ᠤᠯᠠᠨ ᠠᠷᠭ᠎ᠠ ᠠᠪᠴᠠᠯ ᠢᠶᠠᠷ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠨ᠎ᠠ
2018-01-16 11:02:08
ᠵᠣᠬᠢᠶᠠᠭᠴᠢ᠄ 
ᠴᠡᠴᠡᠭ ᠭᠤᠶᠤᠬᠠᠨ ᠪᠤᠤ ᠨᠠᠷᠠᠨᠳᠤᠶᠠᠭ᠎ᠠ
ᠣᠩᠰᠢᠭᠰᠠᠨ ᠣᠳᠠᠭ᠎ᠠ᠄ 
★★★☆☆

      — ᠠᠯᠠᠱᠠ ᠵᠡᠬᠦᠨ ᠬᠤᠰᠢᠭᠤᠨ ᠤ ᠦᠯᠵᠡᠢ ᠰᠤᠮᠤ ᠶᠢᠨ ᠦᠨᠳᠦᠷᠮᠤᠳᠦ ᠭᠠᠴᠠᠭ᠎ᠠ ᠶᠢᠨ ᠭᠠᠴᠠᠭᠠᠨ ᠲᠠᠷᠤᠭ᠎ᠠ ᠰᠡᠴᠡᠨᠪᠠᠭᠠᠳᠤᠷ ᠢ ᠰᠤᠷᠪᠤᠯᠵᠢᠯᠠᠬᠰᠠᠨ ᠨᠢ

     1 ᠰᠠᠷ᠎ᠠ ᠶᠢᠨ 7᠎ ᠤ ᠡᠳᠦᠷ᠂ ᠠᠯᠠᠱᠠ ᠵᠡᠬᠦᠨ ᠬᠤᠰᠢᠭᠤᠨ ᠤ ︽ᠬᠤᠶᠠᠷ ᠬᠤᠷᠠᠯ︾ ᠬᠤᠷᠠᠯᠳᠤᠵᠤ ᠪᠠᠶᠢᠭ᠎ᠠ ᠶᠢ ᠲᠤᠬᠢᠶᠠᠯᠳᠤᠭᠤᠯᠤᠨ᠂ ᠰᠤᠷᠪᠤᠯᠵᠢᠯᠠᠬᠴᠢ ᠠᠯᠠᠱᠠ ᠵᠡᠬᠦᠨ ᠬᠤᠰᠢᠭᠤᠨ ᠤ ᠦᠯᠵᠡᠢ ᠰᠤᠮᠤ ᠶᠢᠨ ᠦᠨᠳᠦᠷᠮᠤᠳᠦ ᠭᠠᠴᠠᠭ᠎ᠠ ᠶᠢᠨ ᠭᠠᠴᠠᠭᠠᠨ ᠲᠠᠷᠤᠭ᠎ᠠ ᠰᠠᠴᠡᠨᠪᠠᠭᠠᠳᠤᠷ ᠢ ᠰᠤᠷᠪᠤᠯᠵᠢᠯᠠᠪᠠ᠃
     ᠦᠨᠳᠦᠷᠮᠤᠳᠦ ᠭᠠᠴᠠᠭ᠎ᠠ ᠪᠤᠯ ᠠᠯᠠᠱᠠ ᠵᠡᠬᠦᠨ ᠬᠤᠰᠢᠭᠤᠨ ᠤ ᠦᠯᠵᠡᠢ ᠰᠤᠮᠤ ᠶᠢᠨ ᠴᠤᠷ ᠤᠨ ᠭᠠᠭᠴᠠ ᠬᠢᠯᠢ ᠶᠢᠨ ᠭᠠᠴᠠᠭ᠎ᠠ ᠪᠤᠯᠤᠨ᠎ᠠ᠃ ᠨᠤᠳᠤᠭ ᠲᠡᠪᠢᠰᠬᠡᠷ ᠨᠢ 6400 ᠭᠠᠷᠤᠢ ᠲᠡᠭᠰᠢ ᠲᠦᠷᠪᠡᠯᠵᠢᠨ ᠺᠢᠯᠣᠮᠧᠲᠷ᠂ ᠬᠢᠯᠢ ᠶᠢᠨ ᠱᠤᠭᠤᠮ ᠤᠨ ᠤᠷᠳᠦ ᠨᠢ 85 ᠺᠢᠯᠣᠮᠧᠲᠷ ᠪᠠᠶᠢᠵᠤ᠂ 136 ᠡᠷᠦᠬᠡ᠂ 360 ᠭᠠᠷᠤᠢ ᠬᠦᠮᠦᠨ ᠠᠮᠠ ᠲᠠᠢ ᠲᠠᠷᠠᠬᠠᠢ ᠪᠤᠳᠠᠷᠬᠠᠢ ᠰᠠᠭᠤᠷᠢᠰᠢᠵᠤ ᠪᠠᠶᠢᠭ᠎ᠠ ᠴᠤᠯ ᠮᠤᠩᠭᠤᠯ ᠭᠠᠴᠠᠭ᠎ᠠ ᠪᠤᠯᠤᠨ᠎ᠠ᠃
     — ᠮᠠᠨ ᠤ ᠭᠠᠴᠠᠭ᠎ᠠ ᠮᠠᠯ ᠠᠵᠤ ᠠᠬᠤᠢ ᠪᠠᠷ ᠭᠤᠤᠯᠳᠠᠭᠤᠯᠵᠤ᠂ 3000 ᠭᠠᠷᠤᠢ ᠲᠡᠮᠡᠭᠡ᠂ 1.9 ᠲᠦᠮᠠ ᠭᠠᠷᠤᠢ ᠬᠤᠨᠢ ᠢᠮᠠᠭ᠎ᠠ ᠲᠠᠢ᠂ ᠮᠠᠯᠴᠢᠳ ᠤᠨ ᠭᠤᠤᠯ ᠤᠷᠤᠯᠭ᠋ ᠎ᠠ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠠᠴᠠ ᠢᠷᠡᠯᠳᠡ ᠲᠠᠢ᠃ ᠡᠭᠦᠨ ᠠᠴᠠ ᠭᠠᠳᠠᠨ᠎ᠠ᠂ ᠮᠠᠯᠴᠢᠳ ᠪᠠᠰᠠ ᠤᠯᠠᠭᠠᠨ ᠴᠠᠭᠠᠨ ᠭᠤᠶᠤᠤ ᠲᠡᠭᠦᠭᠦ᠂ ᠵᠤᠭᠠᠴᠠᠯ ᠤᠨ ᠬᠦᠭᠵᠢᠶᠡᠨᠳᠦ ᠤᠯᠠᠷᠢᠯ ᠳᠤ ᠬᠠᠴᠢᠨ ᠴᠢᠯᠠᠭᠤ ᠬᠤᠳᠠᠯᠳᠤᠬᠤ ᠵᠡᠷᠭᠡ ᠪᠠᠷ ᠲᠠᠮᠵᠢᠨ ᠤᠷᠤᠯᠭ᠎ᠠ ᠨᠢ ᠵᠢᠯ ᠠᠴᠠ ᠵᠢᠯ ᠨᠡᠮᠡᠭᠳᠡᠵᠦ ᠪᠠᠶᠢᠨ᠎ᠠ ᠭᠡᠵᠦ ᠰᠡᠴᠡᠨᠪᠠᠭᠠᠳᠤᠷ ᠭᠠᠴᠠᠭᠠᠨ ᠤ ᠪᠠᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠲᠠᠨᠢᠯᠴᠠᠭᠤᠯᠵᠤ ᠭᠠᠷᠤᠯ᠎ᠠ᠃
     ᠤᠢᠢᠯᠠᠭᠠᠬᠰᠠᠨ ᠢᠶᠠᠷ᠂ ᠦᠨᠳᠦᠷᠮᠤᠳᠦ ᠭᠠᠴᠠᠭ᠎ᠠ ᠤᠤᠯ ᠳᠠᠭᠠᠨ ᠤᠷᠤᠨ ᠤ ᠲᠡᠰ ᠤᠨ ᠶᠠᠳᠠᠭᠤ ᠬᠦᠴᠢᠷᠳᠡᠯᠳᠡᠢ ᠭᠠᠴᠠᠭ᠎ᠠ ᠪᠠᠶᠢᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠨᠢ ᠲᠤᠩ ᠠᠨᠠᠢ ᠪᠠᠶᠢᠵᠠᠢ᠃ ᠤᠢᠢᠷ᠎ᠠ ᠶᠢᠨ ᠬᠡᠳᠦᠨ ᠵᠢᠯ ᠳᠤ ᠨᠠᠮ ᠵᠠᠰᠠᠭ ᠤᠨ ᠤᠨᠢᠨ ᠲᠡᠭᠡᠷ᠎ᠠ ᠨᠢ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠤᠯᠬᠤ ᠶᠢᠨ ᠬᠠᠮᠳᠤ᠂ ᠭᠠᠴᠠᠭᠠᠨ ᠠᠴᠠ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠠᠷᠭ᠎ᠠ ᠵᠠᠮ ᠢ ᠦᠷᠭᠡᠳᠭᠡᠭᠰᠡᠨ ᠢᠶᠠᠷ 2016 ᠤᠨ ᠳᠤ ᠪᠦᠬᠦ ᠭᠠᠴᠠᠭ᠎ᠠ ᠪᠠᠷ ᠢᠶᠠᠨ ᠶᠠᠳᠠᠭᠤ ᠠᠴᠠ ᠠᠩᠭᠢᠵᠢᠷᠠᠵᠤ᠂ 2017 ᠤᠨ ᠤ ᠬᠦᠮᠦᠨ ᠲᠤᠮᠳᠠᠴᠢ ᠶᠢᠨ ᠤᠷᠤᠯᠭ᠎ᠠ ᠨᠢ 1.5 ᠲᠦᠮᠡᠨ ᠲᠦᠭᠦᠷᠢᠭ ᠲᠤ ᠬᠦᠷᠴᠡᠢ᠃
     — ᠪᠢᠳᠡ ᠪᠦᠬᠦ ᠭᠠᠴᠠᠭᠠᠨ ᠤ ᠮᠠᠯᠴᠢᠳ ᠤᠨ ᠨᠠᠰᠤᠵᠢᠯ ᠤᠨ ᠲᠠᠭᠠᠳᠬᠠᠯ᠂ ᠡᠮ ᠡᠮᠨᠡᠯᠭᠡ ᠶᠢᠨ ᠲᠠᠭᠠᠳᠬᠠᠯ ᠤᠨ ᠰᠦᠢᠳᠭᠡᠯ ᠢ ᠨᠢ ᠨᠢᠭᠡᠳᠦᠯᠳᠡᠢ ᠲᠤᠰᠢᠶᠡᠨ ᠦᠭᠴᠦ᠂ ᠤᠨᠴᠠ ᠶᠠᠳᠠᠭᠤ ᠬᠦᠴᠢᠷᠳᠡᠯᠳᠡᠢ ᠡᠷᠦᠬᠡ ᠳᠤ ᠬᠤᠰᠢᠭᠤᠨ ᠤ ᠶᠠᠳᠠᠭᠤ ᠶᠢ ᠲᠡᠳᠭᠦᠵᠦ ᠨᠡᠭᠡᠭᠡᠨ ᠭᠦᠭᠵᠢᠬᠦᠯᠬᠦ ᠠᠯᠪᠠᠨ ᠭᠡᠷ ᠠᠴᠠ ᠪᠠᠰᠠ ᠬᠦᠨᠳᠦ ᠡᠪᠡᠳᠴᠢᠨ ᠤ ᠲᠠᠭᠠᠳᠬᠠᠯ ᠤᠨ ᠰᠦᠢᠳᠭᠡᠯ ᠢ ᠨᠢ ᠲᠤᠰᠢᠶᠠᠨ ᠦᠭᠴᠦ ᠪᠤᠢ᠃ ᠡᠨᠡ ᠨᠢ ᠭᠠᠴᠠᠭᠠᠨ ᠤ ᠮᠠᠯᠴᠢᠳ ᠲᠤ ᠨᠠᠰᠤᠵᠢᠯ᠂ ᠡᠮ ᠡᠮᠨᠡᠯᠭᠡ ᠶᠢᠨ ᠲᠠᠯ᠎ᠠ ᠪᠠᠷ ᠦᠨᠳᠦᠰᠦᠨ ᠪᠠᠳᠤᠯᠠᠭ᠎ᠠ ᠬᠠᠩᠭᠠᠬᠤ ᠶᠢᠨ ᠲᠠᠭᠠᠤ ᠭᠦᠨᠳᠦ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ ᠪᠠᠶᠢᠳᠠᠯ ᠢ ᠦᠨᠳᠦᠰᠦᠨ ᠠᠴᠠ ᠨᠢ ᠬᠤᠷᠢᠭᠯᠠᠵᠤ ᠴᠢᠳᠠᠭᠰᠠᠨ ᠪᠠᠶᠢᠨ᠎ᠠ ᠭᠡᠵᠦ ᠰᠡᠴᠡᠨᠪᠠᠭᠠᠳᠤᠷ ᠶᠠᠷᠢᠯ᠎ᠠ᠃
     ᠦᠨᠳᠦᠷᠮᠤᠳᠤ ᠭᠠᠴᠠᠭ᠎ᠠ ᠤᠯᠤᠰ ᠤᠨ ᠠᠵᠤ ᠦᠢᠯᠡᠰ ᠤᠨ ᠲᠡᠳᠬᠦᠮᠵᠢ ᠶᠢᠨ ᠪᠡᠯᠡ ᠮᠦᠡᠭᠭᠦ ᠶᠢ ᠤᠯᠵᠤ᠂ ᠮᠠᠯᠴᠢᠳ ᠲᠤ ᠬᠦᠦ ᠮᠦᠡᠭᠭᠦ ᠦᠭᠡᠢ ᠵᠢᠭᠡᠯᠡᠯᠭᠡ ᠲᠠᠯᠪᠢᠬᠤ᠂ ᠺᠤᠮᠫᠠᠨᠢ ᠳᠤ ᠬᠤᠪᠢ ᠤᠷᠤᠵᠤ ᠠᠰᠢᠭ ᠬᠤᠪᠢᠶᠠᠷᠢᠯᠠᠬᠤ ᠬᠡᠯᠪᠡᠷᠢ ᠪᠠᠷ ᠪᠡᠯᠡ ᠮᠦᠡᠭᠭᠦ ᠶᠢᠨ ᠠᠰᠢᠬᠯᠠᠯᠳᠠ ᠶᠢᠨ ᠦᠷ᠎ᠠ ᠪᠦᠳᠦᠮᠵᠢ ᠶᠢ ᠲᠡᠭᠡᠭᠰᠢᠯᠡᠬᠦᠯᠬᠦ ᠶᠢᠨ ᠲᠠᠭᠠᠤ ᠪᠠᠰᠠ ᠭᠠᠴᠠᠭᠠᠨ ᠠᠴᠠ ᠨᠢᠭᠡᠳᠦᠯᠳᠡᠢ ᠮᠠᠯ ᠬᠤᠳᠠᠯᠳᠤᠨ ᠠᠪᠴᠦ ᠶᠠᠳᠠᠭᠤ ᠬᠦᠴᠢᠷᠳᠡᠯᠳᠡᠢ ᠡᠷᠦᠭᠡ ᠳᠤ ᠲᠡᠵᠢᠭᠡᠨ ᠠᠷᠠᠴᠢᠯᠠᠭᠤᠯᠵᠤ᠂ ᠬᠤᠷᠰᠢᠶ᠎ᠠ ᠶᠢᠨ ᠬᠡᠯᠪᠡᠷᠢ ᠪᠠᠷ ᠡᠵᠡᠩᠨᠡᠵᠦ᠂ ᠮᠠᠯᠴᠢᠳ ᠲᠤ ᠰᠢᠭᠤᠳ ᠠᠰᠢᠭ ᠬᠦᠷᠳᠡᠭᠡᠵᠤ ᠪᠠᠶᠢᠨ᠎ᠠ᠃ ᠲᠦᠷᠦᠬᠦᠬᠡᠨ ᠪᠠᠰᠠ ᠠᠯᠠᠱᠠ ᠵᠡᠬᠦᠨ ᠬᠤᠰᠢᠭᠤᠨ ᠤ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠠᠴᠠ ᠬᠤᠶᠠᠷ ᠪᠠᠭᠰᠢ ᠤᠷᠢᠵᠤ᠂ ᠭᠠᠴᠠᠭᠠᠨ ᠲᠡᠭᠡᠷ᠎ᠠ ᠪᠠᠨ ᠶᠠᠰᠤᠨ ᠰᠡᠶᠢᠯᠤᠮᠠᠯ᠂ ᠴᠢᠯᠠᠭᠤᠨ ᠰᠡᠶᠢᠯᠤᠮᠠᠯ᠂ ᠰᠢᠬᠢᠷ ᠬᠢᠬᠦ ᠮᠡᠷᠭᠡᠵᠢᠯ ᠤᠨ ᠪᠤᠯᠪᠠᠰᠤᠷᠠᠯ ᠡᠷᠬᠢᠯᠡᠵᠥ᠂ ᠬᠦᠷᠰᠢ ᠵᠡᠷᠭᠡᠯᠡᠳᠡᠭᠡ ᠭᠠᠴᠠᠭ᠎ᠠ ᠶᠢᠨ 100 ᠰᠢᠬᠠᠮ ᠮᠠᠯᠴᠢᠨ ᠳᠤ ᠪᠤᠯᠪᠠᠰᠤᠷᠠᠯ ᠬᠦᠷᠳᠡᠭᠡᠵᠤ᠂ ᠲᠡᠳᠡᠨᠤᠰ ᠤᠨ ᠬᠤᠳᠠ ᠤᠷᠤᠵᠤ ᠠᠵᠢᠯ ᠤᠯᠬᠤ ᠳᠤ ᠮᠡᠷᠬᠡᠵᠢᠯ ᠡᠵᠡᠮᠰᠢᠬᠦᠯᠥᠭᠰᠡᠨ ᠪᠠᠶᠢᠯ᠎ᠠ᠃
     ᠦᠨᠳᠦᠷᠮᠤᠳᠤ ᠭᠠᠴᠠᠭ᠎ᠠ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠠᠵᠢᠯ ᠢ ᠴᠢᠩᠭ᠎ᠠ ᠠᠳᠬᠤᠬᠰᠠᠨ ᠢᠶᠠᠷ ᠦᠯᠦ ᠪᠠᠷᠠᠨ ᠬᠤᠳᠳᠤᠭ ᠮᠠᠯᠳᠠᠬᠤ᠂ ᠤᠤᠭᠤᠬᠤ ᠤᠰᠤ ᠶᠢ ᠴᠡᠪᠡᠷᠰᠢᠬᠦᠯᠬᠦ᠂ ᠴᠠᠬᠢᠯᠭᠠᠨ ᠤᠷᠤᠭᠤᠯᠬᠤ ᠵᠡᠷᠭᠡ ᠮᠠᠯᠴᠢᠳ ᠤᠨ ᠠᠮᠢᠳᠤᠷᠠᠯ ᠲᠠᠢ ᠨᠢᠬᠳᠠ ᠬᠠᠷᠢᠴᠠᠭ᠎ᠠ ᠲᠠᠢ ᠰᠠᠭᠤᠷᠢ ᠲᠦᠬᠦᠬᠡᠷᠦᠮᠵᠢ ᠶᠢ ᠪᠦᠷᠢᠨᠰᠢᠬᠦᠯᠵᠥ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠨᠢ ᠨᠡᠩ ᠰᠠᠶᠢᠵᠢᠷᠠᠭᠤᠯᠤᠭᠰᠠᠨ ᠪᠠᠶᠢᠨ᠎ᠠ᠃
     — ᠲᠠᠷᠠᠭᠠᠴᠢ ᠪᠠᠷ᠂ ᠪᠢᠳᠠ ᠮᠠᠯ ᠤᠨ ᠠᠰᠢᠭ ᠰᠢᠮ᠎ᠠ ᠶᠢ ᠪᠤᠯᠪᠠᠰᠤᠷᠠᠭᠤᠯᠬᠤ ᠦᠢᠯᠡᠳᠪᠦᠷᠢ ᠪᠠᠶᠢᠭᠤᠯᠬᠤ ᠪᠠᠷ ᠲᠠᠮᠵᠢᠨ᠂ ᠮᠠᠯ ᠤᠨ ᠮᠢᠬ᠎ᠠ ᠶᠢᠨ ᠦᠪᠡᠷ ᠤᠨ ᠦᠷᠳᠡᠭ ᠢ ᠨᠢ ᠲᠡᠭᠡᠭᠰᠢᠯᠡᠬᠦᠯᠵᠦ᠂ ᠵᠠᠬ᠎ᠠ ᠲᠡᠯᠭᠡᠭᠦᠷ ᠤᠨ ᠬᠡᠷᠡᠭᠴᠡᠭᠡ ᠳᠤ ᠵᠤᠬᠢᠴᠠᠭᠤᠯᠵᠤ᠂ ᠮᠠᠯ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠬᠦᠯᠤᠨ᠎ᠠ᠃ ᠡᠬᠦᠨ ᠤ ᠰᠠᠭᠤᠷᠢᠨ ᠲᠡᠭᠡᠷ᠎ᠠ ᠵᠠᠮ ᠬᠠᠷᠢᠯᠴᠠᠭ᠎ᠠ ᠭᠠᠵᠠᠷ ᠵᠦᠢ ᠶᠢᠨ ᠪᠠᠶᠢᠷᠢᠰᠢᠯ ᠤᠨ ᠲᠠᠪᠠᠭᠤᠯᠢᠭ ᠢᠶᠠᠨ ᠬᠦᠢᠴᠡᠳ ᠠᠰᠢᠬᠯᠠᠨ᠂ ᠦᠢᠯᠡᠴᠢᠯᠡᠭᠡᠨ ᠤ ᠦᠷᠳᠡᠭᠡ ᠪᠠᠶᠢᠭᠤᠯᠬᠤ᠂ ᠡᠯᠡᠰᠦᠨ ᠳᠤ ᠵᠤᠭᠠᠴᠠᠬᠤ ᠲᠡᠷᠭᠡᠨ ᠤ ᠠᠩᠭᠢ ᠵᠤᠬᠢᠶᠠᠨ ᠪᠠᠶᠢᠭᠤᠯᠬᠤ ᠪᠠᠷ ᠲᠠᠮᠵᠢᠨ ᠵᠤᠭᠠᠴᠠᠯ ᠤᠨ ᠦᠢᠯᠡᠰ ᠠᠴᠠ ᠤᠷᠤᠯᠭ᠎ᠠ ᠤᠯᠬᠤ ᠠᠷᠭ᠎ᠠ ᠵᠠᠮ ᠢᠶᠠᠨ ᠦᠷᠬᠡᠳᠬᠡᠨ᠎ᠡ᠃ ᠭᠠᠴᠠᠭᠠᠨ ᠠᠴᠠ ᠮᠠᠯᠴᠢᠳ ᠢᠶᠠᠨ ᠲᠠᠶᠢᠴᠢᠯᠠᠨ ᠲᠦᠰᠦᠪ ᠲᠦᠯᠥᠪᠯᠡᠭᠡ ᠲᠠᠢ᠂ ᠠᠯᠬᠤᠮ ᠲᠠᠷᠠᠭ᠎ᠠ ᠲᠠᠢ ᠬᠢᠵᠤ ᠯᠠ ᠪᠠᠶᠢᠪᠠᠯ ᠮᠠᠯᠴᠢᠳ ᠤᠨ ᠤᠷᠤᠯᠭ᠎ᠠ ᠨᠡᠩ ᠲᠦᠷᠬᠡᠨ ᠨᠡᠮᠡᠭᠳᠡᠬᠦ ᠪᠤᠯᠤᠨ᠎ᠠ ᠭᠡᠵᠦ ᠰᠡᠴᠡᠨᠪᠠᠭᠠᠳᠤᠷ ᠬᠤᠶᠢᠰᠢᠳᠠ ᠶᠢᠨ ᠠᠵᠢᠯ ᠳᠠᠭᠠᠨ ᠢᠳᠡᠬᠡᠯ ᠲᠦᠬᠦᠷᠡᠩ ᠪᠠᠶᠢᠯ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号