ᠭᠠᠵᠠᠷ ᠵᠦᠢ ᠶᠢᠨ ᠲᠠᠪᠠᠭᠤᠯᠢᠭ ᠢᠶᠠᠨ ᠬᠦᠭᠵᠢᠯᠲᠡ ᠶᠢᠨ ᠳᠠᠯᠳᠠ ᠬᠦᠴᠦᠨ ᠪᠤᠯᠭᠠᠨ᠎ᠠ
2018-01-17 15:23:05
ᠵᠣᠬᠢᠶᠠᠭᠴᠢ᠄ 
ᠴᠡᠴᠡᠭ ᠪᠣᠤ ᠨᠠᠷᠠᠨᠲᠣᠶᠠᠭ᠎ᠠ ᠭᠤᠶᠣᠬᠠᠨ
ᠣᠩᠰᠢᠭᠰᠠᠨ ᠣᠳᠠᠭ᠎ᠠ᠄ 
★★★☆☆

      — ᠠᠯᠠᠱᠠ ᠵᠡᠭᠦᠨ ᠬᠤᠰᠢᠭᠤᠨ ᠤ ᠦᠯᠵᠡᠢ ᠰᠣᠮᠣ ᠶᠢᠨ ᠨᠠᠮ ᠤᠨ ᠬᠤᠷᠢᠶ᠎ᠠ ᠶᠢᠨ ᠱᠦᠵᠢ ᠬᠠᠰᠪᠠᠭᠠᠨ᠎ᠠ ᠶᠢ ᠰᠣᠷᠪᠣᠯᠵᠢᠯᠠᠭᠰᠠᠨ ᠨᠢ

     ᠦᠯᠵᠡᠢ ᠰᠤᠮᠤ ᠪᠤᠯ ᠠᠯᠠᠱᠠ ᠵᠡᠭᠦᠨ ᠬᠤᠰᠢᠭᠤᠨ ᠤ ᠬᠤᠶᠠᠷ ᠬᠢᠯᠢ ᠶᠢᠨ ᠰᠤᠮᠤ ᠶᠢᠨ ᠨᠢᠭᠡ᠂ 7707 ᠲᠡᠭᠰᠢ ᠲᠦᠷᠪᠡᠯᠵᠢᠨ ᠺᠢᠯᠤᠮᠧᠲᠷ ᠨᠤᠳᠤᠭ ᠲᠡᠪᠢᠰᠭᠡᠷ ᠲᠡᠭᠡᠷ᠎ᠠ ᠨᠢ 1000 ᠭᠠᠷᠤᠢ ᠮᠠᠯᠴᠢᠨ ᠠᠷᠠᠳ ᠲᠠᠷᠠᠬᠠᠢ ᠪᠤᠳᠠᠷᠬᠠᠢ ᠰᠠᠭᠤᠷᠢᠰᠢᠵᠤ᠂ ᠪᠦᠬᠦ ᠬᠦᠮᠦᠨ ᠠᠮᠠ ᠶᠢᠨ 90%᠎ ᠠᠴᠠ ᠲᠡᠭᠡᠭᠰᠢᠬᠢ ᠨᠢ ᠮᠤᠩᠭᠤᠯ ᠦᠨᠳᠦᠰᠦᠳᠡᠨ ᠪᠤᠯᠬᠤ ᠴᠤᠯ ᠮᠠᠯᠵᠢᠬᠤ ᠰᠤᠮᠤ ᠪᠤᠯᠤᠨ᠎ᠠ᠃
     ᠠᠯᠠᠱᠠ ᠵᠡᠭᠦᠨ ᠬᠤᠰᠢᠭᠤᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠵᠤ ᠪᠠᠶᠢᠭ᠎ᠠ ᠲᠠᠰᠢᠷᠠᠮ ᠢᠶᠠᠷ ᠰᠤᠷᠪᠤᠯᠵᠢᠯᠠᠭᠴᠢ 1 ᠰᠠᠷ᠎ᠠ ᠶᠢᠨ 7᠎ ᠤ ᠡᠳᠦᠷ ᠲᠤᠰ ᠬᠤᠷᠠᠯ ᠳᠤ ᠤᠷᠤᠯᠴᠠᠵᠤ ᠪᠠᠶᠢᠭᠰᠠᠨ ᠦᠯᠵᠡᠢ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠬᠠᠰᠪᠠᠭᠠᠨ᠎ᠠ ᠶᠢ ᠰᠤᠷᠪᠤᠯᠵᠢᠯᠠᠵᠤ᠂ ᠦᠯᠵᠡᠢ ᠰᠤᠮᠤ ᠶᠢᠨ ᠤᠳᠤᠬᠠᠨ ᠤ ᠬᠦᠭᠵᠢᠯᠳᠡ ᠶᠢᠨ ᠪᠠᠶᠢᠳᠠᠯ᠂ ᠲᠠᠷᠠᠭᠠᠴᠢ ᠶᠢᠨ ᠬᠦᠭᠵᠢᠯᠳᠡ ᠶᠢᠨ ᠭᠤᠤᠯᠳᠠᠯᠭ᠎ᠠ ᠵᠡᠷᠭᠡ ᠲᠠᠯ᠎ᠠ ᠠᠴᠠ ᠰᠤᠷᠪᠤᠯᠵᠢᠯᠠᠭ᠎ᠠ ᠠᠪᠤᠭᠰᠠᠨ ᠶᠤᠮ᠃
     ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠨᠢ ᠦᠨᠳᠦᠰᠦᠨ ᠱᠠᠳᠤ ᠮᠠᠯᠵᠢᠬᠤ ᠤᠷᠤᠨ ᠤ ᠬᠦᠭᠵᠢᠯᠳᠡ ᠳᠤ ᠴᠢᠭᠯᠡᠯ ᠢ ᠵᠢᠭᠠᠵᠤ ᠦᠭᠭᠦᠯ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠤᠷᠠᠯᠳᠤᠵᠤ ᠪᠠᠶᠢᠭᠰᠠᠨ ᠬᠤᠭᠤᠴᠠᠭᠠᠨ ᠳᠤ᠂ ᠪᠢᠳᠡ ᠮᠠᠯᠴᠢᠳ ᠢᠶᠠᠨ ᠤᠯᠠᠨ ᠤᠳᠠᠭ᠎ᠠ ᠵᠤᠬᠢᠶᠠᠨ ᠪᠠᠶᠢᠭᠤᠯᠵᠤ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠭᠰᠠᠨ᠂ ᠭᠡᠬᠦ ᠳᠤ ᠰᠤᠷᠤᠯᠴᠠᠵᠤ ᠲᠤᠤᠱᠯᠠᠭᠤᠯᠬᠤ ᠪᠤᠯ ᠤᠬᠤᠷᠬᠠᠨ ᠬᠤᠭᠤᠴᠠᠭᠠᠨ ᠤ ᠶᠠᠪᠤᠳᠠᠯ ᠪᠢᠰᠢ᠂ ᠬᠠᠷᠢᠨ ᠤᠷᠳᠤ ᠬᠤᠭᠤᠴᠠᠭ᠎ᠠ ᠪᠠᠷᠢᠮᠳᠠᠯᠠᠭᠤᠰᠢᠳᠠᠢ ᠴᠢᠬᠤᠯᠠ ᠠᠵᠢᠯ ᠪᠤᠯᠬᠤ ᠶᠤᠮ᠃ ᠰᠤᠮᠤᠨ ᠤ ᠲᠠᠷᠠᠭᠠᠴᠢ ᠶᠢᠨ ᠠᠵᠢᠯ ᠳᠠᠭᠠᠨ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠨᠠᠮ ᠤᠨ ᠪᠠᠶᠢᠭᠤᠯᠤᠯᠳᠠ ᠪᠠᠷ ᠠᠵᠤ ᠠᠬᠤᠢ᠂ ᠨᠡᠶᠢᠭᠡᠮ᠂ ᠠᠷᠠᠳ ᠤᠨ ᠠᠮᠢᠳᠤᠷᠠᠯ ᠵᠡᠷᠭᠡ ᠪᠦᠬᠦ ᠲᠠᠯ᠎ᠠ ᠶᠢ ᠵᠢᠯᠤᠭᠤᠳᠤᠭᠤᠯᠬᠤ ᠶᠢ ᠪᠠᠷᠢᠮᠳᠠᠯᠠᠨ᠎ᠠ︔ ᠬᠦᠮᠦᠵᠢᠯ ᠤᠨ ᠠᠵᠢᠯ ᠢ ᠴᠢᠩᠭᠠᠳᠬᠠᠵᠤ᠂ ᠡᠯᠳᠡᠪ ᠤᠨ ᠦᠵᠡᠯ ᠤᠬᠠᠮᠰᠠᠷ ᠮᠠᠯᠴᠢᠳ ᠤᠨ ᠲᠤᠮᠳᠠ ᠨᠡᠪᠴᠢᠵᠦ ᠤᠷᠤᠬᠤ ᠶᠢ ᠴᠢᠩᠭ᠎ᠠ ᠰᠡᠷᠭᠡᠶᠢᠯᠡᠨ᠎ᠠ︔ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠤ᠂ ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠪᠠᠷ ᠬᠦᠴᠦᠯᠡᠨ ᠴᠢᠷᠮᠠᠶᠢᠨ᠎ᠠ᠃ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠲᠦᠷᠢᠮ ᠢ ᠲᠠᠬᠢᠭᠠᠳ 30 ᠵᠢᠯ ᠬᠤᠪᠢᠷᠠᠭᠤᠯᠬᠤ ᠦᠭᠡᠢ ᠭᠡᠵᠦ ᠲᠤᠷᠠᠳᠤᠭᠰᠠᠨ ᠠᠰᠢᠳᠠᠢ ᠲᠤᠬᠢᠶᠠᠯ ᠢᠶᠠᠷ ᠮᠠᠯᠴᠢᠳ ᠤᠨ ᠢᠶᠠᠨ ᠦᠢᠯᠡᠳᠪᠦᠷᠢᠯᠡᠯ ᠠᠮᠢᠳᠤᠷᠠᠯ ᠢ ᠨᠢ ᠰᠢᠨ᠎ᠠ ᠪᠠᠷ ᠲᠦᠯᠦᠪᠵᠢᠭᠦᠯᠵᠦ ᠪᠦᠳᠦᠭᠡᠨ ᠪᠠᠶᠢᠭᠤᠯᠤᠨ᠂ ᠠᠰᠢᠭ ᠤᠷᠤᠯᠭ᠎ᠠ ᠶᠢ ᠨᠢ ᠨᠡᠮᠡᠭᠳᠡᠭᠦᠯᠬᠦ ᠲᠠᠯ᠎ᠠ ᠪᠠᠷ ᠬᠦᠴᠦᠯᠡᠨ᠎ᠠ ᠭᠡᠵᠦ ᠬᠠᠰᠪᠠᠭᠠᠨ᠎ᠠ ᠱᠦᠵᠢ ᠢᠯᠡᠳᠭᠡᠯ ᠤᠨ ᠵᠤᠷᠢᠭ ᠰᠠᠨᠠᠭ᠎ᠠ ᠲᠠᠢ ᠤᠶᠠᠯᠳᠤᠭᠤᠯᠤᠨ ᠦᠵᠡᠯ ᠪᠤᠳᠤᠯ ᠢᠶᠠᠨ ᠲᠡᠯᠭᠡᠨ᠎ᠠ᠃
     ᠦᠯᠵᠡᠢ ᠰᠤᠮᠤ ᠭᠠᠵᠠᠷ ᠵᠦᠢ ᠶᠢᠨ ᠲᠠᠪᠠᠭᠤᠯᠢᠭ ᠨᠦᠬᠦᠴᠡᠯ ᠲᠠᠢ᠂ ᠵᠠᠮ ᠬᠠᠷᠢᠯᠴᠠᠭᠠᠨ ᠤ ᠴᠢᠬᠤᠯᠠ ᠪᠠᠭᠠᠯᠵᠤᠤᠷ ᠪᠤᠯᠤᠨ᠎ᠠ᠃ ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠰᠠᠮᠠᠯ ᠵᠠᠮ᠂ ᠯᠢᠨ ᠾᠧ ᠠᠴᠠ ᠴᠡᠭᠡ ᠬᠦᠷᠬᠦ ᠲᠡᠮᠦᠷ ᠵᠠᠮ ᠤᠨ ᠱᠤᠭᠤᠮ ᠡᠭᠦᠪᠡᠷ ᠦᠩᠭᠡᠷᠡᠵᠦ ᠪᠠᠶᠢᠬᠤ ᠪᠦᠭᠡᠳ S312 ᠪᠤᠯᠤᠨ S218 ᠮᠤᠵᠢ ᠶᠢᠨ ᠲᠡᠰ ᠤᠨ ᠵᠠᠰᠠᠮᠠᠯ ᠵᠠᠮ ᠤᠨ ᠠᠭᠤᠯᠵᠠᠷ ᠴᠡᠭ ᠪᠤᠯᠤᠨ᠎ᠠ᠃ ᠰᠢᠨ᠎ᠠ ᠪᠠᠷ ᠨᠡᠭᠡᠭᠡᠭᠳᠡᠵᠦ ᠪᠠᠶᠢᠭ᠎ᠠ ᠦᠯᠵᠡᠢ ᠬᠢᠯᠢ ᠶᠢᠨ ᠪᠤᠭᠤᠮᠳᠠ ᠦᠯᠵᠡᠢ ᠰᠤᠮᠤ ᠶᠢᠨ ᠬᠢᠯᠢ ᠲᠤᠳᠤᠷ᠎ᠠ ᠪᠠᠶᠢᠳᠠᠬ᠃
     ᠦᠯᠵᠡᠢ ᠰᠤᠮᠤ ᠨᠢ ᠤᠯᠠᠮᠵᠢᠯᠠᠯᠳᠤ ᠮᠠᠯ ᠠᠵᠤ ᠠᠬᠤᠢ ᠪᠠᠷ ᠭᠤᠤᠯᠳᠠᠭᠤᠯᠵᠤ᠂ ᠪᠦᠬᠦ ᠰᠤᠮᠤ ᠪᠠᠷ ᠢᠶᠠᠨ 4300 ᠭᠠᠷᠤᠢ ᠲᠡᠮᠡᠭᠡ ᠮᠠᠯᠵᠢᠵᠦ᠂ ᠲᠡᠮᠡᠭᠡ ᠢᠮᠠᠭ᠎ᠠ ᠪᠠᠷ ᠭᠤᠤᠯ ᠪᠤᠯᠭᠠᠵᠤ ᠪᠤᠢ᠃ ᠨᠤᠳᠤᠭ ᠨᠢ ᠭᠤᠪᠢ ᠴᠦᠯ ᠪᠤᠯᠬᠤᠷ ᠰᠢᠭᠤᠷᠭ᠎ᠠ ᠶᠡᠭᠡ᠂ ᠲᠠᠷᠢᠶ᠎ᠠ ᠲᠠᠷᠢᠬᠤ ᠶᠢᠨ ᠠᠷᠭ᠎ᠠ ᠦᠭᠡᠢ᠂ ᠶᠡᠬᠡᠩᠬᠢ ᠭᠠᠵᠠᠷ ᠲᠤᠨᠢ ᠤᠯᠠᠭᠠᠨ ᠪᠤᠳᠠᠷᠭᠠᠨ᠎ᠠ᠂ ᠪᠤᠷᠤ ᠪᠤᠳᠠᠷᠭᠠᠨ᠎ᠠ ᠬᠡᠬᠦ ᠬᠤᠵᠢᠷᠯᠢᠭ ᠰᠢᠷᠦᠭᠦᠨ ᠡᠪᠡᠰᠤ ᠤᠷᠭᠤᠵᠤ᠂ ᠦᠨᠳᠦᠰᠦ ᠨᠢ ᠭᠠᠵᠠᠷ ᠠᠴᠠ ᠲᠤᠷᠤᠭᠰᠢ 7 — 8 ᠮᠧᠲᠷ ᠭᠦᠨ ᠬᠠᠳᠬᠤᠵᠤ᠂ ᠲᠡᠮᠡᠭᠡ ᠢᠳᠡᠬᠦ ᠳᠤ ᠯᠡ ᠲᠤᠬᠢᠷᠠᠨ᠎ᠠ᠂ ᠪᠤᠭ ᠮᠠᠯ ᠬᠠᠷᠢᠭᠤᠯᠬᠤ ᠶᠢᠨ ᠠᠷᠭ᠎ᠠ ᠦᠭᠡᠢ᠃ 2012 — 2016 ᠤᠨ ᠤ ᠡᠴᠤᠰ ᠪᠤᠯᠳᠠᠯ᠎ᠠ ᠵᠢᠯ ᠤᠨ ᠦᠩᠭᠡ ᠰᠠᠶᠢᠨ ᠪᠤᠯᠬᠤᠷ ᠨᠤᠳᠤᠭ ᠤᠨ ᠲᠡᠮᠡᠭᠡ ᠦᠨᠢᠷ ᠦᠰᠴᠤ᠂ 2017 ᠤᠨ ᠳᠤ ᠭᠠᠩ ᠬᠠᠭᠰᠠᠷᠠᠭᠠᠨ ᠪᠤᠯᠤᠭᠰᠠᠨ ᠢᠶᠠᠷ ᠮᠠᠯᠴᠢᠳ ᠲᠡᠮᠡᠭᠡ ᠪᠠᠨ ᠨᠡᠯᠢᠶᠡᠳ ᠬᠤᠳᠠᠯᠳᠤᠭᠰᠠᠨ ᠢ ᠰᠤᠷᠪᠤᠯᠵᠢᠯᠠᠭ᠎ᠠ ᠶᠢᠨ ᠲᠤᠮᠳᠠ ᠤᠢᠢᠯᠠᠭᠠᠵᠠᠢ᠃
     ︽ᠮᠠᠯᠴᠢᠳ ᠤᠨ ᠭᠤᠤᠯ ᠤᠷᠤᠯᠭ᠎ᠠ ᠭᠤᠷᠪᠠᠳᠤᠭᠠᠷ ᠠᠵᠤ ᠦᠢᠯᠡᠰ ᠠᠴᠠ ᠢᠷᠡᠯᠳᠡ ᠲᠠᠢ᠂ ᠲᠠᠷᠤᠢ ᠵᠤᠭᠠᠴᠠᠯ ᠤᠨ ᠦᠢᠯᠡᠴᠢᠯᠡᠭᠡᠨ ᠤ ᠦᠢᠯᠡᠰ᠂ ᠬᠢᠯᠢ ᠶᠢᠨ ᠪᠤᠭᠤᠮᠳᠠ ᠶᠢᠨ ᠦᠢᠯᠡᠴᠢᠯᠡᠭᠡᠨ ᠤ ᠦᠢᠯᠡᠰ ᠲᠤ ᠲᠦᠰᠢᠭᠯᠡᠵᠦ ᠪᠤᠢ᠃ ᠠᠯᠳᠠᠨ ᠲᠤᠤᠷᠠᠢ ᠦᠵᠡᠬᠦ ᠪᠠᠷ ᠡᠵᠡᠨ᠎ᠠ ᠳᠤ ᠮᠠᠰᠢᠨ ᠲᠡᠷᠭᠡ ᠪᠠᠷ ᠤᠴᠢᠳᠠᠭ ᠬᠦᠮᠦᠰ ᠪᠦᠷ ᠦᠯᠵᠡᠢ ᠰᠤᠮᠤ ᠶᠢᠨ ᠬᠢᠯᠢ ᠪᠠᠷ ᠦᠩᠭᠡᠷᠡᠳᠡᠭ᠃ 2017 ᠤᠨ ᠤ 9 ᠰᠠᠷ᠎ᠠ ᠶᠢᠨ ᠰᠡᠭᠦᠯᠴᠢ ᠠᠴᠠ 10 ᠰᠠᠷ᠎ᠠ ᠶᠢᠨ ᠡᠬᠢ ᠪᠤᠯᠳᠠᠯᠠᠬᠢ 20 ᠰᠢᠬᠠᠮ ᠡᠳᠦᠷ ᠲᠤ ᠦᠯᠵᠡᠢ ᠰᠤᠮᠤ ᠶᠢᠨ ᠬᠢᠯᠢ ᠪᠠᠷ ᠦᠩᠭᠡᠷᠡᠭᠰᠡᠨ ᠵᠤᠴᠢᠳ 50 ᠭᠠᠷᠤᠢ ᠲᠦᠮᠡ ᠳᠤ ᠬᠦᠷᠴᠡᠢ᠂ ᠡᠨᠡ ᠨᠢ ᠰᠤᠮᠤᠨ ᠤ ᠬᠤᠭᠤᠯᠠ ᠤᠮᠳᠠ ᠬᠤᠨᠤᠭ ᠪᠠᠭᠤᠳᠠᠯ ᠤᠨ ᠦᠢᠯᠡᠴᠢᠯᠡᠭᠡᠨ ᠤ ᠦᠢᠯᠡᠰ ᠤᠨ ᠤᠷᠤᠯᠭ᠎ᠠ ᠶᠢ ᠶᠡᠭᠡ ᠨᠡᠮᠡᠭᠳᠡᠬᠦᠯᠦᠭᠰᠡᠨ᠃ ᠲᠠᠷᠠᠭᠠᠴᠢ ᠪᠠᠷ ᠪᠢᠳᠡ ᠡᠨᠡ ᠬᠤᠶᠠᠷ ᠲᠠᠯ᠎ᠠ ᠪᠠᠷ ᠬᠦᠴᠦᠯᠡᠨ᠎ᠠ︾ ᠭᠡᠵᠦ ᠬᠠᠰᠪᠠᠭᠠᠨ᠎ᠠ ᠱᠦᠵᠢ ᠲᠠᠷᠠᠭᠠᠴᠢ ᠶᠢᠨ ᠠᠵᠢᠯ ᠤᠨ ᠲᠦᠰᠦᠪ ᠲᠦᠯᠦᠪᠯᠡᠭᠡ ᠶᠢᠨ ᠢᠶᠠᠨ ᠲᠤᠬᠠᠢ ᠲᠡᠯᠭᠡᠵᠦ ᠪᠠᠶᠢᠪᠠ᠃
     ︽2017 ᠤᠨ ᠳᠤ ᠦᠯᠵᠡᠢ ᠰᠤᠮᠤᠨ ᠤ ᠬᠦᠮᠥᠨ ᠮᠠᠯ ᠤᠨ ᠤᠰᠤ ᠤᠮᠳᠠ ᠶᠢᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢᠨ ᠲᠦᠯᠥᠬᠡ᠂ ᠠᠯᠠᠱᠠ ᠵᠡᠭᠦᠨ ᠬᠤᠰᠢᠭᠤᠨ ᠠᠴᠠ 2800 ᠲᠦᠮᠡᠨ ᠲᠦᠭᠦᠷᠢᠭ ᠪᠡᠯᠡ ᠤᠷᠤᠭᠤᠯᠵᠤ᠂ ᠦᠯᠵᠡᠢ ᠰᠤᠮᠤ ᠶᠢᠨ ᠬᠠᠷᠢᠶᠠᠨ ᠳᠤ 8 ᠮᠠᠰᠢᠨ ᠬᠤᠳᠳᠤᠭ ᠮᠠᠯᠲᠠᠵᠦ ᠬᠤᠭᠤᠷᠤᠨᠳᠤ ᠨᠢ ᠪᠦᠷ ᠭᠤᠤᠷᠰᠤ ᠪᠠᠷ ᠬᠤᠯᠪᠤᠭᠠᠳ ᠲᠠᠯᠪᠢᠭᠰᠠᠨ ᠪᠠᠶᠢᠳᠠᠭ᠃ ᠡᠨᠡ 8 ᠬᠤᠳᠳᠤᠭ ᠠᠰᠢᠠᠠᠯᠠᠯᠳᠠ ᠳᠤ ᠤᠷᠤᠪᠠᠯ᠂ ᠤᠢᠢᠷ᠎ᠠ ᠶᠢᠨ ᠲᠠᠪᠤ ᠠᠴᠠ ᠠᠷᠪᠠᠨ ᠵᠢᠯ ᠤᠨ ᠤᠰᠤᠨ ᠤ ᠬᠡᠷᠡᠭᠴᠡᠭᠡ ᠶᠢ ᠬᠠᠩᠭᠠᠬᠤ ᠳᠤ ᠶᠠᠮᠠᠷᠴᠤ ᠠᠰᠠᠭᠤᠳᠠᠯ ᠦᠭᠡᠢ᠃ ᠬᠡᠪᠡᠴᠦ ᠪᠢᠳᠡ ᠲᠦᠯᠥᠪᠯᠡᠭᠡ ᠲᠠᠢ ᠠᠰᠢᠭᠯᠠᠬᠤ ᠬᠡᠷᠡᠭᠳᠡᠢ᠂ ᠤᠳᠤ ᠪᠦᠬᠦ ᠰᠤᠮᠤᠨ ᠤ ᠤᠰᠤᠨ ᠤ ᠬᠡᠷᠡᠭᠴᠡᠭᠡ ᠶᠢ ᠬᠠᠩᠭᠠᠬᠤ ᠳᠤ ᠬᠡᠳᠦᠨ ᠬᠤᠳᠳᠤᠭ ᠢ ᠨᠢ ᠤᠷᠢᠳᠠᠪᠠᠷ ᠨᠡᠭᠡᠭᠡᠪᠡᠯ ᠵᠤᠬᠢᠬᠤ ᠲᠤᠬᠠᠢ ᠬᠡᠮᠵᠢᠨ ᠲᠤᠭᠳᠠᠭᠠᠳᠤᠢ ᠪᠠᠶᠢᠭᠰᠠᠭᠠᠷ︾ ᠭᠡᠵᠦ ᠬᠠᠰᠪᠠᠭᠠᠨ᠎ᠠ ᠱᠦᠵᠢ ᠤᠰᠤᠨ ᠤ ᠲᠤᠬᠠᠢ ᠰᠠᠶᠢᠬᠠᠨ ᠰᠤᠷᠠᠭ ᠲᠤᠭᠤᠯᠭᠠᠵᠤ ᠪᠢᠯᠠ᠃ ︽ᠭᠤᠪᠢ ᠴᠦᠯᠯᠡᠷᠬᠡᠭ ᠭᠠᠵᠠᠷ ᠲᠤ ᠤᠰᠤ ᠲᠠᠢ ᠯᠠ ᠪᠤᠯ ᠠᠮᠢ ᠠᠮᠢᠵᠢᠷᠠᠯ ᠲᠥᠯᠵᠢᠬᠦ ᠯᠠ ᠤᠴᠢᠷᠲᠠᠢ︾ ᠭᠡᠰᠡᠨ ᠬᠠᠰᠪᠠᠭᠠᠨ᠎ᠠ ᠱᠦᠵᠢ ᠶᠢᠨ ᠢᠳᠡᠬᠡᠯ ᠲᠥ᠋ᠬᠦᠷᠡᠩ ᠦᠬᠡᠨ ᠠᠴᠠ ᠦᠯᠵᠡᠢ ᠰᠤᠮᠤ ᠶᠢᠨ ᠰᠠᠶᠢᠨ ᠰᠠᠶᠢᠬᠠᠨ ᠮᠠᠷᠭᠠᠰᠢ ᠶᠢ ᠤᠯᠵᠤ ᠬᠠᠷᠠᠬᠤ ᠰᠢᠤᠬᠠᠨ ᠪᠤᠯᠤᠯ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号