ᠴᠢᠭ᠋ ᠲᠤ ᠰᠠᠭᠤᠭᠰᠠᠨ ᠭᠤᠷᠪᠠᠨ ᠲᠡᠮᠳᠡᠭᠯᠡᠯ᠄ ᠮᠢᠩ ᠱᠦᠢ ᠾᠧ ᠭᠤᠤᠯ ᠤᠨ ᠬᠦᠪᠡᠭᠡᠨ ᠳᠤ ᠮᠢᠰᠢᠶᠡᠨ ᠪᠠᠳᠮᠠᠷᠠᠭᠰᠠᠨ ᠠᠮᠢᠳᠤᠷᠠᠯ
2018-05-31 10:56:43
ᠵᠣᠬᠢᠶᠠᠭᠴᠢ᠄ 
ᠬᠡᠰᠢᠭᠪᠦᠶᠠᠨ ᠪᠤᠤ ᠨᠠᠷᠠᠨᠲᠤᠶᠠᠭ᠎ᠠ
ᠣᠩᠰᠢᠭᠰᠠᠨ ᠣᠳᠠᠭ᠎ᠠ᠄ 
★★★☆☆
      ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠤᠮᠳᠠ ᠡᠶᠢᠮᠦ ᠨᠢᠬᠡᠨ ᠤᠨᠴᠠᠭᠠᠢ ᠬᠦᠮᠦᠰ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠮᠦᠨ᠎ᠠ ᠹᠷᠤᠨᠲ ᠲᠤ ᠭᠠᠪᠰᠢᠭᠠᠢᠢᠯᠠᠵᠤ ᠪᠠᠶᠢᠳᠠᠭ᠃ ᠲᠡᠳᠡ ᠤᠯᠠᠨ ᠲᠦᠮᠡᠨ ᠤ ᠲᠤᠮᠳᠠ ᠬᠦᠨᠵᠡᠬᠡᠶᠢᠷᠡᠵᠦ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠪᠠᠷ ᠬᠦᠳᠦᠴᠢ ᠪᠤᠯᠭᠠᠨ᠂ ᠤᠯᠠᠨ ᠲᠦᠮᠡᠨ ᠲᠠᠢ ᠵᠢᠷᠭᠠᠯ ᠵᠤᠪᠠᠯᠠᠩ ᠢᠶᠠᠨ ᠬᠠᠮᠳᠤᠳᠬᠠᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠲᠠᠶᠢᠴᠢᠯᠠᠨ᠂ ᠶᠠᠳᠠᠭᠤ ᠠᠴᠠ ᠠᠩᠬᠢᠵᠢᠷᠠᠬᠤ ᠵᠠᠮ ᠡᠷᠢᠵᠦ᠂ ᠪᠠᠶᠠᠵᠢᠨ ᠴᠢᠨᠡᠭᠡᠯᠢᠭᠵᠢᠬᠦ ᠠᠷᠭ᠎ᠠ ᠤᠬᠠᠭᠠᠨ ᠰᠦᠪᠡᠭᠴᠢᠯᠠᠨ᠎ᠠ᠂ ᠲᠡᠳᠡᠨ ᠤ ᠬᠠᠮᠳᠤ ᠶᠢᠨ ᠲᠠᠭᠤᠳᠠᠯᠭ᠎ᠠ ᠪᠤᠯ ᠲᠤᠰᠬᠤᠨ ᠳᠤ ᠰᠠᠭᠤᠭ᠎ᠠ ︽ᠨᠢᠬᠡᠳᠦᠬᠡᠷ ᠱᠦᠵᠢ︾ ᠪᠤᠯᠤᠨ᠎ᠠ᠃ ᠤᠢᠢᠷ᠎ᠠ ᠳᠤ᠂ ᠰᠤᠷᠪᠤᠯᠵᠢᠯᠠᠬᠴᠢ ᠤᠯᠤᠰ ᠤᠨ ᠲᠦᠪᠯᠡᠷᠠᠨ ᠵᠠᠯᠭᠠᠯᠳᠤᠭᠰᠠᠨ ᠤᠨᠴᠠ ᠬᠦᠴᠢᠷᠳᠡᠯᠳᠡᠢ ᠭᠠᠵᠠᠷ ᠤᠷᠤᠨ ᠤ ᠨᠢᠬᠡ ᠪᠤᠯᠬᠤ ᠶᠡᠭᠡ ᠬᠢᠨᠭ᠍ᠭᠠᠨ ᠲᠠᠪᠠᠭᠠᠨ ᠤ ᠡᠮᠦᠨ᠎ᠠ ᠬᠤᠷᠮᠤᠢ ᠳᠠᠬᠢ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠰᠢᠶᠠᠨ — ᠷᠠᠰᠢᠶᠠᠨ ᠬᠤᠳᠠ ᠶᠢᠨ ᠮᠢᠩ ᠱᠦᠢ ᠾᠧ ᠪᠠᠯᠭᠠᠰᠤᠨ ᠳᠤ ᠬᠦᠷᠴᠦ᠂ ᠲᠤᠰᠬᠤᠨ ᠳᠤ ᠰᠠᠭᠤᠭ᠎ᠠ ᠺᠠᠳ᠋ᠷ ᠪᠤᠯᠤᠨ ᠠᠭᠤᠯᠠᠨ ᠲᠤᠰᠬᠤᠨ ᠤ ᠶᠠᠳᠠᠭᠤ ᠠᠴᠠ ᠠᠩᠭᠢᠵᠢᠷᠠᠭᠰᠠᠨ ᠦᠯᠢᠬᠡᠷ ᠢ ᠪᠡᠶᠡᠴᠢᠯᠡᠨ ᠰᠤᠷᠪᠤᠯᠵᠢᠯᠠᠭᠰᠠᠨ ᠪᠠᠶᠢᠨ᠎ᠠ᠃
      ᠮᠢᠩ ᠱᠦᠢ ᠾᠧ ᠪᠠᠯᠭᠠᠰᠤ ᠷᠠᠰᠢᠶᠠᠨ ᠬᠤᠳᠠ ᠶᠢᠨ ᠬᠠᠮᠤᠭ ᠡᠮᠦᠨ᠎ᠠ ᠪᠡᠶ᠎ᠠ᠂ ᠶᠡᠭᠡ ᠬᠢᠨᠭ᠍ᠭᠠᠨ ᠲᠠᠪᠠᠭᠠᠨ ᠤ ᠲᠤᠮᠳᠠ ᠬᠡᠰᠡᠭ ᠲᠤ ᠪᠠᠶᠢᠷᠢᠰᠢᠵᠦ᠂ ᠲᠤᠭᠤᠷ ᠤᠨ ᠭᠤᠤᠯ᠂ ᠮᠢᠩ ᠱᠦᠢ ᠾᠧ ᠭᠤᠤᠯ ᠡᠬᠦᠪᠡᠷ ᠲᠤᠨᠤᠯᠵᠢᠨ ᠤᠷᠤᠰᠤᠨ᠎ᠠ᠃ ᠡᠨᠡᠬᠦ ᠠᠭᠯᠠᠭ ᠠᠭᠤᠯᠠ ᠶᠢᠨ ᠬᠦᠨ ᠳᠤ ᠪᠠᠶᠢᠷᠢᠰᠢᠭᠰᠠᠨ ᠵᠢᠵᠢᠭ ᠪᠠᠯᠭᠠᠰᠤᠨ ᠳᠤ 3 ᠲᠤᠰᠬᠤᠨ ᠲᠠᠢ᠂ ᠲᠤᠰ ᠲᠤᠰ ᠰᠢ ᠺᠧᠦ ᠲᠤᠰᠬᠤᠨ᠂ ᠮᠡᠯᠡᠭᠡᠢ ᠶᠢᠨ ᠵᠢᠯᠠᠭ᠎ᠠ ᠲᠤᠰᠬᠤᠨ ᠪᠡ ᠮᠢᠩ ᠱᠦᠢ ᠾᠧ ᠲᠤᠰᠬᠤᠨ ᠪᠤᠯᠤᠨ᠎ᠠ᠃ ᠠᠳᠡᠬᠢ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠠᠷᠢᠴᠠᠯ ᠨᠢ ᠪᠦᠬᠦ ᠬᠤᠳᠠ ᠶᠢᠨ ᠬᠦᠮᠦᠨ ᠠᠮᠠ ᠶᠢᠨ ᠶᠡᠷᠤᠩᠬᠡᠢ ᠲᠤᠭᠠᠨ ᠤ 63% ᠢ ᠡᠵᠡᠯᠡᠵᠦ᠂ ᠷᠠᠰᠢᠶᠠᠨ ᠬᠤᠳᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠭᠤᠤᠯ ᠲᠠᠯᠠᠪᠤᠷ ᠪᠤᠯᠵᠠᠢ᠃      ᠨᠡᠶᠢᠰᠯᠡᠯ ᠬᠤᠳᠠ ᠠᠴᠠ ᠢᠷᠡᠭᠰᠡᠨ ︽ᠨᠢᠬᠡᠳᠦᠬᠡᠷ ᠱᠦᠵᠢ︾                5 ᠰᠠᠷ᠎ᠠ ᠶᠢᠨ 16 ᠤ ᠡᠳᠦᠷ  ᠲᠤᠩᠭᠠᠯᠠᠭ    ᠰᠢ ᠺᠧᠦ ᠲᠤᠰᠬᠤᠨ      ᠦᠷᠯᠦᠬᠡ ᠶᠢᠨ 6 ᠴᠠᠭ ᠭᠠᠷᠤᠢ ᠳᠤ᠂ ᠶᠡᠭᠡ ᠬᠢᠨᠭ᠍ᠭᠠᠨ ᠲᠠᠪᠠᠭᠠᠨ ᠤ ᠡᠮᠦᠨ᠎ᠠ ᠬᠤᠷᠮᠤᠢ ᠶᠢᠨ ᠲᠡᠭᠷᠢ ᠠᠯᠢ ᠬᠡᠳᠦ᠋ᠢᠨ ᠮᠠᠩᠬᠠᠢᠢᠳᠠᠯ᠎ᠠ ᠴᠠᠶᠢᠵᠤ᠂ ᠤᠷᠭᠤᠬᠤ ᠨᠠᠷᠠ ᠶᠢ ᠤᠬᠳᠤᠵᠦ᠂ ᠰᠢ ᠺᠸᠦ ᠲᠤᠰᠬᠤᠨ ᠤ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠯᠢ ᠾᠦᠢ ᠰᠢᠨ ᠲᠤᠰᠬᠤᠨ ᠤ ᠬᠠᠵᠠᠭᠤᠳᠡᠬᠢ ᠦᠨᠳᠦᠷ ᠰᠦᠷᠯᠢᠭ ᠢᠠᠠᠴᠢ ᠰᠠᠬᠤᠯᠢᠭ ᠨᠠᠷᠠᠰᠤᠨ ᠮᠤᠳᠤᠨ ᠤ ᠰᠢᠭᠤᠢ ᠳᠤ ᠢᠷᠡᠭᠡᠳ ᠴᠡᠭᠡᠵᠢ ᠤᠩᠭᠤᠢᠢᠯᠭᠠᠮ᠎ᠠ ᠰᠤᠷᠭᠤᠭ ᠠᠭᠠᠷ ᠢ ᠨᠢ ᠠᠮᠢᠰᠬᠤᠯᠯᠠᠵᠦ᠂ ᠪᠡᠶ᠎ᠠ ᠪᠤᠯᠪᠠᠰᠤᠷᠠᠬᠤ ᠶᠢᠨ ᠲᠠᠭᠠᠦ ᠤᠯᠠᠭᠠᠨ ᠮᠦᠬᠦ ᠲᠠᠷᠢᠬᠰᠠᠨ ᠰᠠᠭᠤᠷᠢᠨ ᠳᠤ ᠬᠦᠷᠴᠦ ᠮᠦᠬᠦ ᠶᠢᠨ ᠤᠷᠭᠤᠯᠳᠠ ᠶᠢᠨ ᠪᠠᠶᠢᠳᠠᠯ ᠢ ᠨᠠᠷᠢᠨ ᠠᠵᠢᠬᠯᠠᠨ᠎ᠠ᠃      ︽ᠮᠠᠨ ᠤ ᠠᠳᠡᠬᠢ ᠪᠠᠶᠢᠭᠠᠯᠢᠯᠢᠭ ᠪᠠᠶᠢᠳᠠᠯ ᠢᠶᠠᠨ ᠬᠡᠪ ᠢᠶᠠᠷ ᠨᠢ ᠬᠠᠳᠠᠭᠠᠯᠠᠵᠤ ᠪᠠᠶᠢᠭ᠎ᠠ ᠤᠷᠴᠢᠨ ᠲᠤᠭᠤᠷᠢᠨ ᠤ ᠲᠠᠪᠠᠭᠤᠯᠢᠭ ᠪᠤᠯ ᠤᠯᠠᠭᠠᠨ ᠮᠦᠬᠦ ᠲᠠᠷᠢᠬᠤ ᠳᠤ ᠬᠠᠮᠤᠭ ᠤᠨ ᠲᠤᠬᠢᠷᠠᠮᠵᠢᠳᠠᠢ᠂ ᠤᠯᠠᠷᠢᠯ ᠪᠦᠷᠢ 5 ᠊᠊᠊᠊᠊ 6 ᠤᠳᠠᠭ᠎ᠠ ᠲᠡᠬᠦᠵᠦ ᠪᠤᠯᠤᠨ᠎ᠠ᠃ ᠤᠯᠠᠭᠠᠨ ᠮᠦᠬᠦ ᠶᠢᠨ ᠰᠢᠮ᠎ᠠ ᠲᠡᠵᠢᠬᠡᠯ ᠰᠠᠶᠢᠨ᠂ ᠢᠳᠡᠬᠦ ᠳᠤ ᠠᠮᠳᠠᠳᠠᠢ᠂ ᠪᠤᠷᠤᠯᠠᠭᠤᠯᠬᠤ ᠳᠤ ᠵᠤᠪᠠᠭ᠋ᠤ ᠦᠬᠡᠢ︾᠃ ᠯᠢ ᠾᠦᠢ ᠰᠢᠨ ᠦᠷᠯᠦᠬᠡ ᠶᠢᠨ ᠰᠢᠬᠦᠳᠡᠷᠢ ᠶᠢᠨ ᠤᠰᠤᠨ ᠳᠤ ᠲᠡᠪᠳᠦᠭᠰᠡᠨ ᠱᠠᠬᠠᠢ ᠪᠤᠯᠤᠨ ᠦᠮᠦᠳᠦᠨ ᠰᠢᠷᠬᠤᠨᠠᠭ ᠢᠶᠠᠨ ᠬᠠᠶᠢᠬᠤᠷᠤᠯ ᠦᠬᠡᠢ ᠤᠴᠦ᠋ᠢᠵᠦ ᠰᠠᠭᠤᠭᠠᠳ ᠰᠠᠶ᠋ᠢᠬᠠᠨ ᠬᠦᠷᠦᠰᠦᠨ ᠠᠴᠠ ᠴᠤᠬᠤᠢᠢᠨ ᠭᠠᠷᠴᠦ ᠢᠷᠡᠭᠰᠡᠨ ᠤᠯᠠᠭᠠᠨ ᠮᠦᠬᠦ ᠶᠢ ᠵᠢᠭᠠᠭᠠᠳ ᠡᠨᠡ ᠪᠤᠯ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠤᠳᠤ ᠶᠠᠭ ᠬᠢᠵᠦ ᠪᠠᠶᠢᠬᠤ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠤᠨ ᠨᠢᠬᠡ ᠮᠦᠨ᠂ ᠨᠢᠳᠤᠨᠤᠨ ᠨᠢᠬᠡᠨᠳᠡ ᠲᠤᠰᠬᠤᠨ ᠤ ᠲᠠᠷᠢᠶᠠᠴᠢᠳ ᠢ ᠵᠢᠯᠤᠭᠤᠳᠤᠨ 85 ᠮᠦ ᠲᠠᠷᠢᠵᠦ᠂ ᠡᠨᠡ ᠵᠢᠯ 300 ᠮᠦ ᠪᠤᠯᠭᠠᠨ ᠦᠷᠬᠡᠳᠬᠡᠨ ᠲᠠᠷᠢᠬᠤ ᠪᠠᠷ ᠪᠤᠢ ᠬᠡᠵᠦ ᠰᠤᠷᠪᠤᠯᠵᠢᠯᠠᠬᠴᠢ ᠳᠤ ᠰᠢᠮᠡᠳᠠᠢ ᠲᠠᠨᠢᠯᠴᠠᠭᠤᠯᠤᠨ᠎ᠠ᠃
      ᠯᠢ ᠾᠦᠢ ᠰᠢᠨ ︵ᠵᠡᠭᠦᠨᠳᠡᠬᠢ︶ ᠤᠯᠠᠭᠠᠨ ᠮᠦᠬᠦ ᠶᠢᠨ ᠤᠷᠭᠤᠯᠳᠠ ᠶᠢᠨ ᠪᠠᠶᠢᠳᠠᠯ ᠢ ᠨᠠᠷᠢᠨ ᠠᠵᠢᠬᠯᠠᠨ᠎ᠠ᠃       ︽ᠪᠢ ᠡᠳᠦᠷ ᠪᠦᠷᠢ ᠦᠪᠡᠷ ᠢᠶᠠᠨ ᠡᠵᠡᠨ ᠮᠡᠳᠡᠳᠡᠭ ᠴᠠᠭ ᠪᠤᠯ ᠲᠠᠷᠤᠢ ᠦᠷᠯᠦᠬᠡ ᠪᠤᠯᠭᠠᠨ ᠤ ᠡᠨᠡ ᠦᠶ᠎ᠡ ᠶᠢᠨ ᠴᠠᠭ ᠭᠠᠷᠤᠢ ᠶᠤᠮ᠂ ᠪᠠᠶᠢᠭᠤᠯᠤᠯᠭ᠎ᠠ ᠳᠤ ᠠᠵᠢᠯᠯᠠᠵᠦ ᠪᠠᠶᠢᠬᠤ ᠳᠤ ᠭᠠᠷᠠᠭ ᠤᠨ ᠰᠡᠭᠦᠯᠴᠢ ᠶᠢᠨ ᠠᠮᠠᠷᠠᠯᠳᠠ ᠶᠢᠨ ᠴᠠᠭ ᠢᠶᠠᠨ ᠪᠠᠳᠤᠯᠠᠬᠤ ᠪᠠᠶᠢᠬᠰᠠᠨ᠂ ᠲᠤᠰᠬᠤᠨ ᠳᠤ ᠰᠠᠭᠤᠭᠰᠠᠨ ᠤ ᠲᠠᠷᠠᠭ᠎ᠠ᠂ ᠡᠳᠦᠷ ᠰᠦᠨᠢ ᠶᠢᠨ 24 ᠴᠠᠭ ᠢ ᠪᠦᠬᠦᠨ ᠢ ᠲᠤᠰᠬᠤᠨ ᠤ ᠠᠷᠠᠳ ᠲᠤ ᠵᠤᠷᠢᠭᠤᠯᠬᠤ ᠪᠤᠯᠵᠠᠢ᠂ ᠪᠢᠳᠡ ᠠᠵᠢᠯᠯᠠᠬᠤ ᠪᠠ ᠬᠤᠷᠠᠯᠳᠤᠬᠤ ᠳᠤ ᠬᠡᠵᠢᠶᠡᠳᠡ ᠡᠳᠦᠷ ᠰᠦᠨᠢ ᠶᠢ ᠢᠯᠭᠠᠳᠠᠭ ᠦᠬᠡᠢ᠂ ᠴᠠᠭ ᠨᠡᠮᠡᠵᠦ ᠠᠵᠢᠯᠯᠠᠬᠤ ᠴᠢᠨᠢ ᠶᠡᠷᠦᠳᠡ ᠶᠢᠨ ᠶᠠᠪᠤᠳᠠᠯ᠃ ᠡᠳᠦᠷᠵᠢᠨ ᠮᠤᠩᠭᠠᠨᠢᠵᠤ ᠰᠦᠨᠢ ᠶᠢᠨ 12 ᠴᠠᠭ ᠠᠴᠠ ᠡᠮᠦᠨ᠎ᠠ ᠤᠯᠵᠦ ᠠᠮᠠᠷᠠᠬᠤ ᠨᠢ ᠡᠳᠦᠷ ᠤᠨ ᠤᠳᠤ ᠰᠢᠭ᠋ ᠬᠤᠪᠤᠷᠬᠠᠨ᠃ ᠶᠠᠳᠠᠭᠤ ᠶᠢ ᠲᠡᠳᠬᠦᠬᠦ ᠤᠯᠠᠨ ᠲᠦᠷᠦᠯ ᠵᠦᠢᠯ ᠢ ᠲᠤᠤᠱᠯᠠᠭᠤᠯᠬᠤ ᠴᠢᠬᠤᠯᠠᠳᠠᠢ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ ᠨᠠᠩ ᠬᠦᠨᠵᠡᠬᠡᠶᠢᠷᠡᠬᠦᠯᠤᠨ ᠦᠷᠨᠢᠬᠦᠯᠬᠦ ᠴᠢᠬᠤᠯᠠᠳᠠᠢ᠂ ᠴᠠᠭ ᠤᠨ ᠡᠷᠬᠢᠮ ᠴᠢᠬᠤᠯᠠ ᠭᠡᠭᠴᠢ ᠡᠨᠡ ᠯᠡ ᠪᠢᠵᠡ ᠡ᠂ ᠵᠠᠷᠤᠵᠤ ᠭᠦᠢᠴᠡᠬᠦ ᠦᠭᠡᠢ ᠨᠢ ᠬᠡᠷᠡᠭ︕︾      2017 ᠤᠨ ᠤ 8 ᠰᠠᠷ᠎ᠠ ᠶᠢᠨ 10 ᠤ ᠡᠳᠦᠷ᠂ ᠲᠦᠪ ᠤᠨ ᠵᠤᠬᠢᠶᠠᠨ ᠪᠠᠶᠢᠭᠤᠯᠬᠤ ᠬᠡᠯᠳᠡᠰ ᠠᠴᠠ ᠲᠤᠮᠢᠯᠠᠬᠰᠠᠨ ᠬᠤᠶᠠᠳᠤᠭᠠᠷ ᠪᠦᠯᠦᠭ ᠶᠠᠳᠠᠭᠤ ᠬᠦᠴᠢᠷᠳᠡᠯᠳᠡᠢ ᠭᠠᠵᠠᠷ ᠤᠷᠤᠨ ᠤ ᠲᠤᠰᠬᠤᠨ ᠳᠤ ᠰᠠᠭᠤᠬᠤ ︽ᠨᠢᠬᠡᠳᠦᠬᠡᠷ ᠱᠦᠵᠢ︾ ᠪᠤᠯᠤᠬᠰᠠᠨ ᠤ ᠬᠤᠪᠢ ᠳᠤ᠂ 47 ᠨᠠᠰᠤᠳᠠᠢ ᠯᠢ ᠾᠦᠢ ᠰᠢᠨ ᠤᠤᠯ ᠤᠨ ᠤᠯᠤᠰ ᠤᠨ ᠵᠤᠭᠠᠴᠠᠯ ᠤᠨ ᠲᠤᠪᠴᠢᠶ᠎ᠠ ︵ᠤᠳᠤ ᠶᠢᠨ ᠤᠯᠤᠰ ᠤᠨ ᠰᠤᠶᠤᠯ ᠬᠢᠭᠡᠳ ᠵᠤᠭᠠᠴᠠᠯ ᠤᠨ ᠶᠠᠮᠤᠨ︶ ᠠᠴᠠ ᠲᠤᠮᠢᠯᠠᠭᠳᠠᠨ ᠷᠠᠰᠢᠶᠠᠨ ᠬᠤᠳᠠ ᠳᠤ ᠢᠷᠡᠵᠡᠢ᠃ ᠲᠡᠬᠦᠨ ᠳᠤ ᠷᠠᠰᠢᠶᠠᠨ ᠤ ᠪᠠᠶᠢᠳᠠᠯ ᠢ ᠪᠦᠬᠦ ᠲᠠᠯ᠎ᠠ ᠪᠠᠷ ᠰᠠᠶᠢᠨ ᠤᠢᠢᠯᠠᠭᠠᠭᠤᠯᠬᠤ ᠶᠢᠨ ᠲᠦᠯᠦᠬᠡ ᠲᠤᠬᠠᠢ ᠶᠢᠨ ᠭᠠᠵᠠᠷ ᠤᠷᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠠᠴᠠ ᠯᠢ ᠾᠦᠢ ᠰᠢᠨ ᠢ ᠤᠷᠢᠳᠠᠪᠡᠷ ᠷᠠᠰᠢᠶᠠᠨ ᠬᠤᠳᠠ ᠶᠢᠨ ᠶᠠᠳᠠᠭᠤ ᠶᠢ ᠲᠡᠳᠬᠦᠬᠦ ᠠᠯᠪᠠᠨ ᠬᠡᠷ ᠤᠨ ᠲᠡᠳ᠋ ᠡᠷᠬᠢᠯᠡᠭᠴᠢ ᠪᠠᠷ ᠲᠤᠰᠢᠶᠠᠯ ᠬᠠᠪᠰᠤᠷᠭᠠᠨ ᠡᠬᠦᠷᠬᠡᠯᠡᠬᠦᠯᠵᠦ᠂ ᠲᠤᠰ ᠭᠠᠵᠠᠷ ᠤᠷᠤᠨ ᠤ ᠡᠯ᠎ᠠ ᠲᠦᠷᠦᠯ ᠤᠨ ᠶᠠᠳᠠᠭᠤ ᠶᠢ ᠲᠡᠳᠬᠦᠬᠦ ᠠᠵᠢᠯ ᠳᠤ ᠤᠷᠤᠯᠴᠠᠭᠤᠯᠵᠠᠢ᠃ ᠡᠨᠡ ᠵᠢᠯ ᠤᠨ 4 ᠰᠠᠷ᠎ᠠ ᠶᠢᠨ 9 ᠤ ᠡᠳᠦᠷ ᠠᠴᠠ ᠲᠡᠭᠦᠨ ᠢ ᠮᠢᠩ ᠱᠦᠢ ᠾᠧ ᠪᠠᠯᠭᠠᠰᠤᠨ ᠤ ᠨᠠᠮ ᠤᠨ ᠬᠤᠷᠢᠶᠠᠨ ᠤ ᠲᠡᠳ᠋ ᠱᠦᠵᠢ ᠪᠠᠷ ᠲᠤᠰᠢᠶᠠᠯ ᠬᠠᠪᠰᠤᠷᠭᠠᠨ ᠡᠭᠦᠷᠭᠡᠯᠡᠭᠦᠯᠵᠦ᠂ ᠡᠬᠦᠨ ᠤ ᠬᠠᠮᠳᠤ ᠪᠠᠰᠠ ᠰᠢ ᠺᠧᠤ ᠲᠤᠰᠬᠤᠨ ᠤ ᠲᠤᠰᠬᠤᠨ ᠳᠤ ᠰᠠᠭᠤᠭ᠎ᠠ ︽ᠨᠢᠬᠡᠳᠦᠬᠡᠷ ᠱᠦᠵᠢ︾ ᠶᠢᠨ ᠲᠤᠰᠢᠶᠠᠯ ᠢ ᠡᠬᠦᠷᠬᠡᠯᠡᠭᠦᠯᠵᠡᠡᠢ᠃      ᠬᠡᠳᠦ᠋ᠢᠪᠡᠷ ᠠᠳᠠ ᠢᠷᠡᠵᠦ ᠲᠤᠰᠬᠤᠨ ᠳᠤ ᠰᠠᠭᠤᠭᠠᠳ ᠵᠦᠪᠬᠡᠨ ᠨᠢᠬᠡ ᠰᠠᠷ᠎ᠠ ᠭᠠᠷᠤᠢ ᠪᠤᠯᠵᠦ ᠪᠠᠶᠢᠪᠠᠴᠦ ᠦᠡᠭᠬᠡᠷᠡᠭᠰᠡᠨ ᠬᠠᠭᠠᠰ ᠵᠢᠯ ᠤᠨ ᠶᠠᠳᠠᠭᠤ ᠶᠢ ᠲᠡᠳᠬᠦᠬᠦ ᠠᠯᠪᠠᠨ ᠬᠡᠷ ᠤᠨ ᠠᠵᠢᠯ ᠤᠨ ᠦᠡᠭᠬᠡᠷᠡᠯᠳᠡ ᠨᠢ ᠯᠢ ᠾᠦᠢ ᠰᠢᠨ ᠤ ᠠᠳᠡᠬᠢ ᠪᠠᠶᠢᠳᠠᠯ ᠢ ᠲᠦᠷᠭᠡᠨ ᠤᠢᠢᠯᠠᠭᠠᠬᠤ ᠳᠤ ᠲᠤᠰᠠᠯᠠᠮᠵᠢ ᠪᠤᠯᠵᠤ᠂ ᠡᠬᠦᠨ ᠤ ᠲᠡᠬᠡᠷ᠎ᠠ ᠲᠤᠰᠬᠤᠨ ᠳᠤ ᠰᠠᠭᠤᠭᠰᠠᠨ ᠲᠦᠷᠦᠭᠦᠤ ᠡᠳᠦᠷ ᠠᠴᠠ ᠪᠠᠨ ᠡᠬᠢᠯᠡᠨ ᠡᠷᠤᠬᠡ ᠪᠠᠷ ᠭᠦᠨᠵᠡᠭᠡᠶᠢᠷᠡᠨ ᠠᠰᠠᠭᠤᠨ ᠰᠤᠷᠪᠤᠯᠵᠢᠯᠠᠭᠰᠠ ᠨᠢ ᠡᠨᠡᠬᠦ 600 ᠭᠠᠷᠤᠢ ᠡᠷᠤᠬᠡ ᠲᠠᠢ ᠰᠢ ᠺᠧᠤ ᠲᠤᠰᠬᠤᠨ ᠶᠠᠮᠠᠷ ᠪᠠᠶᠢᠳᠠᠯ ᠲᠠᠢ ᠬᠡᠰᠡᠨ ᠢ ᠨᠠᠢᠮᠠᠨ ᠬᠤᠪᠢ ᠲᠦᠰᠦᠬᠡᠯᠡᠬᠦ ᠪᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠦ ᠨᠡᠩ ᠰᠡᠷᠬᠡᠭ ᠲᠠᠨᠢᠯᠳᠠ ᠪᠠ ᠲᠦᠯᠦᠪᠯᠡᠭᠡ ᠲᠠᠢ ᠪᠤᠯᠤᠬᠰᠠᠨ ᠠᠵᠢ᠃      ︽ᠰᠢ ᠺᠧᠦ ᠲᠤᠰᠬᠤᠨ ᠷᠠᠰᠢᠶᠠᠨ ᠬᠤᠳᠠ ᠶᠢᠨ ᠡᠮᠦᠨ᠎ᠠ ᠡᠬᠦᠳᠡᠨ ᠳᠤ ᠪᠠᠶᠢᠷᠢᠰᠢᠵᠦ᠂ ᠲᠠᠷᠢᠶᠠᠯᠠᠩ ᠤᠢ ᠰᠢᠭᠤᠢ ᠮᠠᠯ ᠠᠵᠦ ᠠᠬᠤᠢ ᠰᠤᠯᠪᠢᠴᠠᠭᠰᠠᠨ ᠴᠢᠭ᠋ ᠪᠤᠯᠤᠨ᠎ᠠ᠂ ᠭᠠᠵᠠᠷ ᠵᠦᠢ ᠶᠢᠨ ᠪᠠᠶᠢᠷᠢᠰᠢᠯ ᠠᠴᠠ ᠦᠵᠡᠪᠡᠯ ᠬᠦᠭᠵᠢᠯᠳᠠ ᠶᠢᠨ ᠲᠠᠯᠳᠠ ᠬᠦᠴᠦᠨ ᠬᠡᠮᠵᠢᠶᠡᠯᠡᠰᠢ ᠦᠬᠡᠢ᠃ ᠬᠦᠳᠡᠭᠡ ᠲᠤᠰᠬᠤᠨ ᠤ ᠵᠤᠭᠠᠴᠠᠯ ᠢ ᠬᠦᠭᠵᠢᠬᠦᠯᠬᠦ ᠲᠠᠯ᠎ᠠ ᠪᠠᠷ ᠰᠢ ᠺᠧᠤ ᠲᠤᠰᠬᠤᠨ ᠤᠳᠤᠬᠠᠨ ᠳᠤ ᠮᠦᠨ ᠬᠤᠭᠤᠰᠤᠨ ᠬᠠᠭᠤᠳᠠᠰᠤ ᠪᠠᠶᠢᠬᠰᠠᠭᠠᠷ᠂ ᠠᠵᠦ ᠦᠢᠯᠡᠰ ᠤᠨ ᠬᠦᠭᠵᠢᠯᠳᠠ ᠶᠢᠨ ᠰᠠᠭᠤᠷᠢ ᠲᠦᠢᠯ ᠤᠨ ᠪᠠᠭᠤᠷᠠᠢ ᠪᠠᠶᠢᠪᠠ᠃ ᠡᠶᠢᠮᠦ ᠠᠴᠠ ᠤᠳᠤᠬᠠᠨ ᠤ ᠶᠠᠳᠠᠭᠤ ᠶᠢ ᠲᠡᠳᠬᠦᠬᠦ ᠠᠵᠢᠯ ᠤᠨ ᠭᠤᠤᠯᠳᠠᠯᠭ᠎ᠠ ᠪᠤᠯ ᠲᠠᠷᠤᠢ ᠠᠵᠦ ᠦᠢᠯᠡᠰ ᠢ ᠬᠦᠭᠵᠢᠬᠦᠯᠵᠦ᠂ ᠲᠤᠰᠬᠤᠨ ᠤ ᠬᠠᠮᠳᠤ ᠨᠡᠶᠢᠳᠡ ᠶᠢ ᠤᠷᠢᠳᠠᠪᠠᠷ ᠪᠠᠶᠠᠵᠢᠭᠤᠯᠬᠤ ᠴᠢᠬᠤᠯᠠᠳᠠᠢ︾ ᠬᠡᠵᠦ ᠯᠢ ᠾᠦᠢ ᠰᠢᠨ ᠦᠵᠡᠯ ᠪᠤᠳᠤᠯ ᠢᠶᠠᠨ ᠰᠤᠷᠪᠤᠯᠵᠢᠯᠠᠬᠴᠢ ᠲᠠᠢ ᠬᠤᠪᠢᠶᠠᠯᠴᠠᠵᠠᠢ᠃      ︽ᠮᠠᠨ ᠤ ᠡᠨᠡ ᠠᠵᠦ ᠦᠢᠯᠡᠰ ᠤᠨ ᠬᠦᠷᠢᠶᠡᠯᠡᠩ ᠲᠤᠭᠤᠷᠢᠭ ᠲᠤᠩ ᠶᠡᠭᠡ ᠤᠨᠴᠠᠯᠢᠭ ᠲᠠᠢ᠂ ︿ᠠᠭᠠᠵᠢᠭᠤ ᠲᠠᠷᠢᠵᠦ ᠠᠭᠠᠵᠢᠭᠤ ᠠᠷᠠᠴᠢᠯᠠᠬᠤ﹀ ᠪᠠᠷ ᠬᠦᠭᠵᠢᠯᠳᠠ ᠶᠢᠨ ᠤᠢᠢᠯᠠᠭᠠᠭᠳᠠᠬᠤᠨ ᠪᠤᠯᠭᠠᠨ᠎ᠠ᠂ ᠡᠨᠡ ᠪᠤᠯ ᠶᠠᠭ ᠯᠢ ᠾᠦᠢ ᠰᠢᠨ ᠱᠦᠵᠢ ᠶᠢᠨ ᠲᠤᠷᠠᠳᠤᠯᠭ᠎ᠠ᠃ ᠤᠯᠤᠰ ᠤᠨ ᠶᠠᠮᠤᠨ ᠵᠦᠪᠯᠡᠯ ᠠᠴᠠ ᠢᠷᠡᠭᠰᠡᠨ ᠶᠠᠳᠠᠭᠤ ᠶᠢ ᠲᠡᠳᠬᠦᠬᠦ ᠺᠠᠳ᠋ᠷ ᠤᠨ ᠨᠢᠳᠦᠨ ᠬᠠᠷᠠᠴᠠ ᠦᠵᠡᠯᠳᠡ ᠲᠡᠨᠢᠯᠳᠠ ᠨᠢ ᠦᠨᠡᠬᠡᠷ ᠠᠳᠠᠯᠢ ᠦᠬᠡᠢ︕ ᠮᠠᠨ ᠤ ᠶᠠᠳᠠᠭᠤ ᠬᠦᠴᠢᠷᠳᠡᠯᠳᠡᠢ ᠤᠷᠤᠨ ᠤ ᠬᠡᠷᠡᠭᠰᠡᠵᠦ ᠪᠠᠶᠢᠭ᠎ᠠ ᠲᠤᠰᠬᠤᠨ ᠳᠤ ᠰᠠᠭᠤᠭ᠎ᠠ ᠺᠠᠳ᠋ᠷ ᠪᠤᠯ ᠪᠢᠳᠡᠨ ᠢ ᠬᠠᠪᠰᠤᠷᠴᠦ ᠪᠤᠳᠠᠳᠠᠢ ᠶᠠᠪᠤᠳᠠᠯ ᠬᠢᠬᠦ ᠲᠡᠳᠦᠢ ᠯᠡ ᠪᠢᠰᠢ᠂ ᠪᠠᠰᠠ ᠬᠦᠭᠵᠢᠯᠳᠠ ᠶᠢᠨ ᠤᠢᠢᠯᠠᠭᠠᠭᠳᠠᠬᠤᠨ ᠤ ᠲᠠᠯ᠎ᠠ ᠪᠠᠷ ᠪᠢᠳᠡᠨ ᠢ ᠬᠠᠪᠰᠤᠷᠴᠦ ᠦᠵᠡᠯᠳᠡ ᠲᠠᠨᠢᠯᠳᠠ ᠶᠢ ᠲᠡᠬᠡᠭᠰᠢᠯᠡᠬᠦᠯᠵᠦ᠂ ᠮᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠷᠡᠰ ᠢᠯᠠᠯᠳᠠ ᠶᠢ ᠤᠯᠵᠦ᠂ ᠮᠠᠨ ᠤ ᠠᠵᠦ ᠦᠢᠯᠡᠰ ᠤᠨ ᠬᠦᠭᠵᠢᠯᠳᠠ ᠶᠢ ᠰᠢᠨ᠎ᠠ ᠲᠡᠭᠳᠡᠷ ᠲᠤ ᠭᠠᠷᠭᠠᠬᠤ ᠶᠢ ᠲᠤᠯᠭᠠᠮ᠎ᠠ ᠬᠦᠰᠡᠵᠦ ᠪᠠᠶᠢᠨ᠎ᠠ︾ ᠬᠡᠵᠦ ᠮᠢᠩ ᠱᠦᠢ ᠾᠧ ᠪᠠᠯᠭᠠᠰᠤᠨ ᠤ ᠲᠠᠷᠤᠭ᠎ᠠ ᠯᠢ ᠾᠦᠢ ᠰᠢᠨ ᠤ ᠪᠠᠶᠢᠳᠠᠯ ᠢ ᠰᠤᠷᠪᠤᠯᠵᠢᠠᠯᠬᠴᠢ ᠳᠤ ᠲᠠᠨᠢᠯᠴᠠᠭᠤᠯᠬᠤ ᠶᠢᠨ ᠲᠠᠭᠠᠦ ᠲᠡᠬᠦᠨ ᠢ ᠬᠦᠨᠳᠦᠳᠬᠡᠨ ᠪᠢᠰᠢᠷᠡᠭᠰᠡᠨ ᠰᠡᠳᠬᠢᠯᠬᠡ ᠦᠭᠡ ᠶᠠᠷᠢᠶᠠᠨ ᠳᠤᠨᠢ ᠯᠡᠪᠡᠷᠡᠨ᠎ᠠ᠃      ︽︿ᠠᠭᠠᠵᠢᠭᠤ ᠲᠠᠷᠢᠵᠦ ᠠᠭᠠᠵᠢᠭᠤ ᠠᠷᠠᠴᠢᠯᠠᠬᠤ﹀ ᠬᠡᠳᠡᠭ ᠨᠢ ᠤᠷᠭᠤᠬᠤ ᠴᠠᠭ ᠢ ᠨᠢ ᠤᠳᠠᠭᠠᠨ ᠪᠠᠶᠢᠯᠭᠠᠵᠤ᠂ ᠨᠡᠩ ᠤᠷᠳᠤ ᠴᠠᠭ ᠢᠶᠠᠷ ᠪᠠᠶᠢᠭᠠᠯᠢ ᠶᠢᠨ ᠬᠡᠰᠢᠭ ᠢ ᠰᠢᠩᠭᠡᠭᠡᠪᠠᠯ ᠴᠢᠨᠠᠷ ᠨᠢ ᠨᠡᠩ ᠰᠠᠶᠢᠨ ᠪᠤᠯᠤᠨ᠎ᠠ᠂ ᠮᠠᠨ ᠤ ᠠᠳᠡ ᠲᠤᠩ ᠲᠤᠬᠢᠷᠠᠨ᠎ᠠ᠃ ᠡᠶᠢᠮᠦ ᠠᠴᠠ ᠤᠷᠭᠤᠬᠤ ᠴᠠᠭ ᠢ ᠨᠢ ᠤᠳᠠᠭᠠᠨ ᠪᠠᠶᠢᠯᠭᠠᠬᠤ ᠲᠤᠳᠠᠭᠤᠳᠠᠯ ᠢ ᠰᠠᠶᠢᠨ ᠠᠷᠠᠴᠢᠯᠠᠬᠤ ᠲᠠᠪᠠᠭᠤᠯᠢᠭ ᠪᠤᠯᠭᠠᠨ ᠬᠤᠪᠢᠷᠠᠭᠤᠯᠵᠦ᠂ ᠰᠠᠶᠢᠨ ᠠᠷᠠᠴᠢᠯᠠᠬᠰᠠᠨ ᠲᠠᠪᠠᠭᠤᠯᠢᠭ ᠢᠶᠠᠨ ᠪᠡᠬᠡᠵᠢᠩ ᠠᠴᠠ ᠦᠪᠤᠷ ᠮᠤᠩᠭᠤᠯ ᠢ ᠬᠠᠪᠰᠤᠷᠤᠨ ᠲᠡᠮᠵᠢᠬᠦ ᠲᠠᠪᠴᠠᠩ ᠢᠶᠠᠷ ᠲᠠᠮᠵᠢᠵᠦ ᠪᠤᠷᠤᠯᠠᠭᠤᠯᠭ᠎ᠠ ᠰᠠᠶᠢᠳᠠᠢ ᠦᠢᠯᠡᠳᠬᠦᠨ ᠪᠤᠯᠭᠠᠨ ᠬᠤᠪᠢᠷᠠᠭᠤᠯᠤᠨ᠎ᠠ᠃ ᠠᠰᠢᠭ ᠦᠬᠡᠢ ᠪᠠᠶᠢᠳᠠᠯ ᠢᠶᠠᠨ ᠲᠦᠷᠦᠯ ᠲᠡᠮᠳᠡᠭ ᠤᠨ ᠲᠠᠪᠠᠭᠤᠯᠢᠭ ᠪᠤᠯᠭᠠᠨ ᠬᠤᠪᠢᠷᠠᠭᠤᠯᠵᠦ᠂ ᠬᠦᠭᠵᠢᠬᠦᠯᠦᠯᠳᠠ ᠪᠤᠯᠤᠨ ᠬᠠᠮᠠᠭᠠᠯᠠᠯᠳᠠ ᠶᠢᠨ ᠬᠤᠭᠤᠷᠤᠨᠳᠤᠬᠢ ᠲᠡᠩᠴᠡᠬᠦᠷᠢ ᠶᠢ ᠡᠷᠢᠨ᠎ᠠ᠂ ᠢᠡᠭᠬᠢᠪᠠᠯ ᠰᠠᠶᠢ ᠬᠦᠳᠡᠭᠡ ᠲᠤᠰᠬᠤᠨ ᠢ ᠬᠦᠭᠵᠢᠬᠦᠯᠦᠨ ᠮᠡᠨᠳᠤᠭᠤᠯᠬᠤ ᠪᠠᠶᠢᠯᠳᠤᠬᠤ ᠪᠤᠳᠤᠯᠭ᠎ᠠ ᠪᠡ ᠬᠦᠳᠡᠭᠡ ᠠᠵᠤ ᠠᠬᠤᠢ ᠶᠢ ᠴᠢᠨᠠᠷ ᠰᠠᠶᠢᠳᠠᠢ ᠬᠦᠭᠵᠢᠬᠦᠯᠬᠦ ᠱᠠᠭᠠᠷᠳᠠᠯᠭ᠎ᠠ ᠳᠤ ᠨᠡᠶᠢᠴᠡᠨ᠎ᠠ︾ ᠬᠡᠵᠦ ᠬᠠᠵᠠᠭᠤ ᠳᠤ ᠰᠠᠭᠤᠵᠦ ᠪᠠᠶᠢᠬᠰᠠᠨ ᠯᠢ ᠾᠦᠢ ᠰᠢᠨ ᠨᠦᠬᠦᠪᠦᠷᠢᠯᠠᠨ ᠶᠠᠷᠢᠨ᠎ᠠ᠃      ᠤᠢᠢᠯᠠᠭᠠᠭᠰᠠᠨ ᠢᠶᠠᠷ᠂ ᠡᠨᠡᠬᠦ ᠤᠢᠢᠯᠠᠭᠠᠭᠳᠠᠬᠤᠨ ᠢ ᠲᠤᠷᠠᠳᠤᠨ ᠭᠠᠷᠭᠠᠬᠤ ᠦᠶᠡᠰ ᠶᠠᠭ ᠰᠠᠶ᠋ᠢᠬᠠᠨ ᠪᠡᠬᠡᠵᠢᠩ ᠠᠴᠠ ᠦᠪᠤᠷ ᠮᠤᠩᠭᠤᠯ ᠢ ᠬᠠᠪᠰᠤᠷᠤᠨ ᠲᠡᠮᠵᠢᠬᠦ ᠰᠠᠶᠢᠨ ᠲᠦᠷᠦ ᠶᠢᠨ ᠪᠤᠳᠤᠯᠭ᠎ᠠ ᠲᠤᠤᠱᠯᠠᠭᠤᠯᠤᠭᠳᠠᠨ ᠨᠠᠶᠢᠳᠠᠪᠤᠷᠢᠵᠢᠭᠤᠯᠤᠭᠳᠠᠵᠤ ᠪᠠᠶᠢᠭᠰᠠᠨ ᠲᠠᠢ ᠬᠠᠷᠭᠤᠵᠤ᠂ ᠡᠯ᠎ᠠ ᠲᠠᠯ᠎ᠠ ᠶᠢᠨ ᠬᠢᠨ ᠡᠨᠡᠬᠦ ᠤᠢᠢᠯᠠᠭᠠᠭᠳᠠᠬᠤᠨ ᠢ ᠪᠦᠷ ᠵᠦᠪᠰᠢᠶᠡᠷᠡᠵᠦ᠂ ᠡᠶᠢᠮᠦᠷᠬᠦ ᠤᠢᠢᠯᠠᠭᠠᠭᠳᠠᠬᠤᠨ ᠤ ᠵᠢᠯᠤᠭᠤᠳᠤᠯᠭ᠎ᠠ ᠲᠤᠤᠷ᠎ᠠ ᠦᠢᠯᠡᠳᠪᠦᠷᠢᠯᠡᠭᠰᠡᠨ ᠴᠢᠨᠠᠷ ᠰᠠᠶᠢᠳᠠᠢ ᠪᠤᠬᠢᠷᠳᠤᠯ ᠦᠬᠡᠢ ᠲᠠᠷᠢᠶᠠᠯᠠᠩ ᠤᠨ ᠪᠦᠳᠦᠬᠡᠭᠳᠡᠬᠦᠨ ᠤ ᠲᠡᠭᠡᠳᠦ ᠲᠡᠰ ᠤᠨ ᠪᠤᠷᠤᠯᠠᠭᠤᠯᠭ᠎ᠠ ᠶᠢᠨ ᠵᠠᠬ᠎ᠠ ᠲᠡᠯᠬᠡᠭᠦᠷ ᠲᠤ ᠤᠷᠤᠬᠤ ᠳᠤ ᠢᠳᠡᠭᠡᠯ ᠲᠦᠭᠦᠷᠡᠩ ᠪᠠᠶᠢᠪᠠ᠃ ᠲᠡᠬᠡᠬᠡᠳ ᠪᠡᠬᠡᠵᠢᠩ ᠦᠪᠤᠷ ᠮᠤᠩᠭᠤᠯ ᠢ ᠬᠠᠪᠰᠤᠷᠤᠨ ᠲᠡᠮᠵᠢᠬᠦ ︽ᠠᠭᠠᠵᠢᠭᠤ ᠲᠠᠷᠢᠵᠦ ᠠᠭᠠᠵᠢᠭᠤ ᠠᠷᠠᠴᠢᠯᠠᠬᠤ︾ ᠠᠮᠢ ᠠᠬᠤᠢ ᠶᠢᠨ ᠮᠠᠯ ᠠᠵᠦ ᠠᠬᠤᠢ ᠲᠠᠷᠢᠶᠠᠯᠠᠩ ᠶᠢᠨ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠬᠠᠮᠳᠤ ᠪᠠᠷ ᠪᠦᠳᠦᠭᠡᠨ ᠪᠠᠶᠢᠭᠤᠯᠬᠤ ᠬᠦᠷᠢᠶᠠᠯᠠᠩ ᠪᠠᠶᠢᠭᠤᠯᠤᠬᠳᠠᠵᠠᠢ᠃ ᠡᠳᠦᠬᠡ ︽ᠠᠭᠠᠵᠢᠭᠤ ᠲᠠᠷᠢᠵᠦ ᠠᠭᠠᠵᠢᠭᠤ ᠠᠷᠠᠴᠢᠯᠠᠬᠤ︾ ᠨᠢ ᠨᠢᠬᠡᠨᠳᠡ ᠷᠠᠰᠢᠶᠠᠨ ᠤ ᠲᠤᠰ ᠭᠠᠵᠠᠷ ᠤᠷᠤᠨ ᠤ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠦᠯᠦᠪᠵᠢᠬᠦᠯᠬᠡ ᠪᠤᠯᠵᠠᠢ᠃      ︽ᠮᠠᠨ ᠤ ᠶᠠᠳᠠᠭᠤ ᠬᠦᠴᠢᠷᠳᠡᠯᠳᠡᠢ ᠡᠷᠦᠭᠡ ᠶᠠᠪᠤᠳᠠᠯ ᠤᠴᠢᠷ ᠲᠤᠬᠢᠶᠠᠯᠳᠤᠪᠠᠯ ᠠᠷᠢᠭᠤᠨ ᠬᠡᠦᠭᠡᠨ       ᠲᠡᠭᠦᠦ ᠶᠢ ᠡᠷᠢᠬᠦ ᠲᠤᠷᠠᠳᠠᠢ︾                5 ᠰᠠᠷ᠎ᠠ ᠶᠢᠨ 17 ᠤ ᠡᠳᠦᠷ  ᠲᠤᠩᠭᠠᠯᠠᠭ    ᠮᠢᠩ ᠱᠦᠢ ᠾᠧ ᠲᠤᠰᠬᠤᠨ      ︽ᠠᠷᠢᠭᠤᠨ ᠡᠭᠡᠴᠢ ᠡ᠂ ᠴᠢᠮ᠎ᠠ ᠳᠤ ᠲᠠᠯᠠᠷᠬᠠᠯ᠎ᠠ ᠁︾ ᠦᠳᠡ ᠶᠢᠨ ᠬᠤᠶᠢᠨᠠᠬᠢ 3 ᠴᠠᠭ ᠲᠤ᠂ ᠮᠢᠩ ᠱᠦᠢ ᠾᠧ ᠲᠤᠰᠬᠤᠨ ᠤ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠠᠷᠢᠭᠤᠨ ᠤ ᠠᠯᠪᠠᠨ ᠭᠡᠷ ᠲᠤ ᠴᠢᠷᠠᠢ ᠨᠢ ᠬᠤᠵᠢᠢᠭᠰᠠᠨ ᠲᠤᠰᠬᠤᠨ ᠤ ᠠᠷᠠᠳ ᠪᠤᠤ ᠾᠦᠩ ᠷᠦᠩ ᠬᠠᠵᠠᠭᠤ ᠭᠡᠷ ᠲᠤ ᠬᠤᠷᠠᠯᠳᠤᠵᠤ ᠪᠠᠶᠢᠭᠰᠠᠨ ᠲᠤᠰᠬᠤᠨ ᠤ ᠠᠷᠠᠳ ᠤᠨ ᠲᠦᠯᠦᠭᠡᠯᠡᠭᠴᠢ ᠶᠢᠨ ᠠᠷᠠᠳᠴᠢᠯᠠᠯ ᠢᠶᠠᠷ ᠭᠤᠤᠯᠴᠢ ᠪᠠᠷ ᠦᠨᠡᠯᠡᠬᠦ ᠬᠤᠷᠠᠯ ᠤᠨ ᠭᠡᠷ ᠠᠴᠠ ᠭᠠᠷᠴᠤ ᠢᠷᠡᠭᠡᠳ ᠠᠷᠢᠭᠤᠨ ᠢ ᠦᠵᠡᠮᠡᠭᠴᠡ ᠴᠢᠩᠭ᠎ᠠ ᠲᠡᠪᠡᠷᠢᠨ ᠨᠢᠯᠪᠤᠰᠤ ᠪᠦᠮᠪᠦᠷᠢᠭᠦᠯᠦᠯ᠎ᠠ᠃ ᠲᠡᠷᠡ ᠰᠠᠶ᠋ᠢᠬᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠡᠷᠦᠭᠡ ᠶᠢᠨ ᠬᠢᠨᠠᠨ ᠬᠠᠷᠭᠤᠭᠤᠯᠤᠯᠳᠠ ᠶᠢ ᠦᠩᠭᠡᠷᠡᠭᠡᠵᠦ᠂ 6 ᠰᠠᠷ᠎ᠠ ᠠᠴᠠ ᠡᠬᠢᠯᠡᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠮᠦᠩᠭᠦ ᠬᠦᠷᠳᠡᠬᠦ ᠪᠤᠯᠤᠨ᠎ᠠ᠃      33 ᠨᠠᠰᠤᠳᠠᠢ ᠪᠤᠤ ᠾᠦᠩ ᠷᠦᠩ ᠢ ᠶᠠᠷᠢᠪᠠᠯ ᠲᠤᠩ ᠵᠤᠯ ᠪᠤᠰᠤ ᠶᠢᠨ ᠶᠤᠮ᠂ ᠨᠢᠳᠤᠨᠤᠨ ᠵᠢᠯ ᠤᠨ 8 ᠰᠠᠷ᠎ᠠ ᠳᠤ᠂ ᠲᠡᠷᠡ ᠨᠦᠬᠦᠷ ᠲᠠᠢ ᠪᠠᠨ ᠭᠠᠳᠠᠭᠰᠢ ᠭᠠᠷᠤᠭᠠᠳ ᠲᠡᠷᠭᠡᠨ ᠠᠳᠡᠯ ᠭᠠᠷᠴᠤ᠂ ᠨᠦᠬᠦᠷ ᠨᠢ ᠲᠤᠬᠠᠢ ᠶᠢᠨ ᠲᠠᠯᠠᠪᠠᠢ ᠳᠤ ᠠᠮᠢ ᠪᠠᠨ ᠠᠯᠳᠠᠵᠠᠢ᠂ ᠲᠡᠷᠡ ᠦᠭᠦᠯ ᠠᠴᠠ ᠬᠡᠯᠳᠦᠷᠢᠭᠰᠡᠨ ᠴᠦ ᠬᠦᠨᠳᠦ ᠰᠢᠷᠬᠠᠳᠤᠵᠤ᠂ ᠪᠡᠶ᠎ᠠ ᠨᠢ ᠮᠡᠰᠡ ᠵᠠᠰᠠᠯ ᠤᠨ ᠲᠠᠷᠠᠭᠠᠬᠢ ᠡᠷᠡᠭᠦᠯᠵᠢᠬᠦ ᠬᠤᠭᠤᠴᠠᠭᠠᠨ ᠳᠤ ᠤᠷᠤᠭᠠᠳ ᠪᠤᠢ᠃ ᠵᠤᠪᠠᠵᠤ ᠰᠢᠨᠠᠯᠤᠭᠰᠠᠨ ᠨᠠᠰᠤᠳᠠᠨ ᠪᠤᠯᠤᠨ 6 ᠨᠠᠰᠤᠳᠠᠢ ᠨᠢᠯᠬ᠎ᠠ ᠦᠷ᠎ᠠ ᠪᠠᠨ ᠪᠤᠳᠤᠬᠤ ᠳᠤ ᠪᠤᠤ ᠾᠦᠩ ᠷᠦᠩ ᠤᠨ ᠪᠡᠶ᠎ᠠ ᠰᠡᠳᠭᠢᠯ ᠨᠢ ᠵᠦᠳᠡᠷᠡᠵᠦ᠂ ᠤᠬᠢᠯᠠᠶ᠎ᠠ ᠭᠡᠬᠦ ᠳᠤ ᠨᠢᠯᠪᠤᠰᠤ ᠦᠭᠡᠢ᠂ ᠲᠠᠷᠠᠭᠠᠴᠢ ᠶᠢᠨ ᠠᠮᠢᠳᠤᠷᠠᠯ ᠢᠶᠠᠨ ᠶᠠᠭᠠᠬᠢᠵᠤ ᠠᠷᠭᠠᠴᠠᠳᠠᠭ ᠪᠢᠯᠡ ᠭᠡᠵᠦ ᠵᠤᠪᠠᠵᠤ ᠰᠢᠨᠠᠯᠵᠤ ᠪᠠᠶᠢᠵᠠᠢ᠃ ᠶᠠᠭ ᠡᠨᠡ ᠦᠶᠡᠰ᠂ ᠠᠷᠢᠭᠤᠨ ᠪᠤᠯᠤᠨ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠲᠡᠭᠦᠨ ᠢ ᠲᠠᠭᠠᠭᠤᠯᠵᠤ ᠵᠡᠮᠳᠡᠭᠴᠤᠳ ᠤᠨ ᠦᠨᠡᠮᠯᠡᠯ ᠬᠢᠯᠭᠡᠵᠦ᠂ ᠵᠤᠬᠢᠴᠠᠭᠤᠯᠵᠤ ᠪᠠᠶᠢᠭᠠᠳ ᠨᠡᠭᠦᠯᠭᠡᠵᠦ ᠰᠢᠯᠵᠢᠭᠦᠯᠬᠦ ᠭᠡᠷ ᠲᠤ ᠰᠠᠭᠤᠯᠭᠠᠵᠤ᠂ ᠲᠡᠭᠦᠨ ᠤ ᠪᠤᠳᠠᠳᠠᠢ ᠪᠠᠶᠢᠳᠠᠯ ᠢ ᠦᠨᠳᠦᠰᠦᠯᠡᠨ᠂ ᠲᠡᠰ ᠲᠡᠷᠠᠭᠠᠯᠠᠯ ᠶᠤᠰᠤᠭᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠡᠷᠡᠮᠡᠯᠵᠡᠯᠡᠨ ᠦᠭᠴᠡᠢ᠃      ᠮᠢᠩ ᠱᠦᠢ ᠾᠧ ᠲᠤᠰᠬᠤᠨ ᠤ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠳᠤ ᠭᠠᠷᠬᠤ ᠠᠴᠠ ᠡᠮᠦᠨ᠎ᠠ᠂ ᠠᠷᠢᠭᠤᠨ ᠮᠢᠩ ᠱᠦᠢ ᠾᠧ ᠪᠠᠯᠭᠠᠰᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠰᠢᠭᠦᠨ᠂ ᠡᠮᠡᠭᠳᠡᠶᠢᠴᠤᠳ ᠤᠨ ᠬᠤᠯᠪᠤᠭ᠎ᠠ ᠶᠢᠨ ᠲᠡᠷᠢᠭᠦᠯᠡᠭᠴᠢ ᠪᠠᠷ ᠠᠵᠢᠯᠯᠠᠵᠤ ᠪᠠᠶᠢᠵᠠᠢ᠃ ᠠᠷᠢᠭᠤᠨ ᠳᠤ ᠠᠪᠴᠤ ᠬᠡᠯᠡᠪᠡᠯ᠂ ᠡᠨᠡᠬᠦ ᠰᠢᠨ᠎ᠠ ᠲᠤᠰᠢᠶᠠᠯ ᠨᠢ ᠲᠡᠭᠦᠨ ᠳᠤ ᠬᠦᠨᠳᠦ ᠠᠴᠠ ᠬᠦᠨᠳᠦ ᠲᠤᠰᠢᠶᠠᠯ ᠬᠠᠷᠢᠭᠤᠴᠠᠯᠭ᠎ᠠ ᠪᠤᠯᠵᠤ ᠰᠠᠨᠠᠭᠳᠠᠵᠠᠢ᠃ ᠰᠠᠭᠤᠭᠠᠯᠢ ᠠᠷᠠᠳ ᠤᠨ ᠭᠡᠷ ᠲᠤ ᠴᠠᠬᠢᠯᠭᠠᠨ ᠵᠤᠭᠰᠤᠬᠤ᠂ ᠭᠡᠷ ᠨᠢ ᠭᠤᠭᠤᠵᠢᠬᠤ ᠠᠴᠠ ᠵᠢᠭᠡᠯᠡᠯᠭᠡ ᠵᠢᠭᠡᠯᠡᠬᠦ᠂ ᠲᠦᠷᠦᠯ ᠵᠦᠢᠯ ᠡᠷᠡᠮᠡᠯᠵᠡᠯᠡᠬᠦ᠂ ᠡᠮᠨᠡᠯᠭᠡ ᠶᠢᠨ ᠬᠤᠷᠢᠶᠠᠨ ᠳᠤ ᠰᠠᠭᠤᠵᠤ ᠲᠠᠩᠰᠠᠨ ᠠᠴᠠ ᠲᠠᠶᠢᠯᠬᠤ ᠠᠴᠠ ᠬᠡᠦᠭᠡᠳ ᠢᠶᠠᠨ ᠴᠡᠴᠡᠷᠯᠢᠭ ᠲᠤ ᠬᠦᠷᠭᠡᠬᠦ ᠁ ᠭᠡᠭᠦᠴᠢᠯᠡᠨ ᠵᠢᠵᠢᠭ ᠰᠠᠵᠢᠭ ᠶᠠᠪᠤᠳᠠᠯ ᠠᠴᠠ ᠡᠬᠢᠯᠡᠨ ᠤᠯᠠᠩᠭᠢ ᠬᠦᠮᠦᠰ ᠬᠠᠮᠤᠭ ᠤᠨ ᠲᠦᠷᠦᠭᠦᠨ ᠳᠤ ᠠᠷᠢᠭᠤᠨ ᠢ ᠪᠤᠳᠤᠵᠤ ᠤᠯᠳᠠᠭ᠃ ᠰᠤᠷᠪᠤᠯᠵᠢᠯᠠᠭ᠎ᠠ ᠶᠢᠨ ᠲᠤᠮᠳᠠ ᠤᠯᠠᠩᠭᠢ ᠲᠤᠰᠬᠤᠨ ᠤ ᠠᠷᠠᠳ᠂ ᠤᠨᠴᠠᠭᠠᠢᠢᠯᠠᠨ ᠶᠠᠳᠠᠭᠤ ᠬᠦᠴᠢᠷᠳᠡᠯᠳᠡᠢ ᠡᠷᠦᠭᠡ ᠶᠢᠨ ᠬᠢᠨ᠄ ︽ᠪᠢᠳᠡ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠲᠠᠢ ᠬᠠᠷᠢᠯᠴᠠᠬᠤ ᠲᠤᠷᠠᠳᠠᠢ᠂ ᠰᠡᠳᠭᠢᠯ ᠤᠨ ᠦᠭᠡ ᠪᠠᠨ ᠴᠦ ᠴᠤᠬᠤᠢᠢᠯᠭᠠᠬᠤ ᠲᠤᠷᠠᠳᠠᠢ᠂ ᠤᠴᠢᠷ ᠨᠢ ᠲᠡᠷᠡ ᠦᠨᠡᠨ ᠰᠡᠳᠭᠢᠯ ᠠᠴᠠ ᠪᠠᠨ ᠶᠠᠳᠠᠭᠤ ᠬᠦᠴᠢᠷᠳᠡᠯᠳᠡᠢ ᠡᠷᠦᠭᠡ ᠶᠢᠨ ᠬᠠᠷᠠᠭᠠᠰᠤ ᠠᠴᠠ ᠠᠰᠠᠭᠤᠳᠠᠯ ᠢ ᠪᠤᠳᠤᠯᠬᠢᠯᠠᠵᠤ᠂ ᠭᠡᠷ ᠤᠨ ᠢᠶᠠᠨ ᠶᠠᠪᠤᠳᠠᠯ ᠢᠶᠠᠨ ᠰᠢᠭ᠋ ᠨᠢᠮᠪᠠᠢ ᠭᠦᠢᠴᠡᠳᠭᠡᠵᠦ ᠦᠭᠳᠡᠭ᠂ ᠮᠠᠨ ᠤ ᠶᠠᠳᠠᠭᠤ ᠬᠦᠴᠢᠷᠳᠡᠯᠳᠡᠢ ᠡᠷᠦᠭᠡ ᠶᠢᠨ ᠬᠢᠨ ᠪᠦᠷ ᠠᠷᠢᠭᠤᠨ ᠬᠡᠦᠭᠡᠨ ᠲᠡᠭᠦᠦ ᠶᠢ ᠡᠷᠢᠬᠦ ᠲᠤᠷᠠᠳᠠᠢ︾ ᠭᠡᠵᠦ ᠬᠡᠨ ᠠᠯᠢᠨ ᠳᠠᠭᠠᠨ ᠠᠪᠳᠠᠯ ᠦᠭᠡᠢ ᠪᠤᠯᠢᠶᠠᠯᠳᠤᠨ ᠶᠠᠷᠢᠵᠠᠭᠠᠨ᠎ᠠ᠃
      ᠠᠷᠢᠭᠤᠨ ᠤ ᠰᠠᠨᠠᠭᠠᠴᠢᠯᠠᠨ ᠡᠷᠬᠢᠯᠡᠭᠰᠡᠨ ᠭᠠᠷ ᠬᠦᠷᠦᠮᠡᠯ ᠤᠨ ᠪᠤᠯᠪᠠᠰᠤᠷᠠᠯ ᠤᠨ ᠠᠩᠭᠢ᠃      ︽ᠲᠤᠰᠬᠤᠨ ᠤ ᠠᠷᠠᠳ ᠤᠨ ᠤᠯᠠᠩᠭᠢ ᠨᠢ ᠲᠡᠭᠦᠨ ᠢ ᠱᠦᠵᠢ ᠭᠡᠵᠦ ᠲᠠᠭᠤᠳᠠᠳᠠᠭ ᠦᠭᠡᠢ᠂ ᠠᠷᠢᠭᠤᠨ ᠪᠤᠶᠤ ᠠᠷᠢᠭᠤᠨ ᠬᠡᠦᠭᠡᠨ ᠲᠡᠭᠦᠦ ᠭᠡᠵᠦ ᠲᠤᠳᠤᠨᠤᠴᠢᠯᠠᠨ ᠲᠠᠭᠤᠳᠠᠳᠠᠭ︾᠃ ᠲᠤᠰᠬᠤᠨ ᠤ ᠠᠷᠠᠳ ᠤᠨ ᠡᠶᠢᠨᠬᠦ ᠢᠳᠡᠭᠡᠵᠦ ᠨᠠᠶᠢᠳᠠᠭᠰᠠᠨ ᠦᠭᠡ ᠶᠠᠷᠢᠶ᠎ᠠ ᠨᠢ ᠠᠷᠢᠭᠤᠨ ᠤ ᠰᠡᠳᠭᠢᠯ ᠢ ᠲᠠᠶᠢᠪᠤᠰᠢᠷᠠᠭᠤᠯᠤᠨ ᠲᠤᠭᠳᠤᠯᠤᠭᠤᠯᠳᠠᠭ᠃      ᠪᠤᠤ ᠾᠦᠩ ᠷᠦᠩ ᠢ ᠶᠠᠪᠤᠭᠠᠳ ᠲᠡᠮᠡᠢ ᠤᠳᠠᠭᠰᠠᠨ ᠦᠭᠡᠢ 70 ᠭᠠᠷᠤᠭᠰᠠᠨ ᠲᠤᠰᠬᠤᠨ ᠤ ᠠᠷᠠᠳ ᠭᠦᠸᠧ ᠵᠢᠩ ᠸᠧᠨ ᠶᠠᠭᠠᠷᠠᠦ ᠰᠠᠨᠳᠤᠷᠤ ᠠᠷᠢᠭᠤᠨ ᠤ ᠠᠯᠪᠠᠨ ᠭᠡᠷ ᠲᠤ ᠬᠦᠷᠴᠦ ᠢᠷᠡᠯ᠎ᠠ᠂ ᠲᠡᠷᠡ ᠬᠠᠷᠮᠠᠨ ᠠᠴᠠ ᠪᠠᠨ 3 ᠲᠦᠮᠡᠨ ᠲᠦᠭᠦᠷᠢᠭ ᠠᠭᠤᠳᠠᠯᠵᠤ ᠠᠷᠢᠭᠤᠨ ᠳᠤ ᠭᠠᠷᠳᠠᠭᠤᠯᠤᠨ᠄ ︽ᠠᠷᠢᠭᠤᠨ ᠡ᠂ ᠠᠪᠠᠭ᠎ᠠ ᠨᠢ ᠰᠤᠶᠤᠯ ᠦᠭᠡᠢ ᠬᠦᠮᠦᠨ᠂ ᠦᠰᠦᠭ ᠪᠢᠴᠢᠬᠦ ᠳᠤ ᠬᠦᠴᠢᠷᠳᠡᠨ᠎ᠠ᠂ ᠨᠠᠮᠠᠶᠢ ᠬᠠᠪᠰᠤᠷᠴᠤ ᠲᠡᠭᠡᠷ᠎ᠠ ᠵᠢᠯ ᠤᠨ ᠵᠢᠭᠡᠯᠡᠭᠰᠡᠨ ᠵᠤᠭᠤᠰ ᠢ ᠪᠤᠴᠠᠭᠠᠭᠠᠳ ᠦᠭᠭᠦᠭᠡᠴᠢ᠂ ᠲᠠᠷᠠᠭᠠᠴᠢ ᠪᠠᠷ ᠵᠢᠭᠡᠯᠡᠪᠡᠯ ᠪᠠᠰᠠ ᠴᠢᠮᠠᠶᠢ ᠡᠷᠢᠶ᠎ᠠ᠂ ᠪᠤᠰᠤᠳ ᠶᠠᠪᠤᠳᠠᠯ ᠢ ᠨᠢ ᠪᠢ ᠬᠠᠮᠢᠶᠠᠷᠬᠤ ᠦᠭᠡᠢ ᠯᠡᠢ︾ ᠭᠡᠵᠦ ᠬᠦᠭᠦᠷᠡᠨ ᠢᠨᠢᠶᠡᠭᠡᠳ ᠪᠤᠴᠠᠵᠠᠢ᠃      ᠰᠤᠷᠪᠤᠯᠵᠢᠯᠠᠭᠴᠢ ᠶᠢᠨ ᠴᠢᠷᠠᠢ ᠲᠦᠭᠦᠷᠡᠩ ᠮᠡᠩᠳᠡᠭᠦᠷᠡᠯ ᠢ ᠬᠠᠷᠠᠭᠠᠳ ᠠᠷᠢᠭᠤᠨ ᠰᠤᠷᠪᠤᠯᠵᠢᠯᠠᠭᠴᠢ ᠳᠤ᠂ ᠡᠨᠡᠬᠦ ᠲᠤᠰᠬᠤᠨ ᠤ ᠠᠷᠠᠳ ᠤᠨ ᠪᠤᠴᠠᠭᠠᠭᠰᠠᠨ ᠵᠤᠭᠤᠰ ᠪᠤᠯ ᠱᠠᠩᠨᠠᠵᠤ ᠨᠦᠬᠦᠪᠦᠷᠢᠯᠡᠬᠦ ᠢᠳᠡᠭᠡᠮᠵᠢᠳᠤ ᠵᠢᠭᠡᠯᠡᠯᠭᠡ ᠶᠢᠨ ᠮᠦᠩᠭᠦ ᠪᠤᠯᠤᠨ᠎ᠠ᠃ ᠨᠢᠳᠤᠨᠤᠨ ᠵᠢᠯ ᠠᠴᠠ ᠡᠬᠢᠯᠡᠨ᠂ ᠬᠦᠳᠡᠯᠮᠦᠷᠢᠯᠡᠬᠦ ᠴᠢᠳᠠᠪᠤᠷᠢ ᠲᠠᠢ ᠪᠦᠭᠡᠳ ᠠᠵᠤ ᠦᠢᠯᠡᠰ ᠬᠦᠭᠵᠢᠭᠦᠯᠬᠦ ᠪᠤᠳᠤᠯ ᠲᠠᠢ ᠲᠠᠩᠰᠠᠯᠠᠵᠤ ᠺᠠᠷᠲ᠋ᠠᠯᠠᠭᠰᠠᠨ ᠶᠠᠳᠠᠭᠤ ᠬᠦᠴᠢᠷᠳᠡᠯᠳᠡᠢ ᠡᠷᠦᠭᠡ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠰᠠᠨᠠᠭᠠᠴᠢᠯᠠᠭ᠎ᠠ ᠠᠴᠠ ᠪᠠᠨ ᠤᠷᠤᠯᠴᠠᠬᠤ ᠶᠢ ᠵᠤᠷᠢᠠᠠᠵᠢᠭᠤᠯᠬᠤ ᠪᠠ ᠲᠠᠮᠵᠢᠬᠦ ᠶᠢᠨ ᠲᠦᠯᠦᠭᠡ᠂ ᠷᠠᠰᠢᠶᠠᠨ ᠬᠤᠳᠠ ︽ᠤᠷᠢᠳᠠᠪᠠᠷ ᠪᠦᠳᠦᠭᠡᠨ ᠪᠠᠶᠢᠭᠤᠯᠵᠤ ᠲᠠᠷᠠᠭ᠎ᠠ ᠨᠢ ᠵᠢᠭᠡᠯᠡᠯᠭᠡ ᠦᠭᠬᠦ᠂ ᠪᠦᠳᠦᠭᠡᠨ ᠪᠠᠶᠢᠭᠤᠯᠵᠤ ᠲᠠᠭᠤᠰᠪᠠᠯ ᠱᠠᠩᠨᠠᠬᠤ ᠪᠠ ᠨᠦᠬᠦᠪᠦᠷᠢᠯᠡᠬᠦ︾ ᠠᠷᠭ᠎ᠠ ᠬᠡᠯᠪᠡᠷᠢ ᠪᠠᠷ ᠶᠠᠳᠠᠭᠤ ᠬᠦᠴᠢᠷᠳᠡᠯᠳᠡᠢ ᠡᠷᠦᠭᠡ ᠳᠤ ᠠᠵᠤ ᠦᠢᠯᠡᠰ ᠢᠶᠠᠨ ᠬᠦᠭᠵᠢᠭᠦᠯᠬᠦ ᠡᠬᠢᠯᠡᠯᠳᠡ ᠶᠢᠨ ᠪᠡᠯᠡ ᠮᠦᠩᠭᠦ ᠪᠤᠯᠤᠨ ᠱᠠᠩᠨᠠᠯ ᠤᠨ ᠪᠡᠯᠡ ᠮᠦᠩᠭᠦ ᠤᠯᠭᠤᠵᠤ᠂ ᠬᠠᠮᠤᠭ ᠤᠨ ᠦᠨᠳᠦᠷ ᠲᠡᠭᠡᠨ ᠡᠷᠦᠭᠡ ᠪᠦᠷᠢ ᠳᠤ 3 ᠲᠦᠮᠡᠨ ᠲᠦᠭᠦᠷᠢᠭ ᠤᠨ ᠢᠳᠡᠭᠡᠮᠵᠢᠳᠤ ᠵᠢᠭᠡᠯᠡᠯᠭᠡ ᠶᠢᠨ ᠮᠦᠩᠭᠦ ᠤᠯᠭᠤᠵᠤ ᠠᠵᠤ ᠦᠢᠯᠡᠰ ᠢᠶᠠᠨ ᠬᠦᠭᠵᠢᠭᠦᠯᠬᠦ ᠳᠤ ᠵᠠᠷᠤᠴᠠᠭᠤᠯᠵᠠᠢ᠃ ᠡᠨᠡᠬᠦ ᠠᠷᠭ᠎ᠠ ᠬᠢᠳᠡᠯ ᠨᠢ ᠶᠠᠳᠠᠭᠤ ᠬᠦᠴᠢᠷᠳᠡᠯᠳᠡᠢ ᠡᠷᠦᠭᠡ ᠶᠢᠨ ᠦᠪᠡᠰᠦᠪᠡᠨ ᠡᠵᠡᠨ ᠮᠡᠳᠡᠵᠦ ᠠᠵᠤ ᠦᠢᠯᠡᠰ ᠬᠦᠭᠵᠢᠭᠦᠯᠬᠦ ᠢᠳᠡᠭᠡᠯ ᠵᠤᠷᠢᠭ ᠢ ᠨᠢ ᠤᠷᠢᠳ ᠭᠠᠷᠤᠭ᠎ᠠ ᠦᠭᠡᠢ ᠬᠦᠪᠴᠢᠯᠡᠵᠡᠢ᠃ ᠤᠳᠤᠬᠠᠨ ᠳᠤ᠂ ᠮᠢᠩ ᠱᠦᠢ ᠾᠧ ᠲᠤᠰᠬᠤᠨ ᠳᠤ ᠨᠢᠭᠡᠨᠳᠡ 104 ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠦᠭᠡ ᠪᠤᠯᠤᠨ ᠶᠠᠳᠠᠭᠤ ᠬᠦᠴᠢᠷᠳᠡᠯ ᠳᠤ ᠬᠠᠪᠢᠳᠠᠭᠰᠠᠨ ᠡᠷᠦᠭᠡ 312 ᠲᠦᠮᠡᠨ ᠲᠦᠭᠦᠷᠢᠭ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ ᠮᠦᠩᠭᠦ ᠶᠢ ᠠᠰᠢᠠᠠᠯᠠᠨ᠂ ᠤᠨᠴᠠᠯᠢᠭᠳᠤ ᠲᠠᠷᠢᠵᠤ ᠲᠡᠵᠢᠭᠡᠬᠦ ᠦᠢᠯᠡᠰ ᠢ ᠦᠪᠡᠰᠦᠪᠡᠨ ᠡᠵᠡᠨ ᠮᠡᠳᠡᠵᠦ ᠬᠦᠭᠵᠢᠭᠦᠯᠦᠭᠡᠳ ︽ᠨᠠᠮᠠᠶᠢ ᠶᠠᠳᠠᠭᠤ ᠠᠴᠠ ᠠᠩᠭᠢᠵᠢᠷᠠᠭᠤᠯᠬᠤ︾ ᠠᠴᠠ ︽ᠪᠢ ᠶᠠᠳᠠᠭᠤ ᠠᠴᠠ ᠪᠠᠨ ᠠᠩᠭᠢᠵᠢᠷᠠᠬᠤ︾ ᠪᠤᠯᠳᠠᠯᠠᠬᠢ ᠬᠤᠪᠢᠷᠠᠯᠳᠠ ᠶᠢ ᠪᠡᠶᠡᠯᠡᠭᠦᠯᠵᠡᠢ ᠭᠡᠵᠦ ᠲᠠᠨᠢᠯᠴᠠᠭᠤᠯᠤᠯ᠎ᠠ᠃      ᠠᠷᠢᠭᠤᠨ ᠤ ᠠᠵᠢᠯ ᠤᠨ ᠲᠡᠮᠳᠡᠭᠯᠡᠯ ᠤᠨ ᠲᠡᠪᠳᠡᠷ ᠢ ᠤᠷᠪᠠᠭᠤᠯᠬᠤ ᠳᠤ᠂ ᠲᠡᠷᠡ ᠨᠢᠭᠡ ᠡᠳᠦᠷ ᠤᠨ ᠠᠵᠢᠯ ᠢᠶᠠᠨ ᠡᠶᠢᠨᠬᠦ ᠪᠠᠶᠢᠷᠢᠯᠠᠭᠤᠯᠵᠠᠢ᠄      8᠄ 30᠂ ᠠᠵᠢᠯᠯᠠᠬᠤ ᠲᠤᠭᠤᠢᠢᠯᠠᠩ ᠤᠨ ᠭᠡᠰᠢᠭᠦᠳ ᠲᠠᠢ ᠵᠤᠯᠭᠠᠬᠤ ᠬᠤᠷᠠᠯ ᠬᠢᠵᠦ᠂ ᠡᠨᠡ ᠡᠳᠦᠷ ᠤᠨ ᠲᠠᠩᠰᠠᠯᠠᠵᠤ ᠺᠠᠷᠲᠯᠠᠭᠰᠠᠨ ᠲᠠᠩᠰᠠ ᠡᠪᠬᠡᠮᠡᠯ ᠤᠨ ᠡᠮᠬᠢᠯᠡᠵᠦ ᠴᠡᠭᠴᠡᠯᠡᠭᠰᠡᠨ ᠠᠭᠤᠯᠭ᠎ᠠ ᠶᠢ ᠲᠤᠭᠳᠠᠭᠠᠨ᠎ᠠ᠃      9᠄ 00᠂ ᠲᠦᠪᠬᠢᠨᠡᠭᠦᠯᠬᠦ ᠴᠢᠬᠤᠯᠠᠳᠠᠢ ᠭᠡᠷ ᠪᠠᠶᠢᠰᠢᠩ ᠦᠭᠡᠢ 4 ᠡᠷᠦᠭᠡ ᠳᠤ ᠰᠠᠭᠤᠬᠤ ᠭᠡᠷ ᠲᠤᠬᠢᠷᠠᠭᠤᠯᠬᠤ ᠰᠢᠪᠠᠭ᠎ᠠ ᠰᠤᠭᠤᠯᠤᠭᠤᠯᠤᠨ᠎ᠠ᠂ ᠪᠤᠤ ᠾᠦᠩ ᠷᠦᠩ ᠲᠠᠢ ᠬᠠᠮᠳᠤ ᠲᠦᠯᠬᠢᠭᠦᠷ ᠠᠪᠴᠤ ᠪᠠᠶᠢᠰᠢᠩ ᠢ ᠨᠢ ᠦᠵᠡᠬᠦ ᠪᠠᠷ ᠤᠴᠢᠨ᠎ᠠ᠃      10᠄ 00᠂ ᠬᠠᠷ᠎ᠠ ᠲᠡᠯᠳᠡᠦ ᠲᠠᠷᠢᠵᠤ ᠪᠠᠶᠢᠭ᠎ᠠ ᠲᠠᠷᠢᠶᠠᠯᠠᠬᠤ ᠡᠷᠦᠭᠡ ᠶᠢᠨ ᠬᠢᠨ ᠳᠤ ᠬᠦᠷᠴᠦ ᠪᠠᠶᠢᠴᠠᠭᠠᠨ ᠦᠵᠡᠬᠦ ᠶᠢᠨ ᠬᠠᠮᠳᠤ ᠲᠠᠮ ᠬᠦᠦ ᠲᠠᠢ ᠵᠢᠭᠡᠯᠡᠯᠭᠡ ᠶᠢᠨ ᠪᠠᠶᠢᠳᠠᠯ ᠢ ᠨᠢ ᠠᠰᠠᠭᠤᠨ ᠯᠠᠪᠯᠠᠨ᠎ᠠ᠃      10᠄ 30᠂ ᠲᠠᠭᠠᠭᠠᠴᠢᠯᠠᠨ ᠲᠡᠳᠭᠦᠵᠦ ᠪᠠᠶᠢᠭ᠎ᠠ ᠶᠠᠳᠠᠭᠤ ᠬᠦᠴᠢᠷᠳᠡᠯᠳᠡᠢ ᠡᠷᠦᠭᠡ ᠶᠢᠨ ᠪᠠᠶᠢᠳᠠᠯ ᠢ ᠤᠢᠢᠯᠠᠭᠠᠵᠤ᠂ ᠶᠠᠳᠠᠭᠤ ᠬᠦᠴᠢᠷᠳᠡᠯᠳᠡᠢ ᠡᠷᠦᠭᠡ ᠶᠢᠨ ᠬᠤᠶᠠᠷ ᠬᠡᠮᠵᠢᠯᠳᠤ ᠺᠤᠳ᠋ ᠢ ᠰᠢᠨᠡᠳᠭᠡᠭᠰᠡᠨ ᠡᠰᠡᠬᠦ᠂ ᠰᠢᠨᠡᠳᠭᠡᠭᠰᠡᠨ ᠠᠭᠤᠯᠭ᠎ᠠ ᠨᠢ ᠵᠦᠪ ᠤᠨᠤᠪᠴᠢᠳᠠᠢ ᠡᠰᠡᠬᠦ ᠶᠢ ᠪᠠᠶᠢᠴᠠᠭᠠᠨ᠎ᠠ᠃      11᠄ 30᠂ ᠭᠠᠷ ᠬᠦᠷᠦᠮᠡᠯ ᠤᠨ ᠪᠠᠭᠰᠢ ᠲᠠᠢ ᠬᠠᠷᠢᠯᠴᠵᠠᠤ᠂ ᠬᠤᠶᠠᠳᠤᠭᠠᠷ ᠬᠤᠭᠤᠴᠠᠭᠠᠨ ᠤ ᠪᠤᠯᠪᠠᠰᠤᠷᠠᠯ ᠤᠨ ᠠᠩᠭᠢ ᠡᠷᠬᠢᠯᠡᠬᠦ ᠲᠤᠬᠠᠢ ᠶᠠᠷᠢᠯᠴᠠᠨ᠎ᠠ᠃      ᠁ ᠁      ᠤᠷᠤᠢ ᠶᠢᠨ 8᠄ 00᠂ ᠨᠠᠮ ᠤᠨ ᠡᠭᠦᠷ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠨᠠᠮ ᠤᠨ ᠵᠤᠬᠢᠶᠠᠨ ᠪᠠᠶᠢᠭᠤᠯᠬᠤ ᠭᠡᠰᠢᠭᠦᠨ ᠢ ᠰᠤᠩᠭᠤᠨ ᠲᠠᠨᠢᠯᠴᠠᠭᠤᠯᠬᠤ ᠬᠤᠷᠠᠯ ᠬᠤᠷᠠᠯᠳᠤᠭᠤᠯᠤᠨ᠎ᠠ᠃      ᠡᠨᠡ ᠪᠤᠯ ᠡᠩ ᠤᠨ ᠨᠢᠭᠡᠨ ᠡᠳᠦᠷ᠂ ᠡᠨᠡ ᠡᠳᠦᠷ ᠬᠤᠨᠤᠭ ᠦᠨᠡᠨ ᠪᠤᠳᠠᠳᠠᠢ᠂ ᠵᠦᠳᠡᠷᠡᠯᠳᠡᠢ ᠪᠦᠭᠡᠳ ᠵᠢᠷᠭᠠᠯᠳᠠᠢ᠃      ᠮᠡᠯᠡᠭᠡᠢ ᠶᠢᠨ ᠵᠢᠯᠠᠭ᠎ᠠ ᠲᠤᠰᠬᠤᠨ ᠤᠷᠬᠢᠯᠤᠨ ᠪᠤᠴᠠᠯᠤᠯ᠎ᠠ                5 ᠰᠠᠷ᠎ᠠ ᠶᠢᠨ 18 ᠤ ᠡᠳᠦᠷ  ᠲᠤᠩᠭᠠᠯᠠᠭ ᠠᠴᠠ ᠪᠠᠨ ᠡᠭᠦᠯᠡᠰᠢᠪᠡ    ᠮᠡᠯᠡᠭᠡᠢ ᠶᠢᠨ ᠵᠢᠯᠠᠭ᠎ᠠ ᠲᠤᠰᠬᠤᠨ      ᠤᠷᠤᠢ ᠶᠢᠨ 6 ᠴᠠᠭ ᠭᠠᠷᠤᠢ ᠳᠤ᠂ 25 ᠺᠢᠯᠤᠮᠧᠲᠷ ᠤᠨ ᠴᠠᠭᠠᠨᠠᠬᠢ ᠦᠭᠡᠷ ᠬᠠᠷᠢᠭᠤᠯᠬᠤ ᠮᠠᠯᠵᠢᠯ ᠤᠨ ᠲᠠᠯᠠᠪᠠᠢ ᠠᠴᠠ ᠪᠤᠴᠠᠵᠤ ᠢᠷᠡᠭᠰᠡᠨ ᠲᠤᠰᠬᠤᠨ ᠤ ᠠᠷᠠᠳ ᠸᠠᠩ ᠮᠢᠩ ᠨᠠᠮ ᠳᠤ ᠤᠷᠤᠬᠤ ᠡᠷᠡᠮᠡᠯᠵᠡᠯ ᠤᠨ ᠪᠢᠴᠢᠭ ᠢᠶᠠᠨ ᠠᠪᠴᠤ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠵᠧᠩ ᠸᠧᠢ ᠰᠧ ᠶᠢ ᠡᠷᠢᠵᠦ ᠢᠷᠡᠯ᠎ᠠ᠃      ︽ᠵᠧᠩ ᠱᠦᠵᠢ᠂ ᠮᠢᠨᠦ ᠪᠢᠴᠢᠭᠰᠡᠨ ᠡᠷᠡᠮᠡᠯᠵᠡᠯ ᠤᠨ ᠪᠢᠴᠢᠭ ᠪᠤᠯᠤᠨ᠎ᠠ ᠦᠦ︖ ᠪᠤᠯᠬᠤ ᠦᠭᠡᠢ ᠪᠤᠯ ᠭᠡᠷ ᠲᠡᠭᠡᠨ ᠬᠠᠷᠢᠭᠠᠳ ᠲᠠᠬᠢᠵᠤ ᠵᠠᠰᠠᠶ᠎ᠠ︾ ᠲᠡᠷᠡ ᠡᠶᠢᠨᠬᠦ ᠶᠠᠷᠢᠬᠤ ᠶᠢᠨ ᠲᠠᠭᠠᠦ ᠦᠭᠡᠷ ᠤᠨ ᠡᠭᠦᠯᠳᠡᠷ ᠰᠠᠶᠢᠵᠢᠷᠠᠭᠤᠯᠬᠤ ᠰᠠᠭᠤᠷᠢᠨ ᠤ ᠶᠠᠪᠤᠳᠠᠯ ᠢᠶᠠᠨ ᠴᠦ ᠶᠠᠷᠢᠯᠴᠠᠵᠤ ᠠᠮᠵᠢᠭᠤᠯᠤᠨ᠎ᠠ᠃      ᠤᠷᠤᠢ ᠶᠢᠨ ᠬᠤᠭᠤᠯᠠ ᠪᠠᠨ ᠢᠳᠡᠵᠦ ᠪᠠᠶᠢᠭᠰᠠᠨ ᠵᠧᠩ ᠸᠧᠢ ᠰᠧ ᠭᠠᠷ ᠲᠠᠬᠢ ᠠᠶᠠᠭ᠎ᠠ ᠰᠠᠪᠬ᠎ᠠ ᠪᠠᠨ ᠲᠠᠯᠪᠢᠵᠤ ᠬᠤᠶᠠᠭᠤᠯᠠ ᠪᠠᠶᠠᠷ ᠬᠦᠷ ᠲᠠᠢ ᠶᠠᠷᠢᠯᠴᠠᠵᠤ ᠡᠬᠢᠯᠡᠪᠡ᠃      ᠡᠨᠡ ᠵᠢᠯ 40 ᠨᠠᠰᠤᠳᠠᠢ ᠸᠠᠩ ᠮᠢᠩ ᠪᠤᠯ ᠡᠩ ᠤᠨ ᠦᠭᠡᠷ ᠲᠡᠵᠢᠭᠡᠭᠴᠢ ᠯᠡ ᠪᠢᠰᠢ ᠭᠡᠳᠡᠭ ᠢ ᠮᠡᠯᠡᠭᠡᠢ ᠶᠢᠨ ᠵᠢᠯᠠᠭ᠎ᠠ ᠲᠤᠰᠬᠤᠨ ᠤ ᠬᠦᠮᠦᠰ ᠪᠦᠷ ᠮᠡᠳᠡᠨ᠎ᠠ᠃ ᠲᠡᠷᠡ ᠱᠠᠩᠬᠠᠢ ᠳᠤ 10 ᠭᠠᠷᠤᠢ ᠵᠢᠯ ᠬᠦᠴᠦ ᠶᠠᠪᠤᠵᠤ᠂ ᠪᠤᠷᠤᠯᠠᠭᠤᠯᠭ᠎ᠠ ᠪᠤᠯᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠭᠰᠠᠭᠠᠷ ᠢᠷᠡᠵᠡᠢ᠂ ᠬᠡᠳᠦ᠋ᠢᠪᠡᠷ ᠠᠷᠪᠢᠨ ᠬᠦᠴᠢᠷ ᠵᠤᠪᠠᠯᠠᠩ ᠠᠮᠰᠠᠭᠰᠠᠨ ᠪᠤᠯᠪᠠᠴᠤ ᠰᠡᠭᠦᠯᠡᠷ ᠨᠢ ᠬᠠᠷᠢᠴᠠᠩᠭᠤᠢ ᠲᠤᠭᠳᠠᠭᠤᠨ ᠠᠵᠢᠯ ᠪᠤᠯᠤᠨ ᠤᠷᠤᠯᠭ᠎ᠠ ᠲᠠᠢ ᠪᠤᠯᠵᠠᠢ᠃ ︽ᠱᠠᠩᠬᠠᠢ ᠳᠤ ᠠᠮᠢᠳᠤᠷᠠᠯ ᠤᠨ ᠲᠠᠷᠤᠭᠠᠰᠤ ᠲᠤᠩ ᠶᠡᠭᠡ᠂ ᠨᠢᠭᠡᠯᠡ ᠮᠢᠨᠦ᠋ᠲ ᠬᠠᠶᠢᠩᠭᠤᠳᠠᠪᠠᠯ ᠨᠢᠭᠡ ᠠᠯᠬᠤᠮ ᠬᠤᠴᠤᠷᠤᠨ᠎ᠠ᠃ ᠭᠠᠳᠠᠨ᠎ᠠ ᠤᠷᠳᠤ ᠬᠤᠭᠤᠴᠠᠭ᠎ᠠ ᠠᠵᠢᠯᠯᠠᠯ᠎ᠠ᠂ ᠠᠪᠤ ᠡᠵᠢ ᠶᠢᠨ ᠨᠠᠰᠤ ᠦᠨᠳᠦᠷ ᠪᠤᠯᠵᠤ ᠪᠡᠶ᠎ᠠ ᠨᠢ ᠮᠠᠭᠤᠳᠠᠯ᠎ᠠ᠂ ᠡᠴᠤᠰ ᠲᠤ ᠭᠡᠷ ᠤᠨ ᠬᠦᠮᠦᠰ ᠲᠠᠢ ᠪᠠᠨ ᠵᠦᠪᠯᠡᠯᠳᠦᠵᠦ᠂ ᠨᠤᠳᠤᠭ ᠲᠠᠭᠠᠨ ᠪᠤᠴᠠᠵᠤ ᠦᠢᠯᠡᠰ ᠪᠤᠰᠬᠠᠬᠤ ᠪᠠᠷ ᠲᠤᠭᠳᠠᠵᠠᠢ︾ ᠭᠡᠵᠦ ᠸᠠᠩ ᠮᠢᠩ ᠰᠤᠷᠪᠤᠯᠵᠢᠯᠠᠭᠴᠢ ᠳᠤ ᠲᠠᠨᠢᠯᠴᠠᠭᠤᠯᠤᠨ᠎ᠠ᠃      ᠱᠠᠩᠬᠠᠢ ᠠᠴᠠ ᠪᠤᠴᠠᠵᠤ ᠢᠷᠡᠭᠰᠡᠨ ᠤ ᠲᠠᠷᠠᠭ᠎ᠠ᠂ ᠸᠠᠩ ᠮᠢᠩ ᠤᠯᠠᠨ ᠲᠠᠯ᠎ᠠ ᠪᠠᠷ ᠰᠢᠨᠵᠢᠯᠡᠨ ᠪᠠᠶᠢᠴᠠᠭᠠᠵᠤ᠂ ᠡᠴᠤᠰ ᠲᠤ ᠦᠭᠡᠷ ᠲᠡᠵᠢᠭᠡᠭᠡᠳ ᠤᠳᠤ 70 ᠭᠠᠷᠤᠢ ᠦᠭᠡᠷ ᠲᠠᠢ ᠪᠤᠯᠵᠠᠢ᠃ ᠦᠭᠡᠷ ᠲᠠᠵᠢᠭᠡᠬᠦ ᠲᠤᠮᠳᠠ ᠲᠡᠷᠡ ᠲᠤᠬᠠᠢ ᠶᠢᠨ ᠭᠠᠵᠠᠷ ᠤᠨ ᠤᠯᠠᠮᠵᠢᠯᠠᠯᠳᠤ ᠦᠭᠡᠷ ᠲᠠᠵᠢᠭᠡᠬᠦ ᠠᠷᠭ᠎ᠠ᠂ ᠬᠡᠪᠴᠢᠶᠡᠵᠢᠯ ᠦᠭᠡᠢ᠂ ᠦᠪᠡᠷ ᠤᠨ ᠦᠷᠳᠡᠭ ᠶᠡᠭᠡ᠂ ᠭᠠᠷᠤᠯᠳᠠ ᠪᠠᠭ᠎ᠠ ᠪᠠᠶᠢᠳᠠᠯ ᠢ ᠬᠤᠪᠢᠷᠠᠭᠤᠯᠬᠤ ᠪᠠᠷ ᠵᠤᠷᠢᠭ ᠰᠢᠢᠳᠴᠦ᠂ ︽ᠦᠭᠡᠷ ᠲᠡᠵᠢᠭᠡᠬᠦ ᠰᠠᠭᠤᠷᠢᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠠᠷᠠᠴᠢᠯᠠᠶ᠎ᠠ︾ ᠭᠡᠰᠡᠨ ᠪᠤᠳᠤᠯ ᠨᠢᠳᠤᠨᠤᠨ ᠵᠢᠯ ᠠᠴᠠ ᠡᠬᠢᠯᠡᠨ ᠲᠡᠭᠦᠨ ᠤ ᠰᠡᠳᠭᠢᠯ ᠢ ᠡᠵᠡᠮᠳᠡᠵᠡᠢ᠃ ᠠᠷᠭ᠎ᠠ ᠪᠤᠳᠤᠯ ᠪᠠᠶᠢᠯ᠎ᠠ ᠴᠦ ᠵᠢᠭᠠᠨ ᠵᠢᠯᠤᠭᠤᠳᠬᠤ ᠬᠦᠮᠦᠨ ᠪᠠᠶᠢᠬᠤ ᠦᠭᠡᠢ ᠠᠴᠠ ᠬᠤᠷᠰᠢᠶ᠎ᠠ ᠪᠠᠶᠢᠭᠤᠯᠬᠤ ᠶᠢᠨ ᠠᠷᠭ᠎ᠠ ᠦᠭᠡᠢ ᠪᠠᠶᠢᠵᠠᠢ᠃      ︽ᠰᠠᠷ᠎ᠠ ᠭᠠᠷᠤᠢ ᠶᠢᠨ ᠡᠮᠦᠨ᠎ᠠ᠂ ᠵᠧᠩ ᠱᠦᠵᠢ ᠮᠠᠨ ᠤ ᠠᠳᠡ ᠢᠷᠡᠵᠦ ᠲᠤᠰᠬᠤᠨ ᠳᠤ ᠰᠠᠭᠤᠬᠤ ᠨᠢᠭᠡᠳᠦᠭᠡᠷ ᠱᠦᠵᠢ ᠪᠤᠯᠵᠤ᠂ ᠲᠡᠷᠡ ᠤᠯᠠᠨ ᠢ ᠴᠤᠭᠯᠠᠭᠤᠯᠤᠨ ᠶᠠᠷᠢᠯᠴᠠᠬᠤ ᠦᠶᠡᠰ ᠪᠢ ᠬᠤᠪᠢᠨ ᠤ ᠪᠤᠳᠤᠯ ᠢᠶᠠᠨ ᠬᠤᠪᠢᠶᠠᠯᠴᠠᠵᠠᠢ᠂ ᠪᠢᠳᠡ ᠬᠡᠯᠡᠮᠡᠭᠴᠡ ᠰᠠᠨᠠᠭ᠎ᠠ ᠨᠡᠶᠢᠯᠡᠵᠦ᠂ ᠲᠡᠷᠡ ᠲᠡᠮᠵᠢᠬᠦ ᠪᠤᠳᠤᠯ ᠢᠶᠠᠨ ᠢᠯᠡᠳᠭᠡᠨ᠂ ᠬᠤᠪᠢ ᠪᠠᠷ ᠢᠶᠠᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠠᠰᠠᠭᠤᠨ ᠯᠠᠪᠯᠠᠵᠤ ᠪᠠᠶᠢᠭᠠᠳ ᠡᠨᠡᠬᠦ ᠶᠠᠪᠤᠳᠠᠯ ᠢ ᠭᠦᠢᠴᠡᠳᠭᠡᠵᠦ ᠦᠭᠭᠦᠯ᠎ᠠ︾ ᠭᠡᠵᠦ ᠸᠠᠩ ᠮᠢᠩ ᠰᠤᠷᠪᠤᠯᠵᠢᠯᠠᠭᠴᠢ ᠳᠤ ᠶᠠᠷᠢᠨ᠎ᠠ᠂ ᠤᠴᠢᠷ ᠶᠠᠪᠤᠳᠠᠯ ᠤᠨ ᠠᠬᠢᠴᠠ ᠤᠷᠤᠭᠰᠢᠳᠠᠢ ᠪᠠᠶᠢᠭ᠎ᠠ ᠨᠢ ᠸᠠᠩ ᠮᠢᠩ ᠤᠨ ᠢᠷᠡᠭᠡᠳᠦᠢ ᠶᠢᠨ ᠲᠤᠬᠠᠢ ᠢᠳᠡᠭᠡᠯ ᠵᠤᠷᠢᠭ ᠢ ᠨᠢ ᠲᠤᠩ ᠬᠦᠪᠴᠢᠯᠡᠵᠡᠢ᠃      ᠰᠠᠷ᠎ᠠ ᠭᠠᠷᠤᠢ ᠶᠢᠨ ᠡᠮᠦᠨ᠎ᠠ᠂ 1984 ᠤᠨ ᠳᠤ ᠲᠦᠷᠦᠭᠰᠡᠨ ᠵᠧᠩ ᠸᠧᠢ ᠰᠧ ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠠᠯᠪᠠᠨ ᠭᠡᠷ ᠠᠴᠠ ᠮᠡᠯᠡᠭᠡᠢ ᠶᠢᠨ ᠵᠢᠯᠠᠭ᠎ᠠ ᠲᠤᠰᠬᠤᠨ ᠳᠤ ᠢᠷᠡᠵᠡᠢ᠃ ᠨᠢᠭᠡ ᠬᠡᠰᠡᠭ ᠬᠤᠭᠤᠴᠠᠭᠠᠨ ᠤ ᠡᠷᠦᠭᠡ ᠳᠤ ᠤᠷᠤᠵᠤ ᠠᠰᠠᠭᠤᠨ ᠰᠤᠷᠪᠤᠯᠵᠢᠯᠠᠬᠤ ᠪᠠᠷ ᠲᠠᠮᠵᠢᠨ᠂ ᠲᠤᠰᠬᠤᠨ ᠤ ᠠᠷᠠᠳ ᠤᠨ ᠪᠦᠷᠢᠯᠳᠦᠭᠦᠨ ᠪᠤᠳᠤᠯᠢᠶᠠᠨᠳᠠᠢ᠂ ᠤᠢ ᠰᠢᠭᠤᠢ ᠶᠢᠨ ᠠᠵᠢᠯᠳᠠᠨ᠂ ᠶᠠᠪᠤᠭᠤᠯ ᠤᠨ ᠡᠷᠦᠭᠡ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠦᠭᠡ ᠵᠡᠷᠭᠡ ᠪᠠᠶᠢᠵᠤ᠂ ᠤᠯᠠᠩᠭᠢ ᠬᠦᠮᠦᠨ ᠨᠢ ᠵᠢᠯ ᠲᠤᠵᠢ ᠭᠠᠳᠠᠨᠠᠬᠢ ᠲᠠᠢ ᠬᠠᠷᠢᠯᠴᠠᠭ᠎ᠠ ᠶᠠᠪᠤᠯᠴᠠᠭ᠎ᠠ ᠦᠭᠡᠢ᠂ ᠬᠦᠮᠦᠨ ᠤ ᠢᠳᠡᠪᠬᠢᠵᠢᠯ ᠠᠨᠠᠢ ᠪᠠᠶᠢᠳᠠᠯ ᠢ ᠤᠢᠢᠯᠠᠭᠠᠵᠠᠢ᠃ ᠬᠡᠷᠬᠢᠪᠡᠯ ᠵᠤᠬᠢᠯᠳᠠᠢ ᠪᠢᠯᠡ︖ ᠭᠡᠵᠦ ᠲᠡᠷᠡ ᠡᠳᠦᠷ ᠰᠦᠨᠢ ᠦᠭᠡᠢ ᠪᠤᠳᠤᠯᠬᠢᠯᠠᠨ᠎ᠠ᠃      ︽ᠪᠢ ᠠᠩᠬ᠎ᠠ ᠠᠳᠡ ᠢᠷᠡᠬᠦ ᠳᠡᠭᠡᠨ᠄ ᠮᠡᠯᠡᠭᠡᠢ ᠶᠢᠨ ᠵᠢᠯᠠᠭ᠎ᠠ ᠲᠤᠰᠬᠤᠨ ᠤ ᠤᠢ ᠰᠢᠭᠤᠢ ᠶᠢᠨ ᠵᠢᠮᠢᠰ ᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠳᠪᠦᠷᠢ ᠶᠢᠨ ᠦᠮᠴᠢᠯᠡᠯ ᠤᠨ ᠡᠷᠭᠡ ᠶᠢ ᠲᠤᠳᠤᠷᠬᠠᠢ ᠪᠤᠯᠭᠠᠵᠤ᠂ ᠲᠤᠰᠬᠤᠨ ᠤ ᠬᠠᠮᠳᠤ ᠶᠢᠨ ᠠᠵᠤ ᠠᠬᠤᠢ ᠶᠢ ᠪᠤᠵᠠᠭᠠᠢᠢᠷᠠᠭᠤᠯᠬᠤ᠂ ᠪᠠᠶᠠᠵᠢᠯ ᠤᠨ ᠲᠠᠭᠠᠭᠤᠯᠤᠭᠴᠢ ᠶᠢ ᠪᠤᠶᠢᠵᠢᠭᠤᠯᠤᠨ ᠵᠤᠷᠢᠠᠠᠵᠢᠭᠤᠯᠬᠤ᠂ ᠴᠢᠯᠠᠭᠤᠨ ᠲᠤᠰᠤᠨ ᠤ ᠺᠤᠮᠫᠠᠨᠢ ᠲᠠᠢ ᠢᠳᠡᠪᠬᠢᠳᠡᠢ ᠵᠤᠬᠢᠴᠠᠭᠤᠯᠵᠤ᠂ ᠲᠦᠷ ᠴᠠᠭ ᠤᠨ ᠲᠤᠰᠤ ᠨᠡᠮᠡᠬᠦ ᠦᠷᠳᠡᠭᠡ ᠪᠠᠶᠢᠭᠤᠯᠬᠤ ᠁ ᠵᠡᠷᠭᠡ ᠤᠯᠠᠨ ᠢ ᠪᠤᠳᠤᠵᠤ ᠰᠡᠳᠭᠢᠯ᠎ᠠ᠂ ᠭᠡᠳᠡᠯ᠎ᠠ ᠡᠴᠤᠰ ᠤᠨ ᠡᠴᠤᠰ ᠲᠤ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠲᠤᠳᠤᠭᠠᠳᠤ ᠬᠦᠳᠡᠯᠭᠡᠬᠦ ᠬᠦᠴᠦᠨ ᠢ ᠬᠦᠭᠵᠢᠭᠡᠵᠦ᠂ ᠤᠯᠠᠨ ᠤ ᠰᠡᠳᠭᠢᠯ ᠢ ᠨᠢᠭᠡᠳᠭᠡᠨ ᠬᠦᠴᠦᠨ ᠢ ᠬᠠᠮᠳᠤᠳᠬᠠᠵᠤ᠂ ᠦᠭᠡᠳᠡᠯᠡᠨ ᠲᠠᠪᠰᠢᠬᠤ ᠡᠷᠴᠢ ᠵᠤᠷᠢᠭ ᠢ ᠨᠢ ᠪᠠᠳᠠᠷᠠᠭᠠᠪᠠᠯ ᠰᠠᠶᠢ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ ᠨᠢᠭᠳᠠᠷᠠᠯ ᠤᠨ ᠬᠦᠴᠦᠨ ᠢ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠲᠠᠶᠢᠯᠠᠯᠳᠤᠭᠠᠨ ᠤ ᠢᠯᠠᠯᠳᠠ ᠶᠢ ᠤᠯᠵᠤ ᠴᠢᠳᠠᠨ᠎ᠠ︾ ᠭᠡᠵᠦ ᠵᠧᠩ ᠸᠧᠢ ᠰᠧ ᠰᠤᠷᠪᠤᠯᠵᠢᠯᠠᠭᠴᠢ ᠳᠤ ᠲᠦᠪᠯᠡᠭᠦᠨ ᠶᠠᠷᠢᠪᠠ᠃
      ᠵᠧᠩ ᠸᠧᠢ ᠰᠧ ︵ᠵᠡᠭᠦᠨᠳᠡᠬᠢ︶ ᠤᠢ ᠰᠢᠭᠤᠢ ᠶᠢᠨ ᠵᠢᠮᠢᠰ ᠤᠨ ᠴᠢᠬᠢ ᠮᠤᠳᠤ ᠤᠢᠢᠵᠢᠭᠤᠯᠬᠤ ᠲᠤᠬᠠᠢ ᠰᠤᠳᠤᠯᠤᠨ᠎ᠠ᠃
ᠨᠠᠶᠢᠷᠠᠭᠤᠯᠤᠭᠴᠢ᠄
ᠵᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号