︽ᠡᠵᠡᠩᠨᠡᠵᠥ ᠯᠠ ᠴᠢᠳᠠᠪᠠᠯ ᠡᠯᠡᠰᠦᠨ ᠨᠤᠳᠤᠭ ᠮᠠᠨᠢ ᠡᠷᠳᠡᠨᠢ ᠶᠢᠨ ᠬᠦᠮᠥᠷᠬᠡ ᠪᠤᠯᠬᠤ ᠳᠤ ᠬᠤᠯᠠ ᠦᠬᠡᠢ ᠰᠢᠤ︾
2018-01-20 17:19:49
ᠵᠣᠬᠢᠶᠠᠭᠴᠢ᠄ 
ᠴᠡᠴᠡᠭ ᠭᠤᠶᠤᠬᠠᠨ ᠪᠤᠤ ᠨᠠᠷᠠᠨᠳᠤᠶᠠᠭ᠎ᠠ
ᠣᠩᠰᠢᠭᠰᠠᠨ ᠣᠳᠠᠭ᠎ᠠ᠄ 
★★★☆☆

     — ᠠᠯᠠᠱᠠ ᠪᠠᠷᠠᠭᠤᠨ ᠬᠤᠰᠢᠭᠤᠨ ᠤ ᠠᠯᠳᠠᠨᠴᠤᠭ ᠰᠤᠮᠤ ᠶᠢᠨ ᠰᠤᠮᠤᠨ ᠲᠠᠷᠤᠭ᠎ᠠ ᠰᠦᠬᠡᠪᠠᠭᠠᠳᠤᠷ ᠢ ᠰᠤᠷᠪᠤᠯᠵᠢᠯᠠᠭᠰᠠᠨ ᠨᠢ

     ᠠᠯᠠᠱᠠ ᠪᠠᠷᠠᠭᠤᠨ ᠬᠤᠰᠢᠭᠤᠨ ᠤ ᠪᠠᠷᠠᠭᠤᠨ ᠡᠮᠥᠨ᠎ᠡ ᠪᠠᠶᠢᠷᠢᠯᠠᠵᠤ ᠪᠠᠶᠢᠭ᠎ᠠ ᠠᠯᠳᠠᠨᠴᠤᠭ ᠰᠤᠮᠤ ᠶᠢᠨ ᠭᠠᠵᠠᠷ ᠨᠤᠳᠤᠭ ᠦᠷᠬᠡᠨ ᠠᠭᠤᠳᠠᠮ᠂ ᠠᠭᠤᠯᠠᠷᠬᠠᠭ ᠭᠠᠵᠠᠷ᠂ ᠭᠤᠪᠢ ᠴᠦᠯ᠂ ᠡᠯᠡᠰᠦ ᠮᠠᠩᠬ᠎ᠠ ᠪᠠᠷ ᠭᠤᠤᠯᠳᠠᠭᠤᠯᠵᠤ ᠪᠠᠶᠢᠭ᠎ᠠ ᠴᠤ ᠡᠬᠢ ᠪᠠᠶᠠᠯᠢᠭ ᠡᠯᠪᠡᠭ ᠲᠡᠯᠪᠡᠭ᠂ ᠭᠤᠪᠢ ᠶᠢᠨ ᠲᠡᠮᠡᠭᠡ᠂ ᠨᠤᠯᠤᠤᠷ ᠤᠨ ᠴᠠᠭᠠᠨ ᠢᠮᠠᠭ᠎ᠠ ᠠᠴᠠ ᠭᠠᠳᠠᠨ᠎ᠠ ᠠᠯᠳᠠ᠂ ᠨᠡᠬᠦᠷᠡᠰᠦ᠂ ᠲᠡᠮᠥᠷ ᠮᠡᠳᠦ ᠶᠢᠨ ᠠᠭᠤᠷᠬᠠᠢ ᠶᠢᠨ ᠪᠤᠯᠠᠭᠳᠠᠴᠠ ᠲᠠᠢ᠂ ᠭᠤᠶᠤᠤ᠂ ᠬᠦᠮᠡᠯᠢ᠂ ᠰᠢᠬᠢᠷ ᠡᠪᠡᠰᠦ ᠮᠡᠳᠦ ᠶᠢᠨ ᠡᠮᠳᠦ ᠤᠷᠭᠤᠮᠠᠯ ᠲᠠᠢ ᠦᠯᠵᠡᠶᠢᠳᠦ ᠰᠠᠶᠢᠬᠠᠨ ᠨᠤᠳᠤᠭ ᠪᠤᠯᠬᠤ ᠶᠤᠮ᠃ ᠤᠢᠢᠷ᠎ᠠ ᠶᠢᠨ ᠭᠡᠳᠦᠨ ᠵᠢᠯ ᠳᠤ ᠠᠯᠳᠠᠨᠴᠤᠭ ᠰᠤᠮᠤ ᠤᠷᠤᠨ ᠨᠤᠳᠤᠭ ᠤᠨ ᠡᠬᠢ ᠪᠠᠶᠠᠯᠢᠭ ᠤᠨ ᠲᠠᠪᠠᠭᠤᠯᠢᠭ ᠢᠶᠠᠨ ᠬᠦᠢᠴᠡᠳ ᠠᠰᠢᠬᠯᠠᠵᠤ᠂ ᠤᠷᠤᠨ ᠨᠤᠳᠤᠭ ᠤᠨ ᠵᠤᠭᠠᠴᠠᠯ ᠤᠨ ᠦᠢᠯᠡᠰ ᠢ ᠬᠦᠭᠵᠢᠬᠦᠯᠵᠥ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠥᠬᠡᠳ ᠬᠤᠯᠠ ᠤᠢᠢᠷ᠎ᠠ ᠶᠢᠨ ᠬᠢᠨ ᠤ ᠠᠩᠬᠠᠷᠤᠯ ᠢ ᠲᠠᠳᠠᠭᠰᠠᠨ ᠪᠠᠶᠢᠳᠠᠭ᠃ ᠲᠡᠭᠡᠪᠡᠯ ᠲᠡᠳᠡᠨ ᠤ ᠠᠮᠵᠢᠯᠳᠠ ᠶᠢᠨ ᠠᠨᠢᠰᠤ ᠶᠠᠭᠤ ᠪᠤᠯᠬᠤ ᠪᠤᠢ︖ ᠬᠤᠶᠢᠰᠢᠳᠠ ᠶᠢᠨ ᠬᠦᠭᠵᠢᠯᠳᠡ ᠶᠢᠨ ᠰᠡᠳᠬᠢᠴᠡ ᠨᠢ ᠶᠠᠮᠠᠷᠬᠠᠨ ᠪᠠᠶᠢᠭ᠎ᠠ ᠪᠤᠯ︖ 1 ᠰᠠᠷ᠎ᠠ ᠶᠢᠨ 9᠎ ᠤ ᠡᠳᠦᠷ ᠰᠤᠷᠪᠤᠯᠵᠢᠯᠠᠬᠴᠢ ᠠᠯᠠᠱᠠ ᠪᠠᠷᠠᠭᠤᠨ ᠬᠤᠰᠢᠭᠤᠨ ᠤ ᠠᠯᠳᠠᠨᠴᠤᠭ ᠰᠤᠮᠤ ᠶᠢᠨ ᠰᠤᠮᠤᠨ ᠲᠠᠷᠤᠭ᠎ᠠ ᠰᠦᠬᠡᠪᠠᠭᠠᠳᠤᠷ ᠢ ᠰᠤᠷᠪᠤᠯᠵᠢᠯᠠᠪᠠ᠃
     — ᠮᠠᠨ ᠤ ᠰᠤᠮᠤᠨ ᠤ ᠡᠬᠢ ᠪᠠᠶᠠᠯᠢᠭ ᠤᠨ ᠲᠠᠪᠠᠭᠤᠯᠢᠭ᠂ ᠤᠷᠤᠨ ᠪᠠᠶᠢᠷᠢ ᠶᠢᠨ ᠲᠠᠪᠠᠭᠤᠯᠢᠭ ᠨᠢ ᠪᠤᠰᠤᠳ ᠭᠠᠵᠠᠷ ᠠᠴᠠ ᠲᠤᠪᠤᠶᠢᠮ᠎ᠠ ᠪᠠᠶᠢᠳᠠᠭ᠃ ᠤᠷᠤᠨ ᠪᠠᠶᠢᠷᠢ ᠶᠢᠨ ᠲᠠᠯ᠎ᠠ ᠪᠠᠷ ᠡᠾᠧᠰᠢ ᠶᠢᠨ ᠬᠤᠨᠭ᠍ᠭᠢᠯ ᠤᠨ ᠭᠤᠷᠪᠠᠨ ᠰᠠᠯᠠᠭ᠎ᠠ ᠵᠠᠮ ᠤᠨ ᠠᠭᠤᠯᠵᠠᠷ ᠲᠤ ᠪᠠᠶᠢᠷᠢᠰᠢᠵᠤ ᠪᠠᠶᠢᠬᠤ ᠲᠤᠯᠠ ᠵᠠᠮ ᠬᠠᠷᠢᠯᠴᠠᠭᠠᠨ ᠤ ᠬᠦᠢᠰᠦ ᠪᠤᠯᠬᠤ ᠲᠠᠪᠠᠭᠤᠯᠢᠭ ᠲᠠᠢ᠃ ᠡᠬᠢ ᠪᠠᠶᠠᠯᠢᠭ ᠤᠨ ᠲᠠᠯ᠎ᠠ ᠪᠠᠷ᠂ ᠮᠠᠨ ᠤ ᠰᠤᠮᠤᠨ ᠤ ᠬᠠᠷᠢᠶᠠᠨ ᠳᠤ ᠬᠤᠰᠢᠭᠤ ᠨᠤᠳᠤᠭ ᠲᠠᠭᠠᠨ ᠠᠯᠳᠠᠷᠳᠠᠢ ᠠᠯᠳᠠᠨ ᠲᠠᠪᠰᠢ ᠶᠢᠨ ᠰᠦᠮ᠎ᠠ᠂ ᠬᠠᠶᠢᠰᠤᠨ ᠴᠢᠯᠠᠭᠤ ᠶᠢᠨ ᠬᠠᠴᠢᠨ ᠤᠢ ᠶᠢᠨ ᠦᠵᠡᠮᠵᠢ ᠶᠢᠨ ᠤᠷᠤᠨ ᠵᠡᠷᠭᠡ ᠬᠤᠶᠠᠷ ᠨᠡᠷᠡᠳᠦ ᠵᠤᠭᠠᠴᠠᠯ ᠤᠨ ᠤᠷᠤᠨ ᠲᠠᠢ ᠪᠦᠬᠡᠳ ᠠᠭᠤᠷᠬᠠᠢ ᠶᠢᠨ ᠡᠬᠢ ᠪᠠᠶᠠᠯᠢᠭ
ᠡᠯᠪᠡᠭ᠃ ᠪᠢᠳᠡ ᠤᠷᠤᠨ ᠨᠤᠳᠤᠭ ᠤᠨ ᠪᠤᠳᠠᠳᠠᠢ ᠲᠠᠢ ᠪᠠᠨ ᠤᠶᠠᠯᠳᠤᠭᠤᠯᠵᠤ᠂ ᠰᠤᠯᠤᠩᠭᠠᠨ ᠬᠠᠪᠴᠢᠯ᠂ ᠨᠤᠭᠤᠭᠠᠨ ᠬᠤᠳᠤᠭᠤᠷ ᠤᠨ ᠵᠤᠰᠠᠭᠠᠯ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠤᠨ ᠰᠠᠭᠤᠷᠢᠨ ᠭᠠᠵᠠᠷ ᠵᠠᠷᠭᠡ ᠵᠤᠭᠠᠴᠠᠯ ᠤᠨ ᠲᠦᠷᠦᠯ ᠵᠦᠢᠯ ᠢ ᠨᠡᠭᠡᠭᠡᠨ ᠭᠦᠭᠵᠢᠬᠦᠯᠵᠦ ᠪᠤᠢ᠃ ᠠᠵᠤ ᠦᠢᠯᠡᠰ ᠤᠨ ᠲᠠᠯ᠎ᠠ ᠪᠠᠷ᠂ ᠮᠠᠨ ᠤ ᠰᠤᠮᠤᠨ ᠤ ᠮᠠᠯ ᠠᠵᠤ ᠠᠬᠤᠢ᠂ ᠲᠡᠮᠡᠭᠡᠨ ᠤ ᠠᠵᠤ
ᠦᠢᠯᠡᠰ᠂ ᠡᠯᠡᠰᠦᠨ ᠤ ᠠᠵᠤ ᠦᠢᠯᠡᠰ᠂ ᠤᠷᠭᠠᠨᠢᠭ ᠢᠳᠡᠰᠢᠨ ᠨᠤᠭᠤᠭ᠎ᠠ ᠶᠢᠨ ᠠᠵᠤ ᠦᠢᠯᠡᠰ ᠵᠢᠴᠢ ᠤᠨᠴᠠᠯᠢᠬᠳᠦ ᠲᠡᠵᠢᠭᠡᠪᠦᠷᠢ ᠶᠢᠨ ᠠᠵᠤ ᠦᠢᠯᠡᠰ ᠪᠦᠷ ᠨᠡᠯᠢᠶᠡᠳ ᠰᠠᠶᠢᠨ ᠭᠦᠭᠵᠢᠯᠳᠠ ᠶᠢᠨ ᠬᠠᠨᠳᠤᠰᠢ ᠲᠠᠢ ᠪᠠᠶᠢᠵᠤ᠂ ᠪᠦᠬᠦ ᠤᠷᠤᠨ ᠪᠦᠰᠡ ᠶᠢᠨ ᠵᠤᠭᠠᠴᠠᠯ ᠤᠨ ᠦᠢᠯᠡᠰ ᠤᠨ ᠭᠦᠭᠵᠢᠯᠳᠠ ᠳᠤ ᠰᠠᠭᠤᠷᠢ ᠲᠠᠯᠪᠢᠵᠠᠢ ᠭᠡᠵᠦ ᠰᠦᠬᠡᠪᠠᠭᠠᠳᠤᠷ ᠰᠤᠮᠤᠨ ᠤ ᠪᠠᠨ ᠲᠦᠢᠮᠤ ᠪᠠᠶᠢᠳᠠᠯ ᠢ ᠲᠠᠨᠢᠯᠴᠠᠭᠤᠯᠤᠯ᠎ᠠ᠃
     ᠡᠳᠡᠭᠡᠷ ᠲᠠᠪᠠᠭᠤᠯᠢᠭ ᠲᠠᠭᠠᠨ ᠲᠦᠰᠢᠭᠯᠡᠨ ᠠᠯᠳᠠᠨᠴᠤᠭ ᠰᠤᠮᠤ ᠤᠳᠤ ᠨᠢᠭᠡᠨᠳᠡ ᠡᠯᠡᠰᠦᠨ ᠨᠤᠳᠤᠭ ᠤᠨ ᠮᠠᠯᠴᠢᠨ ᠠᠶᠢᠯ ᠤᠨ ᠵᠤᠭᠠᠴᠠᠯ ᠤᠨ ᠴᠢᠭ᠋ 6᠂ ᠬᠤᠨᠤᠵᠤ ᠬᠡᠪᠳᠡᠬᠦ᠂ ᠵᠤᠭᠠᠴᠠᠵᠤ ᠰᠡᠯᠡᠬᠦᠴᠡᠬᠦ᠂ ᠢᠳᠡᠭᠡᠨ ᠤᠮᠳᠠᠭᠠᠨ ᠢ ᠨᠢᠭᠡ ᠴᠤᠭᠴᠠᠵᠢᠭᠤᠯᠤᠬᠰᠠᠨ ᠶᠡᠷᠦᠩᠭᠡᠶᠢᠯᠡᠭᠰᠡᠨ ᠵᠤᠭᠠᠴᠠᠯ ᠤᠨ ᠦᠢᠯᠡᠴᠢᠯᠡᠭᠡᠨ ᠤ ᠦᠷᠳᠡᠭᠡ 3᠎ ᠶᠢ ᠪᠠᠶᠢᠭᠤᠯᠪᠠ᠃ ᠰᠤᠮᠤᠨ ᠤ ᠦᠪᠡᠷᠮᠢᠴᠡ ᠤᠨᠴᠠᠯᠢᠭ ᠲᠠᠢ ᠠᠳᠤᠭᠤᠨ ᠰᠤᠶᠤᠯ᠂ ᠮᠤᠩᠭᠤᠯ ᠦᠨᠳᠦᠰᠦᠳᠡᠨ ᠤ ᠰᠤᠶᠤᠯ ᠳᠤ ᠲᠦᠰᠢᠭᠯᠡᠨ ︽ᠠᠳᠤᠭᠤᠨ ᠰᠤᠶᠤᠯ ᠤᠨ ᠨᠠᠶᠢᠷ︾ ᠪᠠ
︽ᠴᠢᠩᠭᠢᠰ ᠤᠨ ᠠᠯᠳᠠᠨ ᠲᠠᠪᠰᠢ — ᠮᠤᠩᠭᠤᠯ ᠢᠷᠠᠭᠤ ᠨᠠᠶᠢᠷᠠᠭ ᠤᠨ ᠤᠷᠤᠯᠳᠤᠭᠠᠨ︾᠎ ᠢ ᠬᠤᠶᠠᠷ ᠬᠤᠭᠤᠴᠠᠭ᠎ᠠ ᠦᠷᠨᠢᠬᠦᠯᠵᠦ᠂ ᠵᠤᠭᠠᠴᠠᠯ ᠤᠨ ᠦᠢᠯᠡᠰ ᠲᠤ ᠮᠤᠩᠭᠤᠯ ᠦᠨᠳᠦᠰᠦᠳᠡᠨ ᠤ ᠨᠡᠬᠦᠳᠡᠯ ᠰᠤᠶᠤᠯ᠂ ᠪᠤᠷᠬᠠᠨ ᠱᠠᠰᠢᠨ ᠤ ᠰᠤᠶᠤᠯ᠂ ᠴᠢᠩᠭᠢᠰ ᠬᠠᠭᠠᠨ ᠤ ᠲᠡᠤᠭᠡ ᠵᠡᠷᠭᠡ ᠰᠤᠶᠤᠯ ᠤᠨ ᠦᠪ ᠬᠦᠷᠦᠩᠭᠡ ᠶᠢ ᠠᠭᠤᠰᠬᠠᠵᠤ᠂ ᠵᠤᠭᠠᠴᠠᠯ ᠤᠨ ᠦᠢᠯᠡᠰ ᠤᠨ ᠰᠤᠶᠤᠯ ᠤᠨ ᠠᠭᠤᠯᠤᠬᠳᠠᠬᠤᠨ ᠢ ᠵᠤᠵᠠᠭᠠᠳᠬᠠᠵᠠᠢ᠃
     — ᠵᠤᠭᠠᠴᠠᠯ ᠤᠨ ᠦᠢᠯᠡᠰ ᠤᠨ ᠭᠦᠭᠵᠢᠯᠳᠠ ᠶᠢ ᠠᠬᠢᠭᠤᠯᠬᠤ ᠳᠤ᠂ ᠲᠠᠷᠠᠭᠠᠴᠢ ᠪᠠᠷ ᠪᠢᠳᠠ ᠭᠤᠤᠯᠳᠠᠭᠤ ︽ᠨᠢᠭᠡ ᠲᠡᠩᠭᠡᠯᠢᠭ᠂ ᠨᠢᠭᠡ ᠲᠦᠪ᠂ ᠬᠤᠶᠠᠷ ᠤᠷᠤᠨ᠂ ᠤᠯᠠᠨ ᠴᠢᠭ᠋︾ ᠪᠤᠯᠬᠤ ᠰᠤᠶᠤᠯ ᠵᠤᠭᠠᠴᠠᠯ ᠤᠨ ᠤᠷᠤᠨ ᠢ ᠪᠦᠳᠦᠭᠡᠨ ᠪᠠᠶᠢᠭᠤᠯᠬᠤ ᠪᠤᠯᠤᠨ᠎ᠠ᠃ ᠡᠨᠡ ᠨᠢ ᠲᠠᠷᠤᠢ ᠮᠤᠵᠢ ᠶᠢᠨ ᠲᠡᠰ ᠤᠨ ᠵᠠᠰᠠᠮᠠᠯ ᠵᠠᠮ ᠢᠶᠠᠷ ᠭᠤᠤᠯ ᠱᠤᠭᠤᠮ ᠪᠤᠯᠭᠠᠬᠰᠠᠨ ᠵᠤᠭᠠᠴᠠᠯ ᠤᠨ ᠠᠵᠤ ᠦᠢᠯᠡᠰ ᠤᠨ ᠭᠦᠭᠵᠢᠯᠳᠠ ᠶᠢᠨ ᠲᠡᠩᠭᠡᠯᠢᠭ᠂ ᠠᠯᠳᠠᠨᠴᠤᠭ ᠰᠤᠮᠤᠨ ᠤ ᠠᠷᠠᠳ ᠤᠨ ᠵᠠᠰᠠᠭ ᠤᠨ ᠤᠷᠳᠤᠨ ᠢᠶᠠᠷ ᠲᠦᠪ ᠪᠤᠯᠭᠠᠬᠰᠠᠨ ᠤᠷᠤᠨ ᠪᠦᠰᠡ ᠶᠢᠨ ᠵᠤᠭᠠᠴᠠᠯ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠭᠠᠵᠠᠷ᠂ ᠬᠤᠶᠠᠷ ᠵᠤᠭᠠᠴᠠᠯ ᠤᠨ ᠦᠵᠡᠮᠵᠢ ᠶᠢᠨ ᠤᠷᠤᠨ ᠪᠠ ᠵᠤᠭᠠᠴᠠᠯ ᠤᠨ ᠦᠢᠯᠡᠴᠢᠯᠡᠭᠡᠨ ᠤ ᠦᠷᠳᠡᠭᠡ᠂ ᠬᠦᠬᠡᠨ᠋ᠠᠭᠤᠯᠠ ᠲᠡᠮᠡᠭᠡᠨ ᠤ ᠠᠵᠤ ᠦᠢᠯᠡᠰ ᠤᠨ ᠬᠦᠷᠢᠶᠡᠯᠠᠩ᠂ ᠨᠠᠷᠠᠨᠪᠤᠯᠠᠭ ᠭᠠᠴᠠᠭ᠎ᠠ ᠶᠢᠨ ᠠᠳᠤᠭᠤᠨ ᠤ ᠠᠵᠤ ᠦᠢᠯᠡᠰ ᠤᠨ ᠰᠠᠭᠤᠷᠢᠨ ᠵᠡᠷᠭᠡ ᠪᠠᠷ ᠭᠤᠤᠯ ᠪᠤᠯᠭᠠᠭᠰᠠᠨ ᠵᠤᠭᠠᠴᠠᠯ ᠤᠨ ᠦᠢᠯᠡᠴᠢᠯᠡᠭᠡᠨ ᠤ ᠤᠯᠠᠨ ᠴᠢᠭ᠋ ᠢ ᠵᠢᠭᠠᠨ᠎ᠠ ᠭᠡᠵᠦ ᠰᠦᠬᠡᠪᠠᠭᠠᠳᠤᠷ ᠰᠤᠷᠪᠤᠯᠵᠢᠯᠠᠬᠴᠢ ᠳᠤ ᠲᠠᠶᠢᠯᠪᠤᠷᠢᠯᠠᠵᠤ ᠭᠠᠷᠤᠯ᠎ᠠ᠃
     ᠠᠯᠳᠠᠨᠴᠤᠭ ᠰᠤᠮᠤ ᠪᠦᠬᠦ ᠤᠷᠤᠨ ᠪᠦᠰᠡ ᠶᠢᠨ ᠵᠤᠭᠠᠴᠠᠯ ᠢ ᠬᠦᠭᠵᠢᠭᠦᠯᠬᠦ ᠰᠡᠳᠬᠢᠴᠡ ᠪᠠ ᠲᠤᠮᠤ ᠵᠤᠭᠠᠴᠠᠯ ᠤᠨ ᠤᠷᠤᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠵᠠᠩ ᠶᠧ ᠠᠴᠠ ᠠᠯᠳᠠᠨᠴᠤᠭ ᠰᠤᠮᠤ ᠬᠦᠷᠬᠦ᠂ ᠭᠤᠤ ᠲᠠᠢ ᠰᠢᠶᠠᠨ ᠠᠴᠠ ᠬᠠᠶᠢᠰᠤᠨ ᠴᠢᠯᠠᠭᠤ ᠬᠦᠷᠬᠦ᠂ ᠰᠠᠶᠢᠬᠠᠨ ᠵᠠᠪᠠᠢ ᠪᠤᠭᠤᠮᠳᠠ ᠠᠴᠠ ᠵᠠᠩ ᠶᠧ ᠬᠦᠷᠬᠦ᠂ ᠠᠯᠠᠱᠠ ᠪᠠᠷᠠᠭᠤᠨ ᠬᠤᠰᠢᠭᠤ ᠬᠦᠷᠬᠦ ᠵᠤᠭᠠᠴᠠᠯ ᠤᠨ ᠵᠠᠮ ᠢ ᠨᠡᠪᠳᠡᠷᠡᠬᠦᠯᠵᠦ᠂ ᠵᠠᠩ ᠶᠧ ᠬᠤᠳᠠ ᠶᠢᠨ 1000 ᠲᠦᠮᠡᠨ ᠵᠤᠭᠠᠴᠠᠬᠰᠠᠳ ᠤᠨ ᠵᠠᠬ᠎ᠠ ᠲᠡᠯᠭᠡᠭᠦᠷ ᠪᠠ ᠰᠠᠶᠢᠬᠠᠨ ᠵᠠᠪᠠᠢ ᠪᠤᠭᠤᠮᠲᠠ᠂ ᠡᠵᠡᠨ᠎ᠠ ᠬᠤᠰᠢᠭᠤᠨ ᠤ 800 ᠲᠦᠮᠡᠨ ᠵᠤᠭᠠᠴᠠᠬᠰᠠᠳ ᠤᠨ ᠵᠠᠬ᠎ᠠ ᠲᠡᠯᠭᠡᠭᠦᠷ ᠲᠤ ᠲᠦᠰᠢᠭᠯᠡᠵᠦ᠂ ᠠᠯᠠᠱᠠ ᠪᠠᠷᠠᠭᠤᠨ ᠬᠤᠰᠢᠭᠤᠨ ᠤ ᠵᠤᠭᠠᠴᠠᠯ ᠤᠨ ᠦᠢᠯᠡᠰ ᠤᠨ ᠦᠷᠨᠢᠬᠦᠨ ᠭᠦᠭᠵᠢᠯᠳᠠ ᠶᠢᠨ ᠨᠠᠩ ᠰᠠᠶᠢᠨ ᠬᠠᠨᠳᠤᠰᠢ ᠶᠢ ᠬᠠᠶᠢᠵᠤ ᠤᠯᠤᠭᠰᠠᠨ ᠪᠠᠶᠢᠨ᠎ᠠ᠃
     — ᠵᠤᠭᠠᠴᠠᠯ ᠤᠨ ᠦᠢᠯᠡᠰ ᠢ ᠬᠦᠴᠦᠯᠡᠨ ᠬᠦᠭᠵᠢᠬᠦᠯᠦᠭᠰᠡᠨ ᠰᠠᠭᠤᠷᠢᠨ ᠲᠡᠭᠡᠷ᠎ᠠ᠂ ᠪᠢᠳᠠ ᠪᠠᠰᠠ ᠮᠠᠯᠵᠢᠬᠤ ᠲᠠᠷᠢᠶᠠᠯᠠᠬᠤ ᠦᠢᠯᠡᠰ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠠᠬᠢᠭᠤᠯᠵᠤ᠂ ᠬᠦᠬᠡᠨ᠋ᠠᠭᠤᠯᠠ ᠭᠠᠴᠠᠭ᠎ᠠ ᠶᠢᠨ ᠲᠡᠵᠢᠭᠡᠪᠦᠷᠢ ᠶᠢᠨ ᠦᠢᠯᠡᠰ ᠤᠨ ᠰᠠᠭᠤᠷᠢᠨ᠂ ᠲᠡᠮᠡᠭᠡᠨ ᠤ ᠠᠵᠤ ᠦᠢᠯᠡᠰ ᠤᠨ ᠰᠠᠭᠤᠷᠢᠨ᠂ ᠴᠠᠭᠠᠨᠳᠡᠷᠡᠰᠦ ᠭᠠᠴᠠᠭ᠎ᠠ ᠶᠢᠨ ᠬᠦᠮᠡᠯᠢ ᠶᠢᠨ ᠠᠵᠤ ᠦᠢᠯᠡᠰ ᠤᠨ ᠰᠠᠭᠤᠷᠢᠨ ᠢᠶᠠᠷ ᠲᠠᠷᠢᠶᠠᠯᠠᠩ ᠡᠯᠡᠰᠦᠨ ᠤ ᠠᠵᠤ ᠦᠢᠯᠡᠰ ᠤᠨ ᠬᠦᠭᠵᠢᠯᠳᠡ ᠶᠢ ᠲᠠᠶᠢᠴᠢᠯᠠᠵᠤ᠂ ᠮᠠᠯᠵᠢᠬᠤ ᠲᠠᠷᠢᠶᠠᠯᠠᠬᠤ ᠤᠷᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠠᠪᠰᠢᠬᠦ ᠶᠢ ᠠᠬᠢᠭᠤᠯᠤᠨ ᠲᠠᠷᠢᠶᠠᠯᠠᠩ ᠮᠠᠯ ᠠᠵᠤ ᠠᠬᠤᠢ ᠤᠨ ᠦᠷ᠎ᠠ ᠠᠰᠢᠭ ᠢ ᠲᠠᠰᠤᠷᠠᠯᠳᠠ ᠦᠭᠡᠢ ᠲᠡᠭᠡᠭᠰᠢᠯᠡᠬᠦᠯᠵᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠠᠷᠭ᠎ᠠ ᠵᠠᠮ ᠢ ᠦᠷᠭᠡᠳᠭᠡᠨ᠎ᠠ᠃ ᠡᠵᠡᠩᠨᠡᠵᠥ ᠯᠠ ᠴᠢᠳᠠᠪᠠᠯ ᠡᠯᠡᠰᠦᠨ ᠨᠤᠳᠤᠭ ᠮᠠᠨᠢ ᠡᠷᠳᠡᠨᠢ ᠶᠢᠨ ᠬᠦᠮᠥᠷᠬᠡ ᠪᠤᠯᠬᠤ ᠳᠤ ᠬᠤᠯᠠ ᠦᠬᠡᠢ ᠰᠢᠤ ᠭᠡᠵᠦ ᠰᠦᠬᠡᠪᠠᠭᠠᠳᠤᠷ ᠰᠤᠮᠤᠨ ᠲᠠᠷᠤᠭ᠎ᠠ ᠰᠤᠷᠪᠤᠯᠵᠢᠯᠠᠬᠴᠢ ᠳᠤ ᠬᠤᠶᠢᠰᠢᠳᠠ ᠶᠢᠨ ᠬᠠᠷᠠᠯᠳᠠ ᠲᠦᠰᠦᠪ ᠢᠶᠠᠨ ᠲᠡᠯᠬᠡᠵᠥ ᠭᠠᠷᠤᠯ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠵᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号