ᠰᠢᠨ᠎ᠠ ᠠᠵᠠ ᠲᠤᠬᠢᠶᠠᠯ ᠢ ᠡᠵᠡᠮᠲᠡᠨ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠥᠢᠯᠡᠰ ᠲᠥᠷᠭᠡᠨ ᠬᠥᠭᠵᠢᠯᠳᠠ ᠪᠠᠨ ᠵᠢᠷᠤᠬᠯᠠᠨ᠎ᠠ
2018-06-11 10:51:30
ᠵᠣᠬᠢᠶᠠᠭᠴᠢ᠄ 
ᠤᠯᠠᠭᠠᠨᠲᠤᠶᠠᠭ᠎ᠠ
ᠣᠩᠰᠢᠭᠰᠠᠨ ᠣᠳᠠᠭ᠎ᠠ᠄ 
★★★☆☆
      ᠨᠠᠶᠢᠷᠠᠭᠤᠯᠤᠭᠴᠢ ᠶᠢᠨ ᠦᠬᠡ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠬᠢᠲᠠᠳ ᠡᠮ ᠡᠮᠨᠡᠯᠭᠡ ᠪᠤᠯᠤᠨ ᠦᠨᠳᠦᠰᠦᠲᠡᠨ ᠤ ᠡᠮ ᠡᠮᠨᠡᠯᠭᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠲᠠᠳ ᠡᠮ ᠡᠮᠨᠡᠯᠭᠡ ᠪᠤᠯᠤᠨ ᠦᠨᠳᠦᠰᠦᠲᠡᠨ ᠤ ᠡᠮ ᠡᠮᠨᠡᠯᠭᠡ ᠶᠢᠨ ᠦᠢᠯᠡᠰ ᠲᠤ ᠤᠯᠠᠨ ᠤᠳᠠᠭ᠎ᠠ ᠴᠢᠬᠤᠯᠠ ᠴᠤᠬᠤᠯᠠᠪᠤᠷᠢ ᠬᠢᠭᠰᠡᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠠᠴᠠ ︽ᠤᠯᠠᠮᠵᠢᠯᠠᠯᠲᠤ ᠡᠮ ᠡᠮᠨᠡᠯᠭᠡ ᠪᠤᠯ ᠰᠢᠯᠢᠳᠡᠭ ᠤᠯᠠᠮᠵᠢᠯᠠᠯᠲᠤ ᠰᠤᠶᠤᠯ ᠤᠨ ᠴᠢᠬᠤᠯᠠ ᠠᠴᠢᠶᠠᠯᠠᠪᠤᠷᠢ ᠪᠤᠯᠬᠤ ᠶᠤᠮ᠂ ᠲᠡᠷᠡ ᠨᠢ᠂ ᠪᠤᠯᠪᠠᠰᠤᠨ ᠢᠶᠠᠷ ᠬᠠᠷᠢᠯᠴᠠᠨ ᠲᠤᠯᠢ ᠪᠤᠯᠭᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠭᠠᠷᠭᠠᠵᠤ ᠪᠠᠶᠢᠳᠠᠬ︾ ᠭᠡᠵᠦ ᠵᠢᠭᠠᠨ ᠭᠠᠷᠭᠠᠵᠤ᠂ ᠨᠠᠮ ᠪᠤᠯᠤᠨ ᠤᠯᠤᠰ ᠤᠨ ᠬᠢᠲᠠᠳ ᠡᠮ ᠡᠮᠨᠡᠯᠭᠡ ᠦᠨᠳᠦᠰᠦᠲᠡᠨ ᠤ ᠡᠮ ᠡᠮᠨᠡᠯᠭᠡ ᠶᠢᠨ ᠴᠢᠬᠤᠯᠠ ᠦᠨ᠎ᠡ ᠦᠷᠳᠡᠭ ᠪᠤᠯᠤᠨ ᠦᠢᠯᠡᠳᠦᠯ ᠢ ᠤᠷᠢᠳᠤ ᠭᠠᠷᠤᠭ᠎ᠠ ᠦᠭᠡᠢ ᠦᠨᠳᠦᠷ ᠲᠦᠪᠰᠢᠨ ᠳᠤ ᠬᠦᠷᠭᠡᠵᠥ ᠴᠢᠨᠠᠬᠰᠢᠳᠠ ᠴᠢᠬᠤᠯᠠᠴᠢᠯᠠᠬᠰᠠᠨ ᠪᠠᠶᠢᠨ᠎ᠠ᠃      ᠤᠢᠢᠷ᠎ᠠ ᠶᠢᠨ ᠵᠢᠯ ᠳᠤ᠂ ᠮᠠᠨ ᠤ ᠤᠷᠤᠨ ᠤ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠴᠠᠬ ᠥᠶ᠎ᠠ ᠶᠢ ᠲᠠᠭᠠᠨ ᠤᠷᠤᠬᠰᠢᠯᠠᠵᠥ᠂ ᠰᠢᠨ᠎ᠠ ᠤᠷᠴᠢᠨ᠂ ᠰᠢᠨ᠎ᠠ ᠠᠵᠠ ᠲᠤᠬᠢᠶᠠᠯ ᠢ ᠤᠬᠳᠤᠨ ᠡᠵᠡᠮᠲᠡᠵᠦ᠂ ︽ᠥᠨᠳᠤᠰᠤᠳᠠᠨ ᠤ ᠤᠷᠤᠨ ᠤ ᠥᠪᠡᠷᠳᠡᠭᠡᠨ ᠵᠠᠰᠠᠬᠤ ᠬᠠᠤᠯᠢ︾᠎ ᠶᠢ ᠬᠥᠨᠵᠡᠬᠡᠢ ᠭᠡᠷᠡᠭᠵᠢᠬᠦᠯᠵᠥ᠂ ︽ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠲᠥᠷᠢᠮ︾᠎ ᠢ ᠶᠡᠬᠡᠪᠡᠷ ᠲᠤᠤᠱᠯᠠᠭᠤᠯᠥᠨ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠰ ᠤᠨ ᠲᠥᠷᠭᠡᠨ ᠬᠦᠭᠵᠢᠯᠲᠡ ᠪᠠᠨ ᠵᠢᠷᠤᠬᠯᠠᠬᠤ ᠶᠢᠨ ᠬᠠᠮᠳᠤ ᠨᠡᠶᠢᠭᠡᠮ ᠤᠨ ᠲᠠᠨᠢᠯᠲᠠ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠬᠦᠯᠪᠠ᠃      ᠦᠢᠯᠡᠴᠢᠯᠡᠭᠡᠨ ᠤ ᠴᠢᠳᠠᠪᠤᠷᠢ ᠶᠡᠬᠡᠪᠡᠷ ᠳᠡᠭᠡᠭᠰᠢᠯᠡᠪᠡ      2017 ᠤᠨ ᠳᠤ᠂ ᠪᠦᠬᠦ ᠤᠷᠤᠨ ᠤ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠰᠢᠰᠲ᠋ᠧᠮ ︽ᠬᠢᠲᠠᠳ ᠡᠮ ᠡᠮᠨᠡᠯᠭᠡ ᠶᠢᠨ ᠬᠠᠤᠯᠢ︾᠎ ᠶᠢ ᠤᠬᠠᠭᠤᠯᠤᠨ ᠲᠤᠤᠱᠯᠠᠭᠤᠯᠬᠤ ᠪᠠᠷ ᠴᠢᠬᠤᠯᠠ ᠠᠵᠢᠯ ᠢᠶᠠᠨ ᠪᠤᠯᠭᠠᠵᠤ᠂ ᠤᠬᠠᠭᠤᠯᠬᠤ ᠠᠷᠭ᠎ᠠ ᠬᠡᠯᠪᠡᠷᠢ ᠪᠠᠨ ᠤᠯᠠᠨ ᠬᠡᠯᠪᠡᠷᠢᠵᠢᠬᠦᠯᠵᠥ᠂ ᠰᠢᠯᠢᠳᠡᠭ ᠦᠷ᠎ᠡ ᠪᠦᠲᠦᠮᠵᠢ ᠤᠯᠪᠠ᠃ ᠪᠦᠬᠦ ᠤᠷᠤᠨ ᠤ ᠡᠯ᠎ᠡ ᠲᠦᠷᠦᠯ ᠤᠨ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠬᠤᠷᠠᠯ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠡᠳᠦᠷ᠂ ᠳᠡᠯᠡᠬᠡᠢ ᠶᠢᠨ ᠤᠯᠠᠮᠵᠢᠯᠠᠯᠲᠤ ᠡᠮ ᠡᠮᠨᠡᠯᠭᠡ ᠶᠢᠨ ᠡᠳᠦᠷ ᠤᠨ ᠬᠤᠭᠤᠴᠠᠭᠠᠨ ᠳᠤ᠂ ᠬᠠᠤᠯᠢ ᠳᠦᠷᠢᠮ ᠲᠦᠷᠦ ᠶᠢᠨ ᠪᠤᠳᠤᠯᠭ᠎ᠠ ᠶᠢ ᠤᠬᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠠᠬᠤᠢ ᠲᠠᠯᠠᠪᠠᠢ ᠳᠤ ᠠᠯᠪᠠᠨ ᠵᠢᠷᠤᠮ ᠤᠨ ᠡᠮᠴᠢᠯᠡᠭᠡᠨ ᠬᠢᠬᠦ᠂ ᠮᠠᠲ᠋ᠧᠷᠢᠶᠠᠯ ᠲᠠᠷᠬᠠᠭᠠᠬᠤ᠂ ᠲᠤᠰᠬᠠᠢ ᠮᠡᠷᠭᠡᠵᠢᠯᠲᠡᠨ ᠲᠠᠶᠢᠯᠪᠤᠷᠢᠯᠠᠨ ᠤᠩᠰᠢᠬᠤ᠂ ᠲᠦᠪᠯᠡᠷᠡᠭᠦᠯᠦᠨ ᠰᠤᠷᠤᠯᠴᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠰᠤᠷᠤᠯᠴᠠᠨ ᠤᠬᠠᠭᠤᠯᠬᠤ ᠠᠵᠢᠯᠯᠠᠭ᠎ᠠ ᠦᠷᠨᠢᠭᠦᠯᠵᠦ᠂ ᠰᠢᠯᠢᠳᠡᠭ ᠰᠠᠶᠢᠨ ᠨᠡᠶᠢᠭᠡᠮ ᠤᠨ ᠨᠦᠯᠦᠭᠡ ᠳᠤᠰᠬᠠᠯ ᠭᠠᠷᠭᠠᠭᠰᠠᠨ ᠪᠠᠶᠢᠨ᠎ᠠ︔ ᠲᠦᠭᠦᠷᠵᠢᠭᠰᠡᠨ ᠳᠦᠷᠢᠮ ᠲᠤᠭᠲᠠᠭᠠᠯ ᠢ ᠨᠡᠶᠢᠳᠡᠯᠡᠭᠰᠡᠨ ᠨᠢ ᠲᠦᠷᠭᠡᠨ ᠮᠦᠷᠲᠡᠭᠡᠨ ᠬᠦᠴᠦᠯᠡᠴᠡ ᠶᠡᠭᠡ ᠪᠠᠶᠢᠵᠤ᠂ ᠦᠪᠡᠷᠲᠡᠭᠡᠨ ᠵᠠᠰᠠᠬᠤ ᠤᠷᠤᠨ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶ᠎ᠠ ᠲᠠᠢ ᠢᠳᠡᠪᠬᠢᠲᠡᠢ ᠬᠠᠮᠵᠢᠯᠴᠠᠨ ︽ᠬᠢᠲᠠᠳ ᠡᠮ ᠡᠮᠨᠡᠯᠭᠡ ᠶᠢᠨ ᠬᠠᠤᠯᠢ︾᠎ ᠶᠢᠨ ᠲᠦᠭᠦᠷᠵᠢᠭᠰᠡᠨ ᠳᠦᠷᠢᠮ ᠲᠤᠭᠲᠠᠭᠠᠯ ᠢ ᠰᠤᠳᠤᠯᠤᠨ ᠲᠤᠭᠲᠠᠭᠠᠵᠤ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠨᠡᠬᠦ ᠭᠠᠵᠠᠷ ᠢ ᠳᠠᠩᠰᠠᠨ ᠳᠤ ᠮᠡᠳᠡᠭᠦᠯᠦᠨ ᠬᠠᠮᠢᠶᠠᠷᠴᠤ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠪᠡᠶ᠎ᠡ ᠰᠤᠪᠢᠯᠠᠬᠤ ᠨᠠᠰᠤᠲᠠᠨ ᠢ ᠠᠰᠠᠷᠠᠬᠤ ᠦᠢᠯᠡᠴᠢᠯᠡᠭᠡ ᠦᠷᠨᠢᠭᠦᠯᠵᠦ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠡᠮ ᠨᠠᠶᠢᠷᠠᠯᠭ᠎ᠠ ᠶᠢ ᠬᠠᠮᠢᠶᠠᠷᠬᠤ ᠠᠵᠢᠯ ᠢ ᠪᠠᠶᠢᠴᠠᠭᠠᠨ ᠰᠤᠳᠤᠯᠵᠤ᠂ ︽ᠬᠢᠲᠠᠳ ᠡᠮ ᠡᠮᠨᠡᠯᠭᠡ ᠶᠢᠨ ᠬᠠᠤᠯᠢ︾᠎ ᠶᠢᠨ ᠲᠦᠭᠦᠷᠵᠢᠭᠰᠡᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠪᠠ︔ ᠮᠤᠩᠭᠤᠯ ᠡᠮ ᠡᠮᠨᠡᠯᠭᠡ ᠶᠢᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠰᠤᠳᠤᠯᠤᠨ ᠲᠤᠭᠲᠠᠭᠠᠵᠤ᠂ ᠴᠢᠷᠮᠠᠶᠢᠨ ᠬᠡᠷᠡᠭᠵᠢᠭᠦᠯᠪᠡ᠃ ᠦᠪᠡᠷᠲᠡᠭᠡᠨ ᠵᠠᠰᠠᠬᠤ ᠤᠷᠤᠨ ︽ᠬᠢᠲᠠᠳ ᠡᠮ ᠡᠮᠨᠡᠯᠭᠡ ᠶᠢᠨ ᠬᠠᠤᠯᠢ︾᠎ ᠳᠤ ᠲᠤᠭᠲᠠᠭᠠᠭᠰᠠᠨ ᠴᠦᠬᠡᠨ ᠲᠤᠭᠠᠲᠤ ᠦᠨᠳᠦᠰᠦᠲᠡᠨ ᠤ ᠡᠮ ᠡᠮᠨᠡᠯᠭᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠮᠤᠩᠭᠤᠯ ᠡᠮ ᠡᠮᠨᠡᠯᠭᠡ ᠶᠢ ᠰᠡᠷᠭᠦᠭᠡᠨ ᠬᠦᠭᠵᠢᠭᠦᠯᠬᠦ︾᠎ ᠪᠠᠷ ᠠᠵᠢᠯ ᠤᠨ ᠭᠤᠤᠯᠳᠠᠯᠭ᠎ᠠ ᠪᠠᠨ ᠪᠤᠯᠭᠠᠵᠤ᠂ ︽ᠮᠤᠩᠭᠤᠯ ᠡᠮ ᠡᠮᠨᠡᠯᠭᠡ ᠶᠢ ᠰᠡᠷᠭᠦᠭᠡᠨ ᠬᠦᠭᠵᠢᠭᠦᠯᠬᠦ ᠠᠵᠢᠯᠯᠠᠭ᠎ᠠ ᠶᠢᠨ ᠲᠦᠯᠦᠪᠯᠡᠭᠡ ︵2017 — 2025 ᠤᠨ︶︾᠎ ᠶᠢ ᠲᠤᠭᠲᠠᠭᠠᠵᠤ᠂ ᠪᠤᠭᠤᠲᠤ ᠬᠤᠲᠠ᠂ ᠲᠦᠩᠯᠢᠶᠤᠤ ᠬᠤᠲᠠ᠂ ᠤᠯᠠᠭᠠᠨᠬᠠᠳᠠ ᠬᠤᠲᠠ᠂ ᠤᠷᠳᠤᠰ ᠬᠤᠲᠠ᠂ ᠠᠯᠠᠱᠠ ᠠᠶᠢᠮᠠᠭ ᠵᠡᠷᠭᠡ ᠡᠯ᠎ᠡ ᠠᠶᠢᠮᠠᠭ ᠬᠤᠲᠠ ᠪᠦᠷ ᠪᠤᠳᠠᠳᠤ ᠪᠠᠶᠢᠳᠠᠯ ᠲᠠᠢ ᠪᠠᠨ ᠲᠤᠬᠢᠷᠠᠭᠰᠠᠨ ᠬᠡᠷᠡᠭᠵᠢᠭᠦᠯᠬᠦ ᠲᠦᠰᠦᠯ ᠢ ᠲᠤᠭᠲᠠᠭᠠᠨ ᠬᠡᠷᠡᠭᠵᠢᠭᠦᠯᠵᠦ᠂ ᠪᠦᠬᠦ ᠤᠷᠤᠨ ᠤ ᠮᠤᠩᠭᠤᠯ ᠡᠮ ᠡᠮᠨᠡᠯᠭᠡ ᠶᠢᠨ ᠦᠢᠯᠡᠰ ᠢ ᠢᠯᠡᠳᠲᠡ ᠲᠥᠯᠬᠢᠨ  ᠠᠬᠢᠭᠤᠯᠪᠠ᠃      ᠦᠪᠡᠷᠲᠡᠭᠡᠨ ᠵᠠᠰᠠᠬᠤ ᠤᠷᠤᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠦᠢᠯᠡᠴᠢᠯᠡᠭᠡᠨ ᠤ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠪᠡ᠃      — ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ  ᠲᠡᠭᠦᠯᠳᠡᠷᠵᠢᠭᠦᠯᠵᠦ᠂ ᠪᠦᠬᠦ ᠤᠷᠤᠨ ᠤ 12 ᠠᠶᠢᠮᠠᠭ ᠬᠤᠲᠠ ᠳᠤ ᠪᠦᠷ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶ᠎ᠠ ᠪᠠᠶᠢᠭᠤᠯᠪᠠ᠃ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠲᠦᠷᠦᠯ ᠤᠨ ᠰᠢᠰᠲ᠋ᠧᠮᠴᠢᠯᠡᠭᠰᠡᠨ ᠬᠠᠮᠢᠶᠠᠷᠤᠯᠲᠠ ᠶᠢ ᠠᠯᠬᠤᠮ ᠠᠯᠬᠤᠮ ᠢᠶᠠᠷ  ᠪᠡᠶᠡᠯᠡᠭᠦᠯᠵᠦ᠂ ᠪᠦᠬᠦ ᠤᠷᠤᠨ ᠤ ᠤᠯᠠᠩᠬᠢ ᠬᠤᠰᠢᠭᠤ ᠰᠢᠶᠠᠨ ᠤ ᠳᠡᠰ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠮᠤᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠤᠪᠴᠢᠶ᠎ᠠ ᠪᠠᠶᠢᠭᠤᠯᠵᠤ᠂ ᠲᠤᠰᠬᠠᠢ ᠬᠦᠮᠦᠨ ᠲᠤᠬᠢᠷᠠᠭᠤᠯᠤᠨ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠢ ᠬᠠᠮᠢᠶᠠᠷᠤᠭᠤᠯᠪᠠ᠃      — ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ᠰᠠᠭᠤᠷᠢ ᠲᠦᠭᠦᠭᠡᠷᠦᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠲᠦᠷᠭᠡᠳᠬᠡᠵᠦ᠂ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠭᠤᠤᠯᠳᠠᠯᠭᠠᠲᠤ ᠲᠦᠷᠦᠯ ᠵᠦᠢᠯ ᠪᠤᠯᠬᠤ 55 ᠬᠤᠰᠢᠭᠤ ᠰᠢᠶᠠᠨ ᠤ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠯᠲᠠ ᠳᠠᠬᠢ ᠶᠡᠷᠦᠩᠬᠡᠢ ᠪᠡᠯᠡ ᠤᠷᠤᠭᠤᠯᠤᠯᠲᠠ 21.7 ᠳ᠋ᠦᠩᠰᠢᠭᠤᠷ ᠲᠦᠭᠦᠷᠢᠭ ᠲᠤ ᠬᠦᠷᠴᠦ᠂ ᠪᠦᠲᠦᠭᠡᠨ ᠪᠠᠶᠢᠭᠤᠯᠤᠭᠰᠠᠨ ᠲᠠᠯᠠᠪᠠᠢ 55.11 ᠲᠦᠮᠡᠨ ᠲᠡᠭᠰᠢ ᠳᠦᠷᠪᠡᠯᠵᠢᠨ ᠮᠧᠲᠷ ᠲᠤ ᠬᠦᠷᠪᠡ᠃ ᠬᠦᠬᠡᠬᠤᠲᠠ᠂ ᠰᠢᠯᠢ ᠶᠢᠨ ᠭᠤᠤᠯ ᠠᠶᠢᠮᠠᠭ᠂ ᠪᠠᠶᠠᠨᠨᠠᠭᠤᠷ ᠬᠤᠲᠠ᠂ ᠠᠯᠠᠱᠠ ᠠᠶᠢᠮᠠᠭ ᠵᠡᠷᠬᠡ ᠠᠶᠢᠮᠠᠭ ᠬᠤᠲᠠ ᠶᠢᠨ ᠳᠡᠰ ᠤᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢ ᠦᠭᠡᠷᠡᠴᠢᠯᠡᠨ ᠦᠷᠭᠡᠳᠬᠡᠨ ᠪᠠᠶᠢᠭᠤᠯᠵᠤ᠂ ᠭᠤᠷᠪᠠᠳᠤᠭᠠᠷ ᠬᠦᠬᠡ ᠳᠡᠰ ᠤᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠪᠤᠯᠭᠠᠨ ᠳᠡᠰ ᠳᠡᠪᠰᠢᠬᠦᠯᠦᠭᠰᠡᠨ ᠪᠠᠶᠢᠨ᠎ᠠ᠃      — ᠡᠮᠨᠡᠯᠭᠡ ᠶᠢᠨ ᠬᠤᠷᠢᠶ᠎ᠠ ᠶᠢᠨ ᠳᠤᠳᠤᠭᠠᠳᠤ ᠠᠭᠤᠯᠬᠤᠨ ᠤ ᠪᠠᠶᠢᠭᠤᠯᠤᠯᠲᠠ ᠶᠢ ᠴᠢᠩᠭᠠᠳᠬᠠᠵᠤ᠂ 1500 ᠲᠦᠮᠡᠨ ᠲᠦᠭᠦᠷᠢᠭ ᠤᠨ ᠪᠡᠯᠡ ᠤᠷᠤᠭᠤᠯᠵᠤ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ᠲᠦᠷᠭᠡᠨ ᠡᠮᠴᠢᠯᠡᠵᠦ ᠪᠠᠴᠢᠮ ᠠᠪᠤᠷᠠᠬᠤ ᠴᠢᠳᠠᠪᠤᠷᠢ᠂ ᠡᠮ ᠨᠠᠶᠢᠷᠠᠬᠤ ᠲᠠᠰᠤᠭ ᠤᠨ ᠴᠢᠳᠠᠪᠤᠷᠢ ᠪᠤᠯᠤᠨ ᠦᠪᠡᠷᠮᠢᠴᠡ ᠳᠠᠪᠠᠭᠤᠯᠢᠭ ᠭᠤᠤᠯᠳᠠᠯᠭᠠᠲᠤ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠪᠠ᠃ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢ ᠲᠤᠬᠠᠢ ᠶᠢᠨ ᠭᠠᠵᠠᠷ ᠤᠨ ︽120︾ ᠵᠢᠯᠤᠭᠤᠳᠬᠤ ᠰᠢᠰᠲ᠋ᠧᠮ ᠳᠤ ᠤᠷᠤᠭᠤᠯᠪᠠ᠃ ᠪᠦᠬᠦ ᠤᠷᠤᠨ ᠤ ᠡᠮᠨᠡᠯᠬᠡ ᠶᠢᠨ ᠬᠤᠷᠢᠶ᠎ᠠ ᠶᠢ ᠳᠤᠭᠤᠷᠢᠨ ᠪᠠᠶᠢᠴᠠᠭᠠᠬᠤ ᠪᠠ ᠵᠡᠷᠬᠡ ᠳᠡᠰ ᠢ ᠦᠨᠡᠯᠡᠨ ᠳᠤᠭᠳᠠᠭᠠᠬᠤ ᠠᠵᠢᠯ ᠢ ᠦᠷᠨᠢᠬᠦᠯᠵᠦ᠂ ᠪᠦᠬᠦ ᠤᠷᠤᠨ ᠤ 6 ᠡᠮᠨᠡᠯᠬᠡ ᠶᠢᠨ ᠬᠤᠷᠢᠶ᠎ᠠ ᠦᠨᠡᠯᠡᠨ ᠳᠤᠭᠳᠠᠭᠠᠯᠳᠠ ᠶᠢ ᠦᠩᠬᠡᠷᠡᠵᠦ᠂ 3 ᠡᠮᠨᠡᠯᠭᠡ ᠶᠢᠨ ᠬᠤᠷᠢᠶ᠎ᠠ ᠭᠤᠷᠪᠠᠳᠤᠭᠠᠷ ᠬᠦᠬᠡ ᠳᠡᠰ ᠲᠤ ᠳᠡᠪᠰᠢᠵᠦ᠂ ᠪᠦᠬᠦ ᠤᠷᠤᠨ ᠤ ᠭᠤᠷᠪᠠᠳᠤᠭᠠᠷ ᠬᠦᠬᠡ ᠳᠡᠰ ᠤᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ 10 ᠬᠦᠷᠦᠭᠰᠡᠨ ᠪᠠᠶᠢᠨ᠎ᠠ᠃      — ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠬᠦᠯᠭᠡ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠦᠯᠦᠪᠯᠡᠭᠡ ᠶᠢ ᠬᠡᠷᠡᠭᠵᠢᠭᠦᠯᠪᠡ᠃ 930 ᠲᠦᠮᠡᠨ ᠲᠦᠭᠦᠷᠢᠭ ᠤᠨ ᠪᠡᠯᠡ ᠤᠷᠤᠭᠤᠯᠵᠤ᠂ 16 ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠳᠤ ᠲᠤᠬᠢᠷᠠᠭᠰᠠᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠬᠦ ᠠᠵᠢᠯᠯᠠᠭ᠎ᠠ ᠦᠷᠨᠢᠭᠦᠯᠵᠦ᠂ ᠬᠤᠰᠢᠭᠤ ᠰᠢᠶᠠᠨ ᠤ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ᠦᠨᠳᠦᠰᠦᠨ ᠱᠠᠲᠤᠨ ᠳᠠᠬᠢ ᠡᠮᠨᠡᠨ ᠵᠠᠰᠠᠬᠤ ᠦᠢᠯᠡᠳᠦᠯ ᠢ ᠴᠢᠩᠭᠠᠳᠬᠠᠵᠤ᠂ 30 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠬᠠᠪᠰᠤᠷᠤᠨ ︽ᠮᠤᠩᠭᠤᠯ ᠡᠮᠨᠡᠯᠭᠡ ᠶᠢᠨ ᠭᠠᠵᠠᠷ᠂ ᠬᠢᠲᠠᠳ ᠡᠮᠨᠡᠯᠭᠡ ᠶᠢᠨ ᠭᠠᠵᠠᠷ︾᠎ ᠢ ᠪᠠᠶᠢᠭᠤᠯᠪᠠ᠃ 96.36%᠎ ᠤᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠪᠤᠯᠤᠨ 91.31%᠎ ᠤᠨ ᠰᠤᠮᠤ ᠰᠢᠶᠠᠩ ᠪᠠᠯᠭᠠᠰᠤ ᠶᠢᠨ ᠡᠮᠨᠡᠯᠭᠡ ᠶᠢᠨ ᠬᠤᠷᠢᠶ᠎ᠠ ᠳᠤ ᠮᠤᠩᠭᠤᠯ ᠡᠮᠨᠡᠯᠭᠡ ᠶᠢᠨ ᠰᠠᠯᠠᠭ᠎ᠠ ᠪᠤᠯᠤᠨ ᠬᠢᠲᠠᠳ ᠡᠮᠨᠡᠯᠭᠡ ᠶᠢᠨ ᠰᠠᠯᠠᠭ᠎ᠠ ᠪᠠᠶᠢᠭᠤᠯᠵᠤ᠂ 82.24%᠎ ᠤᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠲᠡᠭᠡ ᠪᠤᠯᠤᠨ 61.68%᠎ ᠤᠨ ᠭᠠᠴᠠᠭ᠎ᠠ ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠮᠤᠩᠭᠤᠯ ᠡᠮ ᠡᠮᠨᠡᠯᠭᠡ ᠪᠤᠯᠤᠨ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ ᠳᠡᠶᠢᠯᠬᠦ ᠪᠤᠯᠤᠭᠰᠠᠨ ᠪᠠᠶᠢᠨ᠎ᠠ᠃      — ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠢ ᠴᠢᠩᠭᠠᠳᠬᠠᠵᠤ᠂ ᠡᠯ᠎ᠡ ᠱᠠᠲᠤᠨ ᠤ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ︽ᠵᠠᠰᠠᠯᠭ᠎ᠠ ᠬᠥᠴᠢᠷ ᠡᠪᠡᠳᠴᠢᠨ︾᠎ ᠤ ᠰᠠᠯᠠᠭ᠎ᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠵᠦᠪᠯᠡᠯ ᠲᠠᠢ ᠬᠠᠮᠵᠢᠯᠴᠠᠨ ᠡᠮᠴᠢᠯᠡᠵᠦ ᠰᠤᠪᠢᠯᠠᠬᠤ ᠶᠢ ᠤᠶᠠᠯᠳᠤᠭᠤᠯᠤᠭᠰᠠᠨ ᠬᠠᠮᠲᠤᠷᠠᠨ ᠠᠵᠢᠯᠯᠠᠬᠤ ᠲᠤᠭᠲᠠᠴᠠ ᠶᠢ ᠪᠠᠶᠢᠭᠤᠯᠪᠠ᠃ ᠤᠯᠠᠭᠠᠨᠴᠠᠪ ᠬᠤᠲᠠ ᠶᠢᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ᠂ ᠱᠠᠩᠳᠤ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ᠂ ᠤᠷᠠᠳ ᠤᠨ ᠡᠮᠦᠨᠡᠲᠦ ᠬᠤᠰᠢᠭᠤᠨ ᠤ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠵᠡᠷᠭᠡ ᠨᠢᠭᠡ ᠪᠦᠯᠦᠭ ᠡᠮᠨᠡᠯᠭᠡ ᠶᠢᠨ ᠬᠤᠷᠢᠶ᠎ᠠ ᠵᠡᠮᠳᠡᠭᠴᠦᠳ ᠤᠨ ᠬᠤᠯᠪᠤᠭ᠎ᠠ ᠲᠠᠢ ᠬᠠᠮᠲᠤᠷᠠᠨ ᠠᠵᠢᠯᠯᠠᠬᠤ ᠲᠤᠭᠲᠠᠴᠠ ᠶᠢ ᠪᠠᠶᠢᠭᠤᠯᠤᠨ᠂ ᠵᠡᠮᠳᠡᠭᠴᠦᠳ ᠤᠨ ᠡᠷᠡᠭᠦᠯᠵᠢᠯ ᠤᠨ ᠲᠦᠪ ᠪᠠᠶᠢᠭᠤᠯᠵᠤ᠂ ᠰᠢᠯᠢᠳᠡᠭ ᠰᠠᠶᠢᠨ ᠨᠡᠶᠢᠭᠡᠮ ᠤᠨ ᠦᠷ᠎ᠡ ᠪᠦᠲᠦᠮᠵᠢ ᠶᠢ ᠡᠬᠦᠳᠴᠤ ᠪᠤᠢ᠃      ᠡᠬᠢ ᠪᠠᠶᠠᠯᠢᠭ ᠢ ᠬᠠᠮᠲᠤᠪᠡᠷ ᠡᠳ᠋ᠯᠡᠬᠦ ᠶᠢ ᠪᠡᠶᠡᠯᠡᠭᠦᠯᠪᠠ      ᠡᠮᠴᠢᠯᠡᠭᠡᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ ᠲᠤᠤᠱᠯᠠᠭᠤᠯᠵᠤ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠳᠦᠯ ᠢ ᠪᠠᠳᠠᠷᠠᠭᠤᠯᠪᠠ᠃ ᠠᠯᠪᠠᠨ ᠠᠴᠠ ᠪᠠᠶᠢᠭᠤᠯᠤᠭᠰᠠᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ 387 ᠵᠦᠢᠯ ᠤᠨ ᠮᠤᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠪᠤᠯᠤᠨ 315 ᠵᠦᠢᠯ ᠤᠨ ᠬᠢᠲᠠᠳ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠨᠠᠶᠢᠳᠠᠪᠤᠷᠢᠵᠢᠭᠤᠯᠪᠠ︔ ᠡᠮᠴᠢᠯᠡᠭᠡᠨ ᠤ ᠬᠠᠮᠢᠶᠠᠷᠤᠯᠲᠠ ᠶᠢ ᠠᠬᠢᠭᠤᠯᠤᠨ᠂ ᠳᠡᠰ ᠬᠤᠪᠢᠶᠠᠨ ᠤᠨᠤᠰᠢᠯᠠᠨ ᠡᠮᠨᠡᠬᠦ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠨ᠂ ᠠᠵᠢᠯ ᠤᠨ ᠲᠤᠭᠲᠠᠴᠠ ᠶᠢ ᠲᠡᠭᠦᠯᠳᠡᠷᠵᠢᠭᠦᠯᠵᠦ᠂ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠰᠢᠶᠠᠨ ᠰᠢᠶᠠᠩ ᠲᠤᠰᠬᠤᠨ ᠢ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠪᠤᠯᠤᠨ ᠭᠡᠷ ᠪᠦᠯᠢ ᠶᠢᠨ ᠡᠮᠴᠢ ᠲᠠᠢ ᠭᠡᠷ᠎ᠡ ᠲᠤᠭᠲᠠᠬᠤ ᠦᠢᠯᠡᠴᠢᠯᠡᠭᠡ ᠶᠢ ᠦᠷᠭᠦᠯᠵᠢᠯᠡᠨ ᠠᠬᠢᠭᠤᠯᠤᠨ ᠢᠯᠡᠷᠬᠡᠢ ᠠᠮᠵᠢᠯᠲᠠ ᠤᠯᠪᠠ︔ ᠮᠤᠩᠭᠤᠯ ᠡᠮᠨᠡᠯᠭᠡ ᠬᠢᠲᠠᠳ ᠡᠮᠨᠡᠯᠭᠡ ᠲᠡᠰᠢ ᠬᠡᠯᠪᠠᠶᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠪᠦᠬᠦ ᠤᠷᠤᠨ ᠤ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠲᠤᠭ᠎ᠠ ᠪᠠᠷᠢᠮᠳᠠ ᠶᠢᠨ ᠲᠦᠪ ᠤᠨ ᠪᠠᠶᠢᠭᠤᠯᠤᠯᠲᠠ ᠶᠢ ᠲᠦᠷᠭᠡᠳᠬᠡᠵᠦ᠂ ᠦᠨᠳᠦᠰᠦᠨ ᠱᠠᠲᠤᠨ ᠤ ᠮᠤᠩᠭᠤᠯ ᠡᠮᠨᠡᠯᠭᠡ ᠶᠢᠨ ᠭᠠᠵᠠᠷ ᠬᠢᠲᠠᠳ ᠡᠮᠨᠡᠯᠭᠡ ᠶᠢᠨ ᠭᠠᠵᠠᠷ ᠯᠤᠭ᠎ᠠ ᠶᠢᠨ ᠵᠤᠯᠭᠠᠯᠴᠠᠭ᠎ᠠ ᠲᠤᠬᠢᠷᠠᠭᠤᠯᠤᠯᠲᠠ ᠶᠢ ᠢᠳᠡᠪᠬᠢᠳᠠᠢ ᠵᠤᠬᠢᠴᠠᠭᠤᠯᠪᠠ᠃ ᠪᠦᠬᠦ ᠤᠷᠤᠨ ᠤ ᠮᠤᠩᠭᠤᠯ ᠡᠮ ᠡᠮᠨᠡᠯᠭᠡ ᠶᠢᠨ ᠠᠯᠤᠰ ᠡᠵᠡᠮᠰᠢᠯ ᠤᠨ ᠡᠮᠴᠢᠯᠡᠭᠡᠨ ᠤ ᠲᠦᠪ ᠠᠰᠢᠬᠯᠠᠯᠲᠠ ᠳᠤ ᠤᠷᠤᠵᠤ᠂ ᠪᠡᠭᠡᠵᠢᠩ ᠤᠨ ︽301︾ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠳᠤᠲᠤᠭᠠᠳᠤᠬᠢ ᠨᠡᠷᠡᠲᠦ ᠡᠮᠨᠡᠯᠭᠡ ᠶᠢᠨ ᠬᠤᠷᠢᠶ᠎ᠠ ᠪᠠ ᠠᠶᠢᠮᠠᠭ ᠬᠤᠲᠠ᠂ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠵᠡᠷᠭᠡ ᠦᠨᠳᠦᠰᠦᠨ ᠱᠠᠲᠤᠨ ᠤ ᠮᠤᠩᠭᠤᠯ ᠡᠮᠨᠡᠯᠭᠡ ᠶᠢᠨ ᠬᠤᠷᠢᠶ᠎ᠠ ᠯᠤᠭ᠎ᠠ ᠠᠯᠤᠰ ᠡᠵᠡᠮᠰᠢᠯ ᠤᠨ ᠡᠮᠴᠢᠯᠡᠨ ᠲᠤᠳᠤᠯᠠᠬᠤ ᠠᠵᠢᠯᠯᠠᠭ᠎ᠠ ᠦᠷᠨᠢᠭᠦᠯᠵᠦ᠂ ᠲᠠᠪᠴᠠᠩ ᠤᠨ ᠬᠤᠭᠤᠷᠤᠨᠳᠤ ᠮᠡᠳᠡᠭᠡ ᠵᠠᠩᠭᠢ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ ᠪᠤᠯᠤᠨ ᠡᠬᠢ ᠪᠠᠶᠠᠯᠢᠭ ᠢ ᠬᠠᠮᠲᠤᠪᠡᠷ ᠡᠳ᠋ᠯᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠪᠤᠯᠤᠨ ᠬᠦᠴᠢᠷ ᠪᠡᠷᠬᠡᠲᠡᠢ ᠡᠪᠡᠳᠴᠢᠨ ᠢ ᠠᠪᠤᠷᠠᠨ ᠡᠮᠨᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠠᠢ᠃      ᠦᠪᠡᠷᠲᠡᠭᠡᠨ ᠵᠠᠰᠠᠬᠤ ᠤᠷᠤᠨ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠠᠬᠢᠭᠤᠯᠵᠤ᠂ ᠴᠢᠳᠠᠪᠤᠷᠢᠲᠠᠨ ᠬᠦᠮᠦᠵᠢᠬᠦᠯᠬᠦ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠡᠮᠴᠢ ᠰᠤᠪᠢᠯᠠᠬᠴᠢ ᠳᠤ ᠲᠦᠷᠢᠮᠵᠢᠭᠰᠡᠨ ᠪᠤᠯᠪᠠᠰᠤᠷᠠᠯ ᠬᠦᠷᠳᠡᠬᠡᠬᠦ ᠪᠤᠯᠤᠨ ᠪᠠᠭᠰᠢ ᠶᠢᠨ ᠦᠨᠡᠮᠯᠡᠯ ᠤᠯᠭᠤᠬᠤ ᠪᠤᠯᠪᠠᠰᠤᠷᠠᠯ ᠬᠦᠷᠳᠡᠬᠡᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠳᠠᠨ ᠳᠤ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠮᠡᠳᠡᠯᠭᠡ ᠪᠤᠯᠤᠨ ᠮᠡᠷᠭᠡᠵᠢᠯ ᠤᠨ ᠪᠤᠯᠪᠠᠰᠤᠷᠠᠯ ᠬᠦᠷᠳᠡᠬᠡᠪᠡ᠃ ᠴᠢᠳᠠᠪᠤᠷᠢᠲᠠᠨ ᠢ ᠵᠤᠷᠢᠭᠵᠢᠭᠤᠯᠬᠤ ᠲᠤᠭᠲᠠᠴᠠ ᠶᠢ ᠪᠠᠶᠢᠭᠤᠯᠤᠨ᠂ ᠰᠦᠷᠦᠩᠵᠠᠪ᠂ ᠵᠢᠭᠮᠢᠳ ᠬᠤᠶᠠᠷ ᠲᠦᠷᠦ ᠶᠢᠨ ᠡᠷᠭᠦᠮᠵᠢᠯᠡᠯᠲᠦ ᠤᠳᠠᠴᠢ ᠶᠢᠨ ᠳᠠᠷᠠᠭ᠎ᠠ᠂ ᠪᠤᠤ ᠶᠢᠨ ᠱᠠᠨ ᠪᠦᠬᠦ ᠤᠷᠤᠨ ᠤ ᠭᠤᠷᠪᠠᠳᠤᠭᠠᠷ ︽ᠲᠦᠷᠦ ᠶᠢᠨ ᠡᠷᠭᠦᠮᠵᠢᠯᠡᠯᠲᠦ ᠤᠳᠠᠴᠢ︾᠎ ᠶᠢᠨ ᠠᠯᠳᠠᠷ ᠬᠦᠷᠲᠡᠵᠦ᠂ ᠮᠢ ᠽᠢ ᠯᠢᠶᠠᠩ᠂ ᠠᠭᠤᠯᠠ ︽ᠪᠦᠬᠦ ᠤᠯᠤᠰ ᠤᠨ ᠨᠡᠷᠡᠲᠦ ᠬᠢᠲᠠᠳ ᠡᠮᠴᠢ︾᠎ ᠶᠢᠨ ᠴᠤᠯᠠ ᠶᠢ ᠤᠯᠤᠭᠰᠠᠨ ᠪᠠᠶᠢᠨ᠎ᠠ᠃ 11 ᠮᠤᠩᠭᠤᠯ ᠡᠮᠨᠡᠯᠭᠡ ᠶᠢᠨ ᠡᠮᠴᠢ ᠰᠤᠪᠢᠯᠠᠬᠴᠢ ᠮᠤᠩᠭᠤᠯ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ ᠤ ᠳᠠᠩᠰᠠᠨ ᠳᠤ ᠨᠡᠷ᠎ᠠ ᠮᠡᠳᠡᠭᠦᠯᠪᠡ᠃ ᠬᠦᠯᠦᠨ ᠪᠤᠶᠢᠷ ᠬᠤᠲᠠ᠂ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ ᠵᠢᠴᠢ ᠮᠠᠨᠵᠤᠤᠷ᠂ ᠡᠷᠢᠶᠡᠨ ᠬᠤᠲᠠ ᠵᠡᠷᠭᠡ ᠭᠠᠵᠠᠷ ᠤᠷᠤᠨ ᠨᠤᠲᠤᠭ ᠤᠨ ᠳᠠᠪᠠᠭᠤᠯᠢᠭ ᠢᠶᠠᠨ ᠭᠦᠢᠴᠡᠳ ᠠᠰᠢᠬᠯᠠᠵᠥ᠂ ᠬᠦᠷᠰᠢ ᠤᠯᠤᠰ ᠤᠨ ᠵᠡᠷᠭᠡᠯᠡᠳᠡᠭᠡ ᠭᠠᠵᠠᠷ ᠤᠷᠤᠨ ᠲᠠᠢ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠰᠤᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠶᠢ  ᠦᠷᠨᠢᠭᠦᠯᠵᠦ᠂ ᠬᠠᠮᠲᠤᠷᠠᠨ ᠠᠵᠢᠯᠯᠠᠬᠤ ᠬᠡᠷ᠎ᠠ ᠲᠤᠭᠲᠠᠵᠤ᠂ ᠬᠢᠯᠢ ᠶᠢᠨ ᠭᠠᠳᠠᠨᠠᠬᠢ ᠡᠪᠡᠳᠴᠢᠲᠡᠨ ᠢ ᠡᠮᠨᠡᠬᠦ ᠰᠠᠭᠠᠳ ᠦᠭᠡᠢ ᠵᠠᠮ ᠢ ᠨᠡᠪᠲᠡᠷᠡᠭᠦᠯᠵᠦ᠂ ᠤᠨᠤᠰᠢᠯᠠᠨ ᠡᠮᠨᠡᠬᠦ ᠰᠦᠢᠳᠬᠡᠯ ᠢ ᠵᠤᠬᠢᠬᠤ ᠬᠡᠮᠵᠢᠶ᠎ᠡ ᠪᠠᠷ ᠬᠦᠩᠭᠡᠷᠡᠭᠦᠯᠵᠦ᠂ ᠬᠢᠯᠢ ᠶᠢᠨ ᠭᠠᠳᠠᠨᠠᠬᠢ ᠡᠪᠡᠳᠴᠢᠲᠡᠨ ᠤ ᠬᠥᠷᠢᠶᠠᠯᠠᠯ ᠢ ᠤᠯᠵᠥ ᠪᠤᠢ᠃      ᠮᠠᠨ ᠤ ᠤᠷᠤᠨ ᠤ ᠡᠯ᠎ᠠ ᠬᠤᠯᠪᠤᠬᠳᠠᠯ ᠪᠥᠬᠦᠢ ᠰᠠᠯᠠᠭ᠎ᠠ ᠮᠥᠴᠢᠷ ᠰᠢᠨ᠎ᠠ ᠠᠵᠠ ᠲᠤᠬᠢᠶᠠᠯ ᠢ ᠤᠬᠳᠤᠨ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠪᠠᠭᠤᠯᠢᠭ ᠢ ᠬᠦᠭᠵᠢᠭᠦᠯᠬᠦ ᠶᠢ ᠦᠷᠭᠦᠯᠵᠢᠯᠡᠨ ᠴᠢᠩᠭᠠᠳᠬᠠᠨ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠨᠴᠠᠯᠢᠭᠲᠤ ᠳᠠᠪᠠᠭᠤᠯᠢᠭᠲᠤ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡ ᠪᠤᠯᠤᠨ ᠴᠢᠳᠠᠪᠤᠷᠢᠲᠠᠨ ᠢ ᠬᠦᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠰᠢᠨ᠎ᠠ ᠠᠷᠭ᠎ᠠ ᠠᠪᠴᠠᠯ ᠤᠳ ᠢ ᠬᠡᠷᠡᠭᠵᠢᠬᠦᠯᠵᠥ ᠪᠤᠢ᠃ ᠡᠬᠦᠨ ᠳᠤ᠂ ᠮᠤᠩᠭᠤᠯ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠳᠪᠦᠷᠢᠯᠡᠯ ᠤᠨ ᠬᠦᠭᠵᠢᠯᠲᠡ ᠶᠢ ᠦᠷᠭᠦᠯᠵᠢᠯᠡᠨ ᠴᠢᠩᠭᠠᠳᠬᠠᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠲᠠᠳ ᠡᠮ ᠡᠮᠨᠡᠯᠭᠡ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠤᠨ᠎ᠠ︔ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠲᠡᠭᠦᠰ ᠤᠨ ᠡᠪᠡᠳᠴᠢᠨ ᠢ ᠰᠡᠷᠭᠡᠶᠢᠯᠡᠨ ᠵᠠᠰᠠᠬᠤ ᠳᠠᠬᠢ ᠦᠪᠡᠷᠮᠢᠴᠡ ᠳᠠᠪᠠᠭᠤᠯᠢᠭ ᠢ ᠪᠠᠳᠠᠷᠠᠭᠤᠯᠤᠨ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠰᠤᠶᠤᠯ ᠤᠨ ᠤᠯᠠᠮᠵᠢᠯᠠᠯ ᠢ ᠴᠢᠩᠭᠠᠳᠬᠠᠨ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠬᠦᠭᠵᠢᠭᠦᠯᠦᠨ᠎ᠠ︔ ᠰᠢᠶᠠᠨ ᠰᠢᠶᠠᠩ ᠲᠤᠰᠬᠤᠨ ᠢ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢᠨ ᠬᠡᠯᠪᠡᠷᠢ ᠶᠢ ᠠᠰᠢᠬᠯᠠᠨ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠦᠨᠳᠦᠰᠦᠨ ᠱᠠᠲᠤᠨ ᠳᠤ ᠰᠢᠯᠵᠢᠬᠦ ᠶᠢ ᠵᠤᠷᠢᠭᠵᠢᠭᠤᠯᠵᠤ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢᠨ ᠦᠨᠳᠦᠷ ᠳᠠᠪᠬᠤᠷᠭ᠎ᠠ ᠶᠢᠨ ᠴᠢᠳᠠᠪᠤᠷᠢᠲᠠᠨ ᠢ ᠲᠠᠲᠠᠨ ᠤᠷᠤᠭᠤᠯᠵᠤ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠪᠠᠶᠢᠭᠤᠯᠤᠨ᠂ ᠰᠢᠨ᠎ᠡ ᠶᠢ ᠡᠭᠦᠳᠦᠨ ᠬᠦᠭᠵᠢᠭᠦᠯᠬᠦ ᠳᠤ ᠮᠡᠳᠡᠯᠭᠡ ᠶᠢᠨ ᠪᠠᠲᠤᠯᠠᠭ᠎ᠠ ᠪᠤᠯᠤᠨ ᠴᠢᠳᠠᠪᠤᠷᠢᠲᠠᠨ ᠤ ᠳᠡᠮᠵᠢᠯᠭᠡ ᠬᠠᠩᠭᠠᠬᠤ ᠮᠡᠳᠤ ᠶᠢᠨ ᠪᠥᠳᠥᠮᠵᠢᠳᠠᠢ ᠠᠷᠭ᠎ᠠ ᠶᠢ ᠲᠤᠷᠰᠢᠨ ᠭᠡᠷᠡᠭᠵᠢᠬᠦᠯᠵᠥ ᠪᠤᠢ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠠᠬᠢᠭᠤᠯᠪᠠ      ᠪᠦᠬᠦ ᠤᠷᠤᠨ ᠤ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠷᠢᠯᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠲᠤᠷᠠᠨ ︽︿ᠠᠷᠪᠠᠨ ᠭᠤᠷᠪᠠᠳᠤᠭᠠᠷ ᠲᠠᠪᠤᠨ ᠵᠢᠯ﹀᠎ ᠤᠨ ᠮᠤᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠲᠦᠷᠦᠯ ᠎ ᠤᠨ  ᠲᠦᠯᠦᠪᠵᠢᠭᠦᠯᠭᠡ︾᠎ ᠶᠢ ᠲᠤᠭᠲᠠᠭᠠᠪᠠ᠃ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠡᠮᠴᠢᠯᠡᠭᠡᠨ ᠤ ᠭᠤᠤᠯᠳᠠᠯᠭᠠᠲᠤ ᠲᠤᠰᠬᠠᠢ ᠰᠠᠯᠠᠭ᠎ᠠ᠂ ᠭᠤᠤᠯᠳᠠᠯᠭᠠᠲᠤ ᠰᠤᠳᠤᠯᠬᠤ ᠭᠡᠷ ᠤᠨ ᠦᠨᠡᠯᠡᠨ ᠬᠢᠨᠠᠬᠤ ᠠᠵᠢᠯ ᠳᠤᠮᠳᠠ 72 ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠰᠢᠨᠵᠢᠯᠡᠭᠡᠨ ᠤ ᠰᠠᠯᠠᠭ᠎ᠠ ᠰᠢᠯᠭᠠᠯᠲᠠ ᠶᠢ ᠦᠩᠭᠡᠷᠡᠪᠡ᠃ ᠤᠯᠠᠭᠠᠨᠬᠠᠳᠠ ᠬᠤᠲᠠ ᠬᠤᠳᠠ ᠶᠢᠨ ᠳᠡᠰ ᠤᠨ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠭᠤᠤᠯᠳᠠᠯᠭᠠᠲᠤ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠭᠲᠠᠭᠠᠵᠤ᠂ ᠬᠤᠲᠠ ᠶᠢᠨ ᠳᠡᠰ ᠤᠨ ᠡᠷᠳᠡᠮ ᠰᠢᠨᠵᠢᠯᠡᠭᠡᠨ ᠤ ᠬᠠᠮᠢᠶᠠᠷᠤᠯᠲᠠ ᠪᠤᠯᠤᠨ ᠱᠠᠩᠨᠠᠯ ᠤᠨ ᠲᠦᠷᠦᠯ ᠢ ᠮᠡᠳᠡᠭᠦᠯᠬᠦ ᠪᠤᠯᠪᠠᠰᠤᠷᠠᠯ ᠤᠨ ᠠᠩᠭᠢ ᠡᠷᠬᠢᠯᠡᠵᠦ᠂ ᠬᠤᠲᠠ ᠶᠢᠨ ᠳᠡᠰ ᠤᠨ ᠭᠤᠤᠯᠳᠠᠯᠭᠠᠲᠤ ᠲᠤᠰᠬᠠᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠠᠬᠢᠭᠤᠯᠪᠠ᠃ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠪᠠᠷᠢᠮᠵᠢᠶᠠᠵᠢᠭᠤᠯᠬᠤ ᠲᠦᠷᠦᠯ ᠵᠦᠢᠯ ᠢ ᠠᠬᠢᠭᠤᠯᠵᠤ᠂ ᠤᠯᠤᠰ ᠤᠨ ᠬᠢᠲᠠᠳ ᠡᠮ ᠢ ᠪᠠᠷᠢᠮᠵᠢᠶᠠᠵᠢᠭᠤᠯᠬᠤ ᠲᠦᠷᠦᠯ ᠵᠦᠢᠯ ᠤᠨ ᠠᠬᠢᠴᠠ ᠤᠷᠤᠭᠰᠢᠲᠠᠢ᠃ ᠤᠯᠤᠰ ᠤᠨ ᠳᠡᠰ ᠤᠨ ︽ᠦᠨᠳᠦᠰᠦᠲᠡᠨ ᠤ ᠡᠮ ᠡᠮᠨᠡᠯᠭᠡ ᠶᠢᠨ ᠰᠤᠷᠪᠤᠯᠵᠢ ᠪᠢᠴᠢᠭ ᠢ ᠡᠮᠬᠢᠳᠬᠡᠬᠦ︾ ᠲᠦᠷᠦᠯ ᠵᠦᠢᠯ ᠢ ᠳᠠᠭᠤᠰᠬᠠᠪᠠ᠃ ᠮᠤᠩᠭᠤᠯ ᠡᠮ ᠬᠢᠲᠠᠳ ᠡᠮ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠦᠷ᠎ᠡ ᠪᠦᠲᠦᠮᠵᠢ ᠤᠯᠵᠤ᠂ ᠦᠪᠡᠷᠲᠡᠭᠡᠨ ᠵᠠᠰᠠᠬᠤ ᠤᠷᠤᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ ᠰᠤᠳᠤᠯᠭᠠᠨ ᠤ ᠭᠠᠵᠠᠷ ᠤᠨ ᠳᠠᠭᠠᠭᠤᠯᠤᠨ ᠬᠢᠭᠰᠡᠨ ᠳᠦᠷᠪᠡᠳᠦᠭᠡᠷ ᠤᠳᠠᠭᠠᠨ ᠤ ᠬᠢᠲᠠᠳ ᠡᠮ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠠᠵᠢᠯ ᠤᠨ ᠳᠤᠮᠳᠠ᠂ 8000 ᠭᠠᠷᠤᠢ ᠬᠤᠪᠢ ᠦᠯᠢᠭᠡᠷ ᠬᠡᠪ᠂ 1000 ᠭᠠᠷᠤᠢ ᠬᠤᠪᠢ ᠡᠮ ᠤᠨ ᠮᠠᠲ᠋ᠧᠷᠢᠶᠠᠯ᠂ 400 ᠭᠠᠷᠤᠢ ᠲᠦᠷᠦᠯ ᠤᠨ ᠦᠷ᠎ᠡ ᠶᠢ ᠡᠮᠬᠢᠳᠬᠡᠪᠡ᠃      ᠡᠬᠦᠨ ᠠᠴᠠ ᠭᠠᠳᠠᠨ᠎ᠠ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠶᠡᠷᠦᠩᠬᠡᠶᠢᠯᠡᠨ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠤ ᠭᠤᠷᠪᠠᠨ ᠳᠡᠰ ᠤᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠰ ᠢ  ᠰᠢᠰᠲ᠋ᠧᠮᠴᠢᠯᠡᠨ ᠬᠠᠮᠢᠶᠠᠷᠬᠤ ᠶᠢ ᠴᠢᠷᠮᠠᠶᠢᠨ ᠪᠡᠶᠡᠯᠡᠭᠦᠯᠦᠨ᠎ᠡ᠃ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠲᠤᠬᠢᠷᠠᠭᠤᠯᠬᠤ ᠪᠠᠷᠢᠮᠵᠢᠶ᠎ᠠ ︵2016 - 2020 ᠤᠨ︶︾ ᠶᠤᠰᠤᠭᠠᠷ᠂ ᠮᠤᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡᠨ ᠤ ᠡᠬᠢ ᠪᠠᠶᠠᠯᠢᠭ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠵᠦ᠂ ᠮᠢᠩᠭᠠᠨ ᠬᠦᠮᠦᠨ ᠪᠦᠷᠢ ᠳᠠᠬᠢ ᠮᠤᠩᠭᠤᠯ ᠬᠢᠲᠠᠳ ᠡᠮᠨᠡᠯᠭᠡ ᠶᠢᠨ ᠡᠪᠡᠳᠴᠢᠲᠡᠨ ᠤ ᠤᠷᠤ ᠶᠢ 1᠎ ᠠᠴᠠ ᠳᠡᠭᠡᠭᠰᠢ ᠪᠠᠶᠢᠯᠭᠠᠵᠤ᠂ ᠠᠯᠪᠠᠨ ᠠᠴᠠ ᠪᠠᠶᠢᠭᠤᠯᠤᠭᠰᠠᠨ ᠵᠢᠴᠢ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ᠰᠠᠭᠤᠷᠢ ᠲᠦᠭᠦᠭᠡᠷᠦᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ᠂ ᠡᠮᠴᠢᠯᠡᠭᠡᠨ ᠤ ᠲᠦᠭᠦᠭᠡᠷᠦᠮᠵᠢ ᠶᠢᠨ ᠪᠠᠷᠢᠮᠵᠢᠶᠠᠵᠢᠯᠲᠠ᠂ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ ᠲᠤᠬᠢᠷᠠᠭᠤᠯᠤᠯᠲᠠ ᠪᠤᠯᠤᠨ ᠠᠵᠢᠯᠲᠠᠨ ᠤ ᠪᠠᠷᠢᠮᠵᠢᠶᠠᠵᠢᠭᠰᠠᠨ ᠲᠤᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠦ ᠪᠤᠢ︔ ᠤᠯᠤᠰ ᠤᠨ ᠮᠤᠩᠭᠤᠯ ᠡᠮ ᠨᠠᠶᠢᠷᠠᠯᠭ᠎ᠠ ᠶᠢᠨ ᠲᠦᠪ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠴᠢᠩᠭᠠᠳᠬᠠᠬᠤ ᠶᠢᠨ ᠰᠠᠭᠤᠷᠢᠨ ᠳᠡᠭᠡᠷ᠎ᠡ᠂ ᠠᠶᠢᠮᠠᠭ ᠬᠤᠲᠠ ᠨᠤᠭᠤᠳ ᠢ ᠵᠤᠷᠢᠭᠵᠢᠭᠤᠯᠤᠨ ᠭᠠᠵᠠᠷ ᠤᠷᠤᠨ ᠤ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ ᠶᠢᠨ ᠮᠤᠩᠭᠤᠯ ᠡᠮ ᠨᠠᠶᠢᠷᠠᠯᠭ᠎ᠠ ᠨᠠᠶᠢᠷᠠᠭᠤᠯᠬᠤ ᠲᠦᠪ ᠢ 1 — 2 ᠪᠠᠶᠢᠭᠤᠯᠵᠤ᠂ ᠮᠤᠩᠭᠤᠯ ᠡᠮ ᠢ ᠡᠮᠨᠡᠯᠭᠡ ᠶᠢᠨ ᠬᠤᠷᠢᠶᠠᠨ ᠳᠠᠭᠠᠨ ᠨᠠᠶᠢᠷᠠᠭᠤᠯᠵᠤ ᠬᠡᠷᠡᠭᠯᠡᠬᠦ ᠶᠢ ᠠᠬᠢᠭᠤᠯᠵᠥ ᠪᠤᠢ︔ ᠠᠶᠢᠮᠠᠭ ᠬᠤᠲᠠ ᠶᠢᠨ ᠳᠡᠰ ᠠᠴᠠ ᠳᠡᠭᠡᠭᠰᠢᠬᠢ ᠮᠤᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠬᠦᠬᠡ ᠳᠡᠰ ᠲᠤ ᠬᠦᠷᠭᠡᠵᠦ᠂ ᠬᠤᠰᠢᠭᠤ ᠰᠢᠶᠠᠨ ᠤ ᠳᠡᠰ ᠤᠨ ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠬᠦᠬᠡ ᠳᠡᠰ ᠠᠴᠠ ᠳᠡᠭᠡᠭᠰᠢᠬᠢ ᠪᠠᠷᠢᠮᠵᠢᠶ᠎ᠠ ᠳᠤ ᠬᠦᠷᠭᠡᠵᠦ᠂ ᠰᠢᠶᠠᠨ ᠤ ᠤᠷᠤᠨ ᠤ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠤᠨᠤᠰᠢᠯᠠᠨ ᠡᠮᠨᠡᠬᠦ ᠲᠦᠪ ᠢ ᠪᠠᠶᠢᠭᠤᠯᠵᠥ ᠪᠤᠢ︔ 30 ᠲᠦᠮᠡ ᠠᠴᠠ ᠳᠡᠭᠡᠭᠰᠢ ᠬᠦᠮᠦᠨ ᠠᠮᠠ ᠲᠠᠢ ᠬᠤᠰᠢᠭᠤ ᠰᠢᠶᠠᠨ ᠤ ᠱᠠᠲᠤᠨ ᠤ ᠮᠤᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠬᠦᠬᠡ ᠳᠡᠰ ᠤᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠳᠤ ᠬᠦᠷᠭᠡᠵᠦ᠂ ᠦᠨᠳᠦᠰᠦᠨ ᠱᠠᠲᠤᠨ ᠤ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠶᠠᠪᠤᠭᠳᠠᠭᠤᠯᠵᠤ᠂ ︽ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠴᠦᠬᠡᠨ ᠲᠤᠭᠠᠲᠤ ᠦᠨᠳᠦᠰᠦᠲᠡᠨ ᠤ ᠡᠮ ᠡᠮᠨᠡᠯᠭᠡ︶᠎ ᠶᠢᠨ ᠠᠵᠢᠯ ᠤᠨ ᠲᠡᠷᠢᠭᠦᠨ ᠤ ᠨᠢᠭᠡᠴᠡ︾᠎ ᠶᠢ ᠪᠠᠶᠢᠭᠤᠯᠬᠤ ᠠᠵᠢᠯᠯᠠᠭ᠎ᠠ ᠶᠢ ᠢᠳᠡᠪᠬᠢᠳᠠᠢ ᠥᠷᠨᠢᠬᠦᠯᠵᠥ ᠪᠤᠢ᠃
      ᠡᠮ ᠡᠮᠨᠡᠯᠭᠡ ᠶᠢᠨ ᠥᠢᠯᠡᠴᠢᠯᠡᠭᠡ ᠬᠠᠨᠭ᠍ᠭᠠᠨ᠎ᠠ
      ᠥᠨᠳᠤᠰᠤᠨ ᠱᠠᠳᠤ ᠪᠠᠷ ᠬᠥᠨᠵᠡᠬᠡᠶᠢᠷᠡᠨ᠎ᠠ
      ᠡᠮ ᠨᠡᠶᠢᠷᠡᠯᠭ᠎ᠠ ᠬᠢᠨ᠎ᠠ
ᠨᠠᠶᠢᠷᠠᠭᠤᠯᠤᠭᠴᠢ᠄
ᠪᠤᠶᠠᠨ᠋ᠦ᠌ᠨᠳᠦᠰᠦ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号