ᠵᠤᠭᠠᠴᠠᠯ ᠤᠨ ᠦᠢᠯᠡᠰ ᠢ ᠪᠦᠬᠦ ᠰᠤᠮᠤᠨ ᠤ ᠭᠤᠤᠯᠯᠠᠬᠤ ᠠᠵᠤ ᠦᠢᠯᠡᠰ ᠪᠤᠯᠭᠠᠨ ᠬᠦᠭᠵᠢᠬᠦᠯᠦᠨ᠎ᠠ
2018-01-28 16:18:14
ᠵᠣᠬᠢᠶᠠᠭᠴᠢ᠄ 
ᠴᠡᠴᠡᠭ ᠪᠤᠤ ᠨᠠᠷᠠᠨᠳᠤᠶᠠᠭ᠎ᠠ ᠭᠤᠶᠤᠬᠠᠨ
ᠣᠩᠰᠢᠭᠰᠠᠨ ᠣᠳᠠᠭ᠎ᠠ᠄ 
★★★☆☆

     — ᠡᠵᠡᠨ᠎ᠠ ᠬᠤᠰᠢᠭᠤᠨ ᠤ ᠪᠠᠶᠠᠨᠳᠤᠤᠷᠠᠢ ᠰᠤᠮᠤᠨ ᠤ ᠲᠡᠳ᠋ ᠲᠠᠷᠤᠭ᠎ᠠ ᠪᠤᠶᠠᠨᠳᠠᠯᠠᠢ ᠶᠢ ᠰᠤᠷᠪᠤᠯᠵᠢᠯᠠᠭᠰᠠᠠ ᠨᠢ

     2012 ᠤᠨ ᠳᠤ᠂ ᠦᠪᠡᠷᠳᠡᠭᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ ᠢᠶᠠᠷ ᠤᠤᠯ ᠤᠨ ᠪᠠᠶᠠᠨᠳᠤᠤᠷᠠᠢ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠳᠡ ᠶᠢᠨ ᠵᠢᠱᠢᠶ᠎ᠠ ᠦᠵᠡᠭᠦᠯᠬᠦ ᠬᠦᠷᠢᠶᠡᠯᠡᠩ ᠲᠤᠭᠤᠷᠢᠭ ᠤᠨ ᠰᠠᠭᠤᠷᠢᠨ ᠲᠡᠭᠡᠷ᠎ᠠ᠂ ᠲᠠᠯᠠᠶᠢᠭᠦ᠋ᠪ ᠪᠠᠯᠭᠠᠰᠤᠨ ᠠᠴᠠ ᠦᠰᠦᠷᠦᠩᠭᠦᠢ ᠭᠠᠴᠠᠭ᠎ᠠ ᠪᠤᠯᠤᠨ ᠵᠢᠷᠭᠠᠯᠠᠩᠳᠤ ᠭᠠᠴᠠᠭ᠎ᠠ ᠶᠢ ᠬᠤᠪᠢᠶᠠᠨ ᠦᠭᠭᠦᠭᠡᠳ ᠤᠳᠤ ᠶᠢᠨ ᠪᠠᠶᠠᠨᠳᠤᠤᠷᠠᠢ ᠰᠤᠮᠤ ᠶᠢ ᠪᠠᠶᠢᠭᠤᠯᠤᠬᠰᠠᠨ ᠶᠤᠮ᠃ ᠤᠳᠤ ᠲᠤᠰ ᠰᠤᠮᠤ ᠨᠢ 6 ᠭᠠᠴᠠᠭ᠎ᠠ ᠲᠠᠢ᠂ 696 ᠡᠷᠦᠭᠡ 1881 ᠬᠦᠮᠦᠨ ᠠᠮᠠ ᠲᠠᠢ᠃ ᠵᠤᠭᠠᠴᠠᠯ ᠤᠨ ᠦᠢᠯᠡᠰ ᠡᠷᠬᠢᠯᠡᠬᠦ᠂ ᠪᠠᠯᠳᠤ ᠬᠡᠮᠭᠡ ᠲᠠᠷᠢᠬᠤ ᠪᠤᠯᠤᠨ ᠲᠡᠵᠢᠭᠡᠪᠤᠷᠢ ᠶᠢᠨ ᠦᠢᠯᠡᠰ ᠢᠶᠠᠷ ᠭᠤᠤᠯᠯᠠᠬᠤ ᠠᠵᠤ ᠦᠢᠯᠡᠰ ᠪᠤᠯᠭᠠᠵᠤ 2016 ᠤᠨ ᠳᠤ ᠮᠠᠯᠴᠢᠨ ᠲᠠᠷᠢᠶᠠᠴᠢᠨ ᠤ ᠬᠦᠮᠦᠨ ᠲᠤᠮᠳᠠᠴᠢ ᠶᠢᠨ ᠤᠷᠤᠯᠭ᠎ᠠ ᠨᠢ 2.27 ᠲᠦᠮᠡᠨ ᠲᠦᠭᠦᠷᠢᠭ ᠲᠤ ᠬᠦᠷᠴᠡᠢ᠃
     1 ᠰᠠᠷ᠎ᠠ ᠶᠢᠨ 11᠎ ᠤ ᠡᠳᠦᠷ᠂ ᠪᠠᠶᠠᠨᠳᠤᠤᠷᠠᠢ ᠰᠤᠮᠤᠨ ᠤ ᠲᠡᠳ᠋ ᠲᠠᠷᠤᠭ᠎ᠠ ᠪᠤᠶᠠᠨᠳᠠᠯᠠᠢ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠮᠠᠨ ᠤ ᠰᠤᠮᠤ ︿ᠠᠵᠤ ᠦᠢᠯᠡᠰ ᠢᠶᠠᠷ ᠠᠷᠠᠳ ᠢᠶᠠᠨ ᠪᠠᠶᠠᠵᠢᠭᠤᠯᠬᠤ﹀ ᠪᠠ ᠤᠯᠠᠨ ᠤᠯᠤᠰ ᠤᠨ ᠵᠤᠭᠠᠴᠠᠯ ᠰᠡᠯᠡᠭᠦᠴᠡᠯ ᠤᠨ ᠬᠠᠷᠠᠯᠳᠠᠳᠤ ᠤᠷᠤᠨ ᠢ ᠪᠦᠳᠦᠬᠡᠨ ᠪᠠᠶᠢᠭᠤᠯᠬᠤ ᠶᠡᠷᠦᠩᠬᠡᠢ ᠬᠠᠷᠠᠯᠳᠠ ᠶᠤᠰᠤᠭᠠᠷ ᠤᠷᠤᠨ ᠪᠠᠶᠢᠷᠢ᠂ ᠵᠠᠮ ᠬᠠᠷᠢᠯᠴᠠᠭ᠎ᠠ᠂ ᠡᠬᠢ ᠪᠠᠶᠠᠯᠢᠭ ᠤᠨ ᠤᠨᠴᠠᠭᠠᠢ ᠲᠠᠪᠠᠭᠤᠯᠢᠭ ᠲᠠᠭᠠᠨ ᠲᠦᠰᠢᠭᠯᠡᠵᠦ᠂ ᠵᠤᠭᠠᠴᠠᠯ ᠤᠨ ᠦᠢᠯᠡᠰ ᠢ ᠪᠦᠬᠦ ᠰᠤᠮᠤᠨ ᠤ ᠪᠠᠨ ᠭᠤᠤᠯᠯᠠᠬᠤ ᠠᠵᠤ ᠦᠢᠯᠡᠰ ᠪᠤᠯᠭᠠᠨ ᠪᠤᠶᠢᠵᠢᠭᠤᠯᠵᠤ᠂ ᠰᠤᠮᠤ ᠶᠢᠨ ᠵᠤᠭᠠᠴᠠᠯ ᠤᠨ ᠡᠬᠢ ᠪᠠᠶᠠᠯᠢᠭ ᠢᠶᠠᠨ ᠪᠦᠳᠦᠮᠵᠢᠳᠡᠢ ᠨᠡᠶᠢᠳᠭᠡᠵᠦ᠂ ᠲᠡᠦᠭᠡ ᠰᠤᠶᠤᠯ᠂ ᠠᠮᠢ ᠠᠬᠤᠢ ᠶᠢᠨ ᠡᠬᠢ ᠪᠠᠶᠠᠯᠢᠭ ᠤᠨ ᠲᠠᠪᠠᠭᠤᠯᠢᠭ ᠢᠶᠠᠨ ᠭᠦᠢᠴᠡᠳ ᠠᠭᠤᠳᠠᠯᠤᠨ᠂ ᠲᠠᠷᠢᠶᠠᠯᠠᠬᠤ ᠰᠤᠶᠤᠯ ᠪᠤᠯᠤᠨ ᠦᠨᠳᠦᠰᠦᠳᠡᠨ ᠤ ᠵᠠᠩ ᠦᠢᠯᠡ ᠪᠠᠷ ᠲᠤᠯᠭᠠᠭᠤᠷᠢ ᠪᠤᠯᠭᠠᠵᠤ᠂ ᠨᠢᠭᠡ ᠲᠤᠰᠬᠤᠨ ᠳᠤ ᠨᠢᠭᠡ ᠤᠨᠴᠠᠯᠢᠭ ᠲᠠᠢ᠂ ᠨᠢᠭᠡ ᠲᠤᠰᠬᠤᠨ ᠳᠤ ᠨᠢᠭᠡ ᠦᠵᠡᠮᠵᠢ ᠲᠠᠢ ᠪᠠᠶᠢᠬᠤ ᠶᠢ ᠪᠠᠳᠤᠯᠠᠵᠤ᠂ ᠬᠠᠮᠤᠭ ᠤᠨ ᠲᠠᠳᠠᠬᠤ ᠬᠦᠴᠦᠨ ᠲᠠᠢ ᠠᠮᠢ ᠠᠬᠤᠢ ᠶᠢᠨ ᠬᠡᠯᠪᠡᠷᠢ ᠶᠢᠨ ᠵᠤᠭᠠᠴᠠᠯ ᠤᠨ ᠤᠷᠤᠨ ᠢ ᠪᠦᠳᠦᠬᠡᠨ ᠪᠠᠶᠢᠭᠤᠯᠤᠨ᠎ᠠ︾ ᠭᠡᠪᠠ᠃
     ᠪᠤᠶᠠᠨᠳᠠᠯᠠᠢ᠂ ᠪᠠᠶᠠᠨᠳᠤᠤᠷᠠᠢ ᠰᠤᠮᠤᠨ ᠳᠤ ᠲᠤᠷᠭᠤᠳᠴᠤᠳ ᠲᠦᠪᠯᠡᠷᠡᠨ ᠰᠠᠭᠤᠵᠤ ᠪᠠᠶᠢᠳᠠᠭ᠃ ᠰᠤᠶᠤᠯ ᠵᠤᠭᠠᠴᠠᠯ ᠤᠨ ᠦᠢᠯᠡᠰ ᠢ ᠬᠦᠭᠵᠢᠭᠦᠯᠬᠦ ᠶᠢᠨ ᠲᠦᠯᠥᠬᠡ ᠰᠤᠮᠤᠨ ᠠᠴᠠ ᠤᠷᠵᠢᠨᠤᠨ ᠵᠢᠯ ᠬᠢᠯᠢ ᠬᠢᠵᠠᠭᠠᠷ ᠢ ᠪᠠᠬᠢᠵᠢᠭᠦᠯᠬᠦ ᠠᠷᠠᠳ ᠤᠨ ᠶᠠᠪᠤᠳᠠᠯ ᠤᠨ ᠲᠦᠷᠦᠯ ᠵᠦᠢᠯ ᠢᠶᠠᠷ ᠲᠠᠮᠵᠢᠭᠤᠯᠵᠤ᠂ ᠲᠤᠷᠭᠤᠳᠴᠤᠳ ᠤᠨ ᠲᠤᠷᠤᠨᠠᠰᠢ ᠪᠤᠴᠠᠬᠰᠠᠨ ᠲᠡᠦᠭᠡ ᠲᠠᠢ ᠤᠶᠠᠯᠳᠤᠭᠤᠯᠤᠨ 300 ᠭᠠᠷᠤᠢ ᠲᠦᠮᠡᠨ ᠲᠦᠭᠦᠷᠢᠭ ᠤᠨ ᠪᠡᠯᠡ ᠤᠷᠤᠭᠤᠯᠵᠤ᠂ 13 ᠮᠤᠩᠭᠤᠯ ᠭᠡᠷ ᠪᠤᠰᠬᠠᠵᠤ᠂ ᠲᠤᠷᠭᠤᠳᠴᠤᠳ ᠤᠨ ᠰᠤᠶᠤᠯ ᠲᠡᠦᠭᠡ ᠶᠢ ᠢᠯᠡᠷᠡᠭᠦᠯᠬᠦ ᠶᠢ ᠵᠤᠷᠢᠯ᠎ᠠ ᠭᠡᠵᠦ ᠵᠢᠷᠭᠠᠯᠠᠩᠳᠤ ᠭᠠᠴᠠᠭᠠᠨ ᠳᠤ ᠴᠠᠶᠢᠯᠵᠠᠨ ᠲᠦᠩᠭᠦ᠋ᠢᠭᠰᠡᠨ ᠮᠤᠩᠭᠤᠯ ᠭᠡᠷ ᠤᠳ ᠢ ᠵᠢᠭᠠᠵᠤ ᠲᠠᠨᠢᠯᠴᠠᠭᠤᠯᠬᠤ ᠶᠢᠨ ᠬᠠᠮᠳᠤ ᠨᠢᠳᠤᠨᠤᠨ ᠠᠳᠡ ᠵᠤᠭᠠᠴᠠᠯ ᠤᠨ ᠦᠢᠯᠡᠴᠢᠯᠡᠭᠡᠨ ᠤ ᠲᠦᠪ᠂ ᠬᠤᠪᠢ ᠶᠢᠨ ᠮᠠᠰᠢᠨ ᠤ ᠵᠤᠭᠰᠤᠭᠠᠯ᠂ ᠨᠡᠭᠦᠳᠡᠯ ᠰᠤᠶᠤᠯ ᠤᠨ ᠮᠦᠽᠸᠢ ᠵᠡᠷᠭᠡ ᠶᠢ ᠪᠠᠶᠢᠭᠤᠯᠵᠤ ᠦᠭᠴᠡᠢ ᠭᠡᠵᠦ ︽ᠲᠤᠷᠤᠨᠠᠰᠢ ᠪᠤᠴᠠᠭᠰᠠᠨ ᠲᠤᠮᠤᠭᠳᠤ ᠤᠷᠤᠨ︾ ᠵᠤᠭᠠᠴᠠᠯ ᠤᠨ ᠭᠠᠵᠠᠷ ᠤᠨ ᠰᠠᠭᠤᠷᠢ ᠲᠦᠭᠦᠭᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠲᠤᠬᠠᠢ ᠲᠠᠨᠢᠯᠴᠠᠭᠤᠯᠤᠨ᠎ᠠ᠃
     2017 ᠤᠨ ᠳᠤ᠂ ᠪᠠᠶᠠᠨᠳᠤᠤᠷᠠᠢ ᠰᠤᠮᠤ ᠶᠢᠨ 4 ᠭᠠᠴᠠᠭ᠎ᠠ ︽ᠭᠠᠴᠠᠭ᠎ᠠ + ᠬᠤᠷᠰᠢᠶ᠎ᠠ + ᠠᠵᠤ ᠠᠬᠤᠢᠢᠯᠠᠯ + ᠮᠠᠯᠵᠢᠬᠤ ᠲᠠᠷᠢᠶᠠᠯᠠᠬᠤ ᠡᠷᠦᠭᠡ︾᠎ ᠶᠢᠨ ᠵᠠᠭᠪᠤᠷ ᠢᠶᠠᠷ ᠲᠠᠮᠵᠢᠨ᠂ ᠲᠦᠷᠪᠡᠨ ᠵᠤᠭᠠᠴᠠᠯ ᠤᠨ ᠲᠤᠰᠬᠠᠢ ᠬᠤᠷᠰᠢᠶ᠎ᠠ ᠶᠢᠨ ᠲᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠤᠷᠢᠳ ᠬᠤᠵᠢᠳ ᠵᠤᠴᠢᠳ ᠤᠨ ᠪᠠᠭᠤᠳᠠᠯ᠂ ᠬᠤᠭᠤᠯᠠ ᠤᠮᠳᠠᠭᠠᠨ᠂ ᠲᠡᠷᠭᠡ ᠤᠷᠤᠯᠳᠤᠬᠤ᠂ ᠲᠡᠮᠡᠭᠡ ᠤᠨᠤᠬᠤ᠂ ᠪᠦᠭᠡ ᠪᠠᠷᠢᠯᠳᠤᠬᠤ᠂ ᠰᠤᠷ ᠬᠠᠷᠪᠤᠬᠤ ᠵᠡᠷᠭᠡ 10 ᠭᠠᠷᠤᠢ ᠵᠤᠭᠠᠴᠠᠯ ᠤᠨ ᠲᠦᠷᠦᠯ ᠵᠦᠢᠯ ᠢ ᠡᠵᠡᠩᠨᠡᠵᠦ᠂ ᠵᠤᠭᠠᠴᠠᠯ ᠤᠨ ᠡᠵᠡᠩᠨᠡᠯᠳᠡ ᠶᠢᠨ ᠬᠡᠯᠪᠡᠷᠢ ᠪᠤᠯᠤᠨ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠵᠠᠮ ᠢ ᠦᠷᠬᠡᠳᠬᠡᠪᠡ᠃ ᠠᠷᠪᠠᠨ ᠰᠠᠷ᠎ᠠ ᠶᠢᠨ ᠠᠯᠳᠠᠨ ᠭᠠᠷᠠᠭ ᠤᠨ ᠬᠤᠭᠤᠴᠠᠭᠠᠨ ᠳᠤ ᠪᠦᠬᠦ ᠰᠤᠮᠤ ᠪᠠᠷ ᠢᠶᠠᠨ 2.01 ᠲᠦᠮᠡᠨ ᠵᠤᠭᠠᠴᠠᠭᠰᠠᠳ ︵ᠬᠦᠮᠦᠨ ᠤᠳᠠᠭ᠎ᠠ︶᠎ ᠢ ᠬᠦ᠋ᠯᠢᠶᠡᠨ ᠠᠪᠴᠤ᠂ 199 ᠡᠷᠦᠭᠡ ᠶᠢᠨ 400 ᠭᠠᠷᠤᠢ ᠮᠠᠯᠴᠢᠨ ᠲᠠᠷᠢᠶᠠᠴᠢᠨ ᠢ ᠲᠠᠶᠢᠴᠢᠯᠠᠵᠤ ᠵᠤᠭᠠᠴᠠᠯ ᠤᠨ ᠦᠢᠯᠡᠴᠢᠯᠡᠭᠡᠨ ᠤ ᠦᠢᠯᠡᠰ ᠲᠤ ᠤᠷᠤᠯᠴᠠᠭᠤᠯᠵᠤ᠂ ᠵᠤᠭᠠᠴᠠᠯ ᠤᠨ ᠶᠡᠷᠦᠩᠬᠡᠢ ᠤᠷᠤᠯᠭ᠎ᠠ ᠨᠢ 400 ᠭᠠᠷᠤᠢ ᠲᠦᠮᠡᠨ ᠲᠦᠭᠦᠷᠢᠭ ᠲᠤ ᠬᠦᠷᠴᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠭᠦᠯᠵᠡᠢ᠃
     ︽ᠲᠠᠷᠠᠭᠠᠴᠢ ᠪᠠᠷ ᠮᠠᠨ ᠤ ᠰᠤᠮᠤ ᠰᠠᠭᠤᠷᠢ ᠠᠵᠤ ᠠᠬᠤᠢ ᠪᠤᠯᠬᠤ ᠮᠠᠯ ᠠᠵᠤ ᠠᠬᠤᠢ ᠲᠠᠷᠢᠶᠠᠯᠠᠩ ᠢᠶᠠᠨ ᠪᠠᠬᠢᠵᠢᠭᠦᠯᠵᠦ᠂ ᠪᠤᠬᠢᠷᠳᠤᠯ ᠦᠬᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠪᠠᠷ ᠬᠦᠴᠦᠯᠡᠬᠦ ᠶᠢᠨ ᠬᠠᠮᠳᠤ ᠲᠤᠤᠷᠠᠢ ᠶᠢᠨ ᠤᠢ ᠶᠢᠨ ᠵᠤᠭᠠᠴᠠᠯ ᠤᠨ ᠭᠤᠤᠯ ᠤᠷᠤᠨ ᠳᠤ ᠪᠠᠶᠢᠷᠢᠯᠠᠵᠤ ᠪᠠᠶᠢᠭ᠎ᠠ ᠲᠠᠪᠠᠭᠤᠯᠢᠭ ᠢᠶᠠᠨ ᠬᠦᠢᠴᠡᠳ ᠠᠰᠢᠠᠠᠯᠠᠵᠤ᠂ ᠤᠨᠴᠠᠯᠢᠭᠳᠤ ᠲᠤᠰᠬᠤᠨ ᠢ ᠪᠦᠳᠦᠭᠡᠨ ᠪᠠᠶᠢᠭᠤᠯᠵᠤ᠂ ᠵᠤᠭᠠᠴᠠᠯ ᠢᠶᠠᠷ ᠮᠠᠯᠴᠢᠨ ᠲᠠᠷᠢᠶᠠᠴᠢᠨ ᠢᠶᠠᠨ ᠪᠠᠶᠠᠵᠢᠭᠤᠯᠬᠤ ᠵᠠᠮ ᠤᠷᠤᠭᠤ ᠬᠦᠳᠦᠯᠦᠨ᠎ᠠ︾ ᠭᠡᠵᠦ ᠪᠤᠶᠠᠨᠳᠠᠯᠠᠢ ᠬᠤᠶᠢᠰᠢᠳᠠ ᠶᠢᠨ ᠬᠠᠷᠠᠯᠳᠠ ᠲᠦᠰᠦᠪ ᠤᠨ ᠢᠶᠠᠨ ᠲᠤᠬᠠᠢ ᠶᠠᠷᠢᠵᠤ ᠪᠠᠶᠢᠯ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠭᠤᠯᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号