠭᠡᠢ ᠬᠦᠭᠵᠢᠬᠦᠯᠬᠦ᠂ ᠡᠯᠡᠰᠤᠨ ᠤ ᠠᠵᠤ ᠦᠢᠯᠡᠰ ᠢ ᠭᠡᠪᠴᠢᠶᠡᠵᠢᠬᠦᠯᠦᠨ ᠬᠦᠭᠵᠢᠬᠦᠯᠬᠦ᠂ ᠴᠡᠪᠡᠷ ᠡᠨᠧᠷᠬᠢ ᠶᠢ ᠤᠶᠤᠡᠴᠢ ᠪᠠᠷ ᠬᠦᠭᠵᠢᠬᠦᠯᠬᠦ ᠶᠢ ᠠᠬᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠰᠡᠬᠦᠯᠴᠢ ᠶᠢᠨ ᠬᠤᠭᠤᠴᠠᠭᠠᠨ ᠳᠤ ᠭᠤᠷᠪᠠᠳᠤᠭᠠᠷ ᠠᠵᠤ ᠦᠢᠯᠡᠰ ᠢ ᠬᠤᠶᠠᠳᠤᠭᠠᠷ ᠠᠵᠤ ᠦᠢᠯᠡᠰ ᠠᠴᠠ ᠲᠠᠪᠠᠭᠤᠯᠬᠤ ᠶᠢ ᠪᠡᠶᠡᠯᠡᠬᠦᠯᠦᠨ᠎ᠡ᠃
     ᠬᠤᠶᠡᠷ ᠲᠤ᠂ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠡ ᠶᠢ ᠴᠢᠩᠭᠠᠤᠠᠬᠠᠬᠤ ᠪᠠᠷ ᠬᠦᠴᠦᠯᠡᠨ᠎ᠡ᠃ ᠤᠯᠤᠰ ᠤᠨ ᠬᠢᠯᠢ ᠬᠢᠵᠠᠭᠠᠷ ᠤᠨ ᠴᠦᠭᠡᠨ ᠲᠤᠭᠠᠳᠤ ᠦᠡᠳᠤᠰᠤᠳᠠᠨ ᠤ ᠬᠦᠭᠵᠢᠯᠳᠡ ᠶᠢ ᠲᠦᠷᠭᠡᠤᠡᠭᠡᠬᠦ ᠪᠡ ᠤᠷᠤᠨ ᠪᠦᠰᠨ ᠶᠢ ᠵᠤᠬᠢᠴᠠᠭᠤᠯᠤᠨ ᠬᠦᠭᠵᠢᠬᠦᠯᠵᠤ ᠲᠡᠤᠡᠬᠦᠬᠦ ᠲᠦᠷᠦ ᠶᠢᠨ ᠪᠤᠳᠤᠯᠭ᠎ᠠ ᠶᠢᠨ ᠠᠵᠨ ᠲᠤᠬᠢᠶᠠᠯ ᠢ ᠠᠮᠵᠢᠨ᠂ ᠦᠡᠳᠤᠷ ᠵᠤᠬᠰᠤᠴᠨ ᠠᠴᠠ ᠲᠦᠯᠦᠪᠵᠢᠬᠦᠯᠦᠨ᠂ ᠪᠡᠯᠨ ᠤᠷᠤᠭᠤᠯᠤᠯᠳᠠ ᠶᠢ ᠴᠢᠩᠭᠠᠳᠬᠠᠵᠦ᠂ ᠲᠡᠭᠡᠳᠤ ᠪᠡᠷᠢᠮᠵᠢᠶ᠎ᠡ ᠪᠠᠷ ᠪᠦᠳᠦᠭᠡᠨ ᠪᠠᠶᠢᠭᠤᠯᠵᠦ᠂ ᠵᠠᠰᠠᠮᠠᠯ ᠵᠠᠮ ᠤᠨ ᠲᠤᠤᠷ᠂ ᠠᠭᠠᠷ ᠤᠨ ᠠᠶᠠᠯᠠᠯ ᠤᠨ ᠲᠤᠤᠷ᠂ ᠲᠡᠮᠤᠷ ᠵᠠᠮ ᠤᠨ ᠲᠤᠤᠷ᠂ ᠬᠤᠳᠡ ᠶᠢᠨ ᠶᠠᠪᠤᠳᠠᠯ ᠤᠨ ᠲᠤᠤᠷ᠂ ᠤᠰᠤᠨ ᠠᠰᠢᠬᠯᠠᠯᠳᠡ ᠶᠢᠨ ᠲᠤᠤᠷ᠂ ᠡᠨᠧᠷᠬᠢ ᠶᠢᠨ ᠲᠤᠤᠷ᠂ ᠮᠡᠳᠡᠭᠡ ᠵᠠᠩᠬᠢ ᠶᠢᠨ ᠲᠤᠤᠷ ᠤᠨ ᠪᠦᠳᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠲᠦᠷᠭᠡᠤᠡᠭᠡᠨ᠎ᠡ᠃ 2018 ᠤᠨ ᠳᠤ᠂ G307 ᠱᠤᠭᠤᠮ ᠤᠨ ᠠᠯᠠᠱᠨ ᠪᠠᠷᠠᠭᠤᠨ ᠬᠤᠰᠢᠭᠤᠨ ᠳᠠᠬᠢ ᠭᠡᠰᠡᠭ᠂ ᠶᠢᠨ ᠴᠡᠩ — ᠠᠯᠠᠱᠨ ᠪᠠᠷᠠᠭᠤᠨ ᠬᠤᠰᠢᠭᠤ ᠬᠦᠷᠬᠦ ᠵᠠᠰᠠᠮᠠᠯ ᠵᠠᠮ ᠤᠨ ᠪᠦᠬᠦ ᠱᠤᠭᠤᠮ ᠢᠶᠠᠷ ᠲᠡᠷᠭᠡ ᠨᠡᠪᠳᠡᠷᠡᠬᠦ ᠶᠢ ᠪᠠᠳᠤᠯᠠᠨ᠎ᠡ᠃ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠪᠠᠷ ᠪᠡᠯᠨ ᠤᠷᠤᠭᠤᠯᠤᠯᠳᠠ ᠶᠢ ᠲᠠᠶᠢᠴᠢᠯᠠᠬᠤ ᠦᠢᠯᠡᠳᠤᠯ ᠢ ᠴᠢᠩᠭᠠᠳᠬᠠᠵᠦ᠂ ᠤᠯᠤᠰ ᠤᠨ ᠠᠵᠤ ᠦᠢᠯᠡᠰ ᠤᠨ ᠤᠳᠤᠷᠢᠳᠤᠮᠵᠢ᠂ ᠪᠡᠯᠨ ᠤᠷᠤᠭᠤᠯᠤᠯᠳᠡ ᠶᠢᠨ ᠤᠳᠤᠷᠢᠳᠤᠮᠵᠢ ᠶᠢᠨ ᠲᠤᠭᠤᠷᠢᠨ ᠳᠤ᠂ ᠭᠤᠤᠯᠳᠠᠯᠭ᠎ᠠ ᠲᠠᠢ ᠲᠦᠷᠦᠯ ᠵᠦᠢᠯ ᠤᠨ ᠨᠦᠭᠡᠴᠡ ᠨᠤᠲᠠᠯᠠᠯ ᠬᠢᠬᠦ ᠶᠢ ᠴᠢᠩᠭᠠᠤᠠᠬᠠᠨ᠎ᠡ᠃
     ᠭᠤᠷᠪᠡ ᠳᠤ᠂ ᠤᠠᠴᠠᠯᠢᠬᠳᠤ ᠬᠤᠳᠡ ᠪᠠᠯᠭᠠᠰᠤᠨ ᠤ ᠪᠦᠳᠦᠭᠡᠨ ᠪᠠᠶᠢᠭᠤᠯᠤᠯᠳᠡ ᠶᠢ ᠬᠦᠴᠦᠯᠡᠨ ᠠᠳᠬᠤᠨ᠎ᠠ᠃ ᠤᠷᠤᠰᠢᠨ ᠰᠠᠭᠤᠷᠢᠰᠢᠬᠤ᠂ ᠠᠵᠤ ᠦᠢᠯᠡᠰ ᠡᠷᠬᠢᠯᠡᠬᠦ᠂ ᠵᠤᠭᠠᠴᠠᠬᠤ ᠳᠤ ᠳᠤᠬᠢᠷᠠᠮᠵᠢᠲᠠᠢ ᠪᠠᠶᠢᠬᠤ ᠴᠢᠳᠠᠪᠤᠷᠢ ᠪᠠᠷ ᠲᠤᠪᠤᠶᠢᠮ᠎ᠡ ᠤᠷᠤᠨ ᠪᠠᠶᠢᠷᠢ ᠶᠢ ᠲᠤᠭᠲᠠᠭᠠᠵᠦ᠂ ᠬᠤᠳᠡ ᠶᠢᠨ ᠲᠦᠬᠦᠮ ᠪᠦᠳᠦᠴᠡᠳᠤ ᠤᠷᠤᠨ ᠰᠠᠭᠤᠴᠨ ᠶᠢ ᠰᠢᠨᠡᠳᠭᠡᠨ ᠵᠠᠰᠠᠬᠤ ᠢᠡᠵᠧᠨᠧᠷᠢᠩ ᠢ ᠰᠠᠶᠢᠳᠤᠷ ᠭᠡᠷᠡᠭᠵᠢᠬᠦᠯᠦᠨ᠂ ᠪᠠᠳᠠᠢ ᠶᠢᠨ ᠵᠢᠷᠡᠨ ᠪᠠᠯᠭᠠᠰᠤ ᠶᠢᠨ ᠠᠮᠢ ᠠᠬᠤᠢ ᠶᠢ ᠰᠡᠷᠭᠦᠭᠡᠬᠦ᠂ ᠬᠤᠳᠡ ᠶᠢᠨ ᠰᠠᠭᠠᠳ ᠦᠭᠡᠢ ᠵᠠᠮ ᠵᠡᠷᠭᠡ ᠢᠡᠵᠧᠨᠧᠷᠢᠩ ᠤᠨ ᠪᠦᠳᠦᠭᠡᠨ ᠪᠠᠶᠢᠭᠤᠯᠤᠯᠳᠡ ᠶᠢ ᠲᠦᠷᠭᠡᠤᠡᠭᠡᠨ᠂ ᠤᠷᠤᠨ ᠤ ᠲᠡᠰ ᠤᠨ ᠴᠡᠴᠡᠷᠯᠢᠭᠵᠢᠭᠦᠯᠦᠭᠰᠡᠨ ᠰᠢᠶᠠᠨ ᠬᠤᠳᠡ ᠶᠢ ᠡᠬᠦᠳᠤᠨ ᠪᠠᠶᠢᠭᠤᠯᠬᠤ ᠠᠵᠢᠯᠯᠠᠭ᠎ᠠ ᠶᠢ ᠦᠷᠨᠢᠬᠦᠯᠵᠤ᠂ ᠬᠤᠳᠡ ᠪᠠᠯᠭᠠᠰᠤᠨ ᠤ ᠴᠢᠳᠠᠪᠬᠢ ᠶᠢᠨ ᠲᠡᠰ ᠲᠡᠪᠰᠢᠬᠦ ᠶᠢ ᠲᠡᠰᠤᠷᠠᠯᠳᠡ ᠦᠭᠡᠢ ᠲᠡᠭᠡᠭᠰᠢᠯᠡᠬᠦᠯᠦᠨ᠎ᠡ᠃ ᠡᠬᠦᠨ ᠤ ᠬᠠᠮᠳᠤ᠂ ᠤᠯᠤᠰ ᠤᠨ ︽ᠬᠦᠳᠡᠭᠡ ᠲᠤᠰᠬᠤᠨ ᠢ ᠬᠦᠭᠵᠢᠭᠦᠯᠦᠨ ᠮᠠᠠᠳᠤᠭᠤᠯᠬᠤ︾ ᠪᠠᠶᠢᠯᠳᠤᠬᠤ ᠪᠤᠳᠤᠯᠭ᠎ᠠ ᠪᠠᠷ ᠠᠵᠨ ᠲᠤᠬᠢᠶᠠᠯ ᠪᠤᠯᠭᠠᠵᠤ᠂ ︽ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ︾᠎ ᠢ ᠪᠦᠳᠦᠭᠡᠨ ᠪᠠᠶᠢᠭᠤᠯᠬᠤ ᠦᠷ᠎ᠡ ᠪᠦᠳᠦᠮᠵᠢ ᠶᠢ ᠴᠢᠨᠠᠬᠰᠢᠳᠠ ᠦᠷᠭᠡᠤᠡᠭᠡᠵᠤ᠂ ᠨᠢᠭᠡ ᠰᠤᠮᠤ ︵ᠪᠠᠯᠭᠠᠰᠤ︶᠎ ᠳᠤ ᠨᠢᠭᠡ ᠤᠠᠴᠠᠯᠢᠬᠲᠤ ᠲᠦᠷᠦᠯ ᠲᠡᠮᠳᠡᠭ ᠢ ᠴᠤᠬᠴᠠᠯᠠᠵᠤ᠂ ᠬᠦᠳᠡᠭᠡ ᠲᠤᠰᠬᠤᠨ ᠤ ᠦᠵᠡᠮᠵᠢᠳᠤ ᠵᠤᠭᠠᠴᠠᠯ ᠪᠤᠯᠤᠨ ᠰᠤᠶᠤᠯ ᠢ ᠪᠡᠶᠡᠴᠢᠯᠡᠨ ᠤᠢᠢᠯᠠᠭᠠᠬᠤ ᠰᠠᠭᠤᠷᠢᠨ ᠢ ᠪᠠᠶᠢᠭᠤᠯᠤᠨ᠎ᠠ᠃
     ᠲᠦᠷᠪᠡ ᠳᠤ᠂ ᠤᠮᠠᠷᠠᠳᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠬᠦ ᠪᠠᠷ ᠬᠦᠴᠦᠯᠡᠨ᠎ᠡ᠃ ︽ᠬᠦᠭᠡᠮᠳᠦᠭ ᠨᠤᠭᠤᠭᠠᠨ ᠠᠭᠤᠯᠨ ᠤᠰᠤ ᠪᠤᠯ ᠲᠠᠷᠤᠢ ᠠᠯᠳᠡ ᠮᠦᠡᠭᠬᠦᠨ ᠠᠭᠤᠯᠨ ᠮᠦᠨ︾ ᠭᠡᠬᠦ ᠦᠢᠯᠠᠭᠠᠬᠳᠠᠬᠤᠨ ᠢ ᠪᠠᠳᠤ ᠱᠤᠭᠤᠵᠦ᠂ ᠤᠷᠴᠢᠨ ᠲᠤᠭᠤᠷᠢᠨ ᠢ ᠬᠠᠮᠠᠭᠠᠯᠠᠬᠤ ᠶᠢ ᠲᠡᠷᠢᠭᠦᠨ ᠳᠤ ᠲᠠᠯᠪᠢᠵᠤ᠂ ᠠᠶᠠᠨᠳᠠᠭᠠᠨ ᠰᠡᠷᠬᠦᠬᠦ ᠪᠡ ᠬᠦᠮᠤᠨ ᠤ ᠬᠦᠴᠤ ᠪᠠᠷ ᠰᠡᠷᠭᠦᠭᠡᠬᠦ ᠶᠢ ᠬᠠᠷᠢᠯᠴᠠᠨ ᠤᠶᠠᠯᠳᠤᠭᠤᠯᠵᠤ᠂ ᠡᠯᠡᠰᠦᠷᠭᠡᠭᠵᠢᠯ ᠤᠢ ᠮᠤᠳᠤ ᠤᠷᠭᠤᠮᠠᠯ ᠤᠨ ᠪᠦᠷᠬᠦᠴᠡ ᠶᠢ ᠬᠠᠮᠠᠭᠠᠯᠠᠵᠦ ᠰᠡᠷᠭᠦᠭᠡᠬᠦ ᠤᠷᠤᠨ᠂ ᠡᠯᠡᠰᠤᠷᠭᠡᠭᠵᠢᠯ ᠢ ᠶᠡᠷᠤᠩᠭᠡᠶᠢᠯᠡᠨ ᠵᠠᠰᠠᠬᠤ ᠤᠷᠤᠨ᠂ ᠬᠤᠳᠡ ᠬᠦᠳᠡᠭᠡ ᠶᠢᠨ ᠭᠤᠤᠯᠳᠠᠯᠭ᠎ᠠ ᠲᠠᠢ ᠨᠤᠭᠤᠭᠠᠷᠠᠭᠤᠯᠤᠯᠳᠡ ᠶᠢᠨ ᠤᠷᠤᠨ ᠢ ᠬᠠᠮᠠᠭᠠᠯᠠᠬᠤ ᠪᠡ ᠪᠦᠳᠦᠭᠡᠨ ᠪᠠᠶᠢᠭᠤᠯᠬᠤ ᠶᠢ ᠰᠠᠶᠢᠳᠤᠷ ᠠᠤᠠᠬᠤᠵᠤ᠂ ᠶᠠᠪᠠᠷᠠᠢ ᠠᠭᠤᠯᠨ ᠶᠢᠨ ᠵᠡᠬᠦᠨ ᠡᠮᠤᠨᠠᠳᠤ ᠭᠡᠰᠡᠭ ᠤᠨ ᠠᠮᠢ ᠠᠬᠤᠢ ᠶᠢᠨ ᠬᠠᠯᠬᠠᠪᠴᠢ ᠶᠢ ᠪᠠᠬᠢᠵᠢᠬᠦᠯᠦᠨ᠎ᠡ᠃ ᠠᠮᠢ ᠠᠬᠤᠢ ᠶᠢ ᠠᠵᠤ ᠦᠢᠯᠡᠰ ᠪᠤᠯᠭᠠᠨ ᠡᠵᠡᠩᠨᠡᠬᠦ ᠶᠢ ᠪᠠᠷᠢᠮᠳᠠᠯᠠᠵᠤ᠂ ᠡᠯᠡᠰᠤᠨ ᠤᠷᠭᠤᠮᠠᠯ ᠢ ᠠᠵᠤ ᠦᠢᠯᠡᠰᠵᠢᠬᠦᠯᠬᠦ ᠲᠦᠪᠰᠢᠨ ᠢ ᠲᠡᠭᠡᠭᠰᠢᠯᠡᠬᠦᠯᠬᠦ ᠳᠤ ᠰᠠᠭᠤᠷᠢᠯᠠᠨ᠂ ᠬᠠᠮᠠᠭᠠᠯᠠᠬᠤ ᠪᠠ ᠪᠦᠳᠦᠭᠡᠨ ᠪᠠᠶᠢᠭᠤᠯᠬᠤ  ᠎ ᠶᠢ   ᠤᠶᠠᠯᠳᠤᠭᠤᠯᠤᠭᠰᠠᠨ᠂ ᠦᠵᠡᠰᠬᠦᠯᠡᠩᠲᠤ ᠰᠠᠶᠢᠬᠠᠨ ᠪᠠ ᠦᠷᠨᠢᠩᠭᠦᠢ ᠬᠦᠭᠵᠢᠯᠲᠡ ᠶᠢᠨ ᠬᠤᠤᠰ ᠠᠮᠵᠢᠯᠲᠠ ᠶᠢ ᠤᠯᠬᠤ ᠪᠠᠷ ᠴᠢᠷᠮᠠᠶᠢᠨ᠎ᠠ᠃
     ᠲᠠᠪᠤ ᠳᠤ᠂ ᠬᠢᠯᠢ ᠬᠢᠵᠠᠭᠠᠷ ᠢᠶᠠᠨ ᠪᠠᠬᠢᠵᠢᠭᠦᠯᠵᠦ ᠠᠷᠠᠳ ᠤᠨ ᠠᠮᠢᠳᠤᠷᠠᠯ ᠤᠨ ᠠᠵᠢᠯ ᠢ ᠪᠤᠳᠠᠳᠠᠢ ᠬᠢᠬᠦ ᠪᠠᠷ ᠬᠦᠴᠦᠯᠡᠨ᠎ᠡ᠃ ᠠᠷᠠᠳ ᠢ ᠪᠠᠶᠠᠵᠢᠭᠤᠯᠬᠤ ᠪᠠ ᠬᠤᠰᠢᠭᠤ ᠪᠠᠨ ᠬᠦᠴᠦᠷᠭᠡᠭᠵᠢᠬᠦᠯᠬᠦ ᠶᠢ ᠵᠡᠷᠬᠡᠪᠡᠷ ᠴᠢᠬᠤᠯᠠᠴᠢᠯᠠᠵᠦ᠂ ᠤᠷᠢᠳᠠᠪᠡᠷ ᠠᠷᠠᠳ ᠢ ᠪᠡᠶᠡᠵᠢᠭᠤᠯᠬᠤ ᠦᠢᠯᠠᠭᠠᠬᠳᠠᠬᠤᠨ ᠢᠶᠠᠷ ᠶᠠᠳᠠᠭᠤ ᠠᠴᠠ  ᠠᠩᠬᠢᠵᠢᠷᠠᠭᠤᠯᠬᠤ   ᠪᠤᠭᠤᠮᠳᠡ ᠰᠢᠪᠳᠤᠯᠬᠤ ᠦᠷ᠎ᠡ ᠪᠦᠳᠦᠮᠵᠢ ᠪᠠᠨ ᠪᠠᠳᠤᠤᠠᠬᠠᠵᠤ᠂ ᠡᠷᠴᠢᠮ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠡ ᠪᠠᠨ ᠪᠠᠭᠤᠷᠠᠭᠤᠯᠬᠤ ᠦᠭᠡᠢ ᠪᠠᠶᠢᠬᠤ ᠶᠢ ᠪᠠᠷᠢᠮᠳᠠᠯᠠᠨ᠂ ᠶᠠᠳᠠᠭᠤ ᠬᠦᠴᠢᠷᠳᠡᠯᠳᠡᠢ ᠬᠦᠮᠤᠨ ᠠᠮᠨ ᠶᠢ ᠲᠤᠬᠳᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠬᠤ ᠶᠢ ᠠᠬᠢᠭᠤᠯᠤᠨ᠎ᠡ᠃
     ᠵᠢᠷᠭᠤᠭ᠎ᠠ ᠳᠤ᠂ ᠨᠠᠮ ᠤᠨ ᠪᠠᠶᠢᠭᠤᠯᠤᠯᠳᠡ ᠶᠢ ᠴᠢᠩᠭᠠᠤᠠᠬᠠᠬᠤ ᠪᠠᠷ ᠬᠦᠴᠦᠯᠡᠨ᠎ᠡ᠃ ᠨᠠᠮ ᠤᠨ ᠪᠠᠶᠢᠭᠤᠯᠤᠯᠳᠡ ᠶᠢ ᠢᠮᠠᠬᠳᠡ ᠰᠠᠶᠢᠳᠤᠷ ᠠᠤᠠᠬᠤᠬᠤ ᠶᠢ ᠬᠠᠮᠤᠬ ᠶᠡᠭᠡ ᠤᠯᠤᠰ ᠲᠦᠷᠦ ᠶᠢᠨ ᠦᠷ᠎ᠡ ᠪᠦᠳᠦᠮᠵᠢ ᠪᠠᠷ ᠦᠵᠡᠵᠦ᠂ ᠨᠠᠮ ᠠᠴᠠ ᠨᠠᠮ ᠢ ᠪᠦᠬᠦ ᠲᠠᠯ᠎ᠡ ᠪᠠᠷ ᠬᠠᠮᠢᠶᠠᠷᠬᠤ᠂ ᠨᠠᠮ ᠢ ᠴᠢᠩᠭ᠎ᠠ ᠵᠠᠰᠠᠬᠤ ᠡᠬᠦᠷᠭᠡ ᠬᠠᠷᠢᠭᠤᠴᠠᠯᠭ᠎ᠠ ᠶᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠤᠨ᠎ᠡ᠃ ᠦᠵᠡᠯ ᠰᠠᠨᠠᠭ᠎ᠠ ᠪᠠᠷ ᠵᠢᠯᠤᠭᠤᠳᠤᠨ ᠲᠠᠭᠠᠭᠤᠯᠬᠤ ᠶᠢ ᠴᠢᠩᠭᠠᠤᠠᠬᠠᠵᠤ᠂ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠤᠬᠠᠮᠰᠠᠷ ᠠᠴᠠ ᠪᠠᠨ ᠪᠠᠷᠢᠮᠳᠠᠯᠠᠬᠤ ᠶᠢ ᠨᠡᠩ ᠢᠯᠡᠬᠦᠦ ᠴᠢᠩᠭᠠᠳᠬᠠᠨ᠎ᠠ᠃ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠡ ᠤᠯᠤᠰ ᠲᠦᠷᠦ ᠶᠢᠨ ᠲᠦᠷᠢᠮ ᠲᠤᠬᠳᠠᠭᠠᠯ ᠢ ᠴᠢᠩᠭᠠᠤᠠᠬᠠᠵᠤ᠂ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠡ ᠲᠠᠢ ᠬᠡᠵᠢᠶᠡᠳᠡ ᠲᠡᠭᠡᠳᠤ ᠭᠡᠮᠵᠢᠶᠠᠨ ᠤ ᠨᠢᠭᠡᠳᠦᠯᠳᠡᠢ ᠪᠠᠶᠢᠬᠤ ᠶᠢ ᠪᠠᠷᠢᠮᠳᠠᠯᠠᠨ᠎ᠠ᠃ ᠤᠳᠤᠷᠢᠤᠠᠬᠤ ᠪᠠᠬ ᠢᠶᠠᠷ ᠡᠩᠨᠡᠭᠡ ᠪᠠᠨ ᠲᠠᠶᠢᠴᠢᠯᠠᠬᠤ ᠶᠢ ᠴᠢᠨᠠᠬᠰᠢᠳᠠ ᠴᠢᠩᠭ᠎ᠠ ᠠᠤᠠᠬᠤᠵᠤ᠂ ᠦᠡᠳᠤᠰᠤᠨ ᠱᠠᠳᠤᠨ ᠤ ᠨᠠᠮ ᠤᠨ ᠪᠠᠶᠢᠭᠤᠯᠤᠯᠳᠡ ᠶᠢᠨ ᠰᠠᠭᠤᠷᠢ ᠶᠢ ᠪᠠᠳᠤᠤᠠᠬᠠᠵᠤ᠂ ᠠᠷᠢᠭᠤᠨ ᠴᠢᠭᠡᠴᠢ ᠲᠦᠪ ᠭᠤᠤᠯᠴᠢ᠂ ᠠᠵᠢᠯ ᠬᠢᠵᠦ ᠦᠢᠯᠡᠰ ᠪᠤᠰᠬᠠᠬᠤ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠨ᠎ᠡ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号