ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠢ ᠰᠠᠶᠢᠲᠤᠷ ᠬᠢᠶ᠎ᠠ
2018-06-11 10:51:37
ᠵᠣᠬᠢᠶᠠᠭᠴᠢ᠄ 
ᠥᠷᠭᠡᠨ
ᠣᠩᠰᠢᠭᠰᠠᠨ ᠣᠳᠠᠭ᠎ᠠ᠄ 
★★★☆☆
      ᠠᠷᠠᠳ ᠲᠦᠮᠡᠨ ᠤ ᠡᠷᠡᠬᠦᠯ ᠮᠠᠨᠳᠤ ᠪᠤᠯ ᠦᠨᠳᠤᠰᠤᠳᠠᠨ ᠤ ᠬᠦᠭᠵᠢᠯ ᠪᠠᠳᠠᠷᠠᠯ ᠪᠠ ᠤᠯᠤᠰ ᠤᠨ ᠪᠠᠶᠠᠵᠢᠯ ᠬᠦᠴᠦᠷᠭᠡᠭᠵᠢᠯ ᠤᠨ ᠴᠢᠬᠤᠯᠠ ᠪᠡᠯᠭᠡ ᠲᠡᠮᠳᠡᠭ ᠮᠦᠨ᠃ 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠡᠬᠢᠯᠡᠯᠲᠡ ᠶᠢᠨ ᠵᠢᠯ᠂ ᠦᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠤᠢ᠂ ᠮᠦᠨ ᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠡᠮᠦᠨᠡᠬᠢ ᠶᠢ ᠵᠠᠯᠭᠠᠮᠵᠢᠯᠠᠵᠤ ᠬᠤᠶᠢᠰᠢᠬᠢ ᠶᠢ ᠤᠯᠠᠮᠵᠢᠯᠠᠬᠤ ᠵᠠᠩᠭᠢᠯᠠᠭ᠎ᠠ ᠶᠢᠨ ᠵᠢᠯ ᠪᠤᠯᠬᠤ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠠᠪᠤᠴᠠ ᠳᠤ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠢ ᠰᠠᠶᠢᠲᠤᠷ ᠬᠢᠵᠥ᠂ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠥᠢᠯᠡᠰ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠵᠤᠬᠢᠴᠠᠭᠤᠯᠵᠤ᠂ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠶᠢ ᠲᠥᠯᠬᠢᠨ ᠠᠬᠢᠭᠤᠯᠬᠤ ᠴᠢᠬᠤᠯᠠᠳᠠᠢ᠃      ᠬᠢᠲᠠᠳ ᠡᠮ ᠡᠮᠨᠡᠯᠭᠡ ᠪᠤᠯᠤᠨ ᠦᠨᠳᠦᠰᠦᠲᠡᠨ ᠤ ᠡᠮ ᠡᠮᠨᠡᠯᠭᠡ ᠪᠤᠯ ᠤᠯᠤᠰ ᠤᠨ ᠤᠯᠠᠮᠵᠢᠯᠠᠯᠲᠤ ᠰᠤᠶᠤᠯ ᠤᠨ ᠴᠢᠬᠤᠯᠠ ᠦᠨᠡᠲᠦ ᠡᠳ᠋᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠪᠤᠯᠬᠤ ᠮᠦᠷᠲᠡᠭᠡᠨ ᠭᠦᠨ ᠤᠬᠠᠭᠠᠨ ᠤ ᠦᠵᠡᠯ ᠰᠠᠨᠠᠭ᠎ᠠ ᠪᠤᠯᠤᠨ ᠰᠤᠶᠤᠯ ᠢᠷᠭᠡᠨᠰᠢᠯ ᠤᠨ ᠵᠤᠷᠢᠭ ᠰᠠᠨᠠᠭ᠎ᠠ ᠪᠡᠶᠡᠯᠢᠬ ᠠᠭᠤᠯᠤᠭᠳᠠᠵᠤ᠂ ᠮᠠᠨ ᠤ ᠤᠯᠤᠰ ᠤᠨ ᠰᠤᠶᠤᠯ ᠤᠨ ᠵᠦᠭᠡᠯᠡᠨ ᠪᠤᠳᠠᠳᠤ ᠬᠦᠴᠦᠨ ᠤ ᠴᠢᠬᠤᠯᠠ ᠢᠯᠡᠷᠡᠯ ᠪᠤᠯᠬᠤ ᠶᠤᠮ᠃ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠢ ᠰᠠᠶᠢᠲᠤᠷ ᠬᠢᠬᠦ ᠳᠤ᠂ ᠰᠢᠨ᠎ᠡ ᠬᠦᠭᠵᠢᠯᠲᠡ ᠶᠢᠨ ᠱᠠᠲᠤ᠂ ᠰᠢᠨ᠎ᠡ ᠴᠠᠭ ᠦᠶ᠎ᠡ ᠶᠢᠨ ᠪᠠᠶᠢᠷᠢᠰᠢᠭᠤᠯᠤᠯᠳᠠ ᠶᠢᠨ ᠡᠭᠦᠲᠡᠨ ᠠᠴᠠ ᠠᠵᠢᠯ ᠢᠶᠠᠨ ᠰᠡᠳᠬᠢᠬᠦ ᠪᠠ ᠰᠦᠪᠡᠭᠴᠢᠯᠡᠵᠦ᠂ ᠮᠤᠩᠭᠤᠯ ᠬᠢᠲᠠᠳ ᠡᠸᠦ᠋ᠷᠦᠫᠡ ᠡᠮᠨᠡᠯᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠪᠠᠯ ᠵᠤᠬᠢᠨ᠎ᠠ︔ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠰ ᠢ ᠤᠯᠠᠮᠵᠢᠯᠠᠨ ᠬᠦᠭᠵᠢᠭᠦᠯᠬᠦ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠪᠤᠯᠤᠨ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠬᠡᠷᠡᠭᠵᠢᠭᠦᠯᠪᠠᠯ ᠵᠤᠬᠢᠨ᠎ᠠ︔ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠬᠦᠭᠵᠢᠯᠲᠡ ᠶᠢᠨ ᠶᠠᠰᠤ ᠴᠢᠨᠠᠷ ᠪᠤᠯᠤᠨ ᠦᠷ᠎ᠡ ᠠᠰᠢᠭ ᠢ ᠴᠢᠬᠤᠯᠠᠴᠢᠯᠠᠵᠤ᠂ ᠦᠢᠯᠡᠴᠢᠯᠡᠭᠡᠨ ᠤ ᠴᠢᠳᠠᠪᠤᠷᠢ ᠪᠤᠯᠤᠨ ᠲᠦᠪᠰᠢᠨ ᠢᠶᠠᠨ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠰ ᠢ ᠰᠡᠷᠭᠦᠭᠡᠨ ᠬᠦᠭᠵᠢᠭᠦᠯᠬᠦ ᠰᠢᠨ᠎ᠡ ᠪᠠᠶᠢᠳᠠᠯ ᠢ ᠴᠢᠷᠮᠠᠶᠢᠨ ᠨᠡᠭᠡᠭᠡᠪᠠᠯ ᠵᠤᠬᠢᠨ᠎ᠠ᠃      ᠠᠷᠠᠳ ᠢᠷᠭᠡᠳ ᠲᠤ ᠡᠷᠡᠬᠦᠯ ᠮᠠᠨᠳᠤ ᠶᠢᠨ ᠲᠤᠬᠠᠢ ᠲᠦᠷᠦ ᠶᠢᠨ ᠪᠤᠳᠤᠯᠭ᠎ᠠ ᠶᠢ ᠡᠵᠡᠮᠰᠢᠭᠦᠯᠵᠦ᠂ ᠠᠷᠠᠳ ᠤᠯᠠᠨ ᠳᠤ ᠪᠦᠬᠦ ᠲᠠᠯ᠎ᠠ ᠶᠢᠨ ᠪᠦᠬᠦ ᠦᠶᠡᠯᠡᠯ ᠤᠨ ᠡᠷᠡᠬᠦᠯ ᠮᠠᠨᠳᠤ ᠶᠢᠨ ᠤᠢᠢᠯᠡᠴᠢᠯᠡᠭᠡ ᠬᠠᠨᠭ᠍ᠭᠠᠬᠤ ᠭᠡᠷᠡᠭᠳᠠᠢ᠃ ᠦᠨᠳᠤᠰᠤᠨ ᠱᠠᠳᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠤᠢᠢᠯᠡᠴᠢᠯᠡᠭᠡᠨ ᠤ ᠰᠢᠰᠲ᠋ᠧᠮ ᠪᠠ ᠪᠦᠬᠦ ᠰᠠᠯᠠᠭᠠᠨ ᠤ ᠡᠮᠴᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠬᠢᠳᠠᠳ ᠡᠮᠨᠡᠯᠭᠡ ᠪᠠ ᠡᠸᠦ᠋ᠷᠦᠫᠠ ᠡᠮᠨᠡᠯᠭᠡ ᠶᠢ ᠵᠡᠷᠭᠡᠪᠠᠷ ᠴᠢᠬᠤᠯᠠᠴᠢᠯᠠᠬᠤ ᠶᠢ ᠪᠠᠷᠢᠮᠳᠠᠯᠠᠵᠤ᠂ ᠬᠢᠳᠠᠳ ᠡᠮ ᠡᠮᠨᠡᠯᠭᠡ ᠶᠢᠨ ᠤᠢᠢᠯᠡᠰ ᠢ ᠵᠠᠯᠭᠠᠮᠵᠢᠯᠠᠨ ᠬᠦᠭᠵᠢᠬᠦᠯᠤᠨ᠎ᠠ᠃ ᠨᠡᠶᠢᠭᠡᠮ ᠤᠨ ᠬᠦᠴᠤᠨ ᠤ ᠡᠮᠨᠡᠯᠭᠡ ᠶᠢᠨ ᠬᠤᠷᠢᠶ᠎ᠠ ᠡᠷᠬᠢᠯᠡᠬᠦ ᠶᠢ ᠲᠡᠮᠵᠢᠵᠤ᠂ ᠡᠷᠡᠬᠦᠯ ᠮᠠᠨᠳᠤ ᠶᠢᠨ ᠠᠵᠤ ᠤᠢᠢᠯᠡᠰ ᠢ ᠬᠦᠭᠵᠢᠬᠦᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠬᠦᠨᠵᠡᠭᠡᠶᠢᠷᠡᠬᠦᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠦᠨᠳᠤᠰᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠲᠦᠷᠢᠮ᠂ ᠡᠮᠴᠢᠯᠡᠭᠡᠨ ᠤ ᠪᠠᠳᠤᠯᠠᠪᠤᠷᠢ ᠶᠢᠨ ᠲᠦᠷᠢᠮ ᠪᠠ ᠰᠢᠯᠢᠳᠡᠭ ᠦᠨᠳᠤᠷ ᠪᠦᠳᠤᠮᠵᠢᠲᠠᠢ ᠡᠮ ᠡᠮᠨᠡᠯᠭᠡ ᠡᠷᠡᠬᠦᠯ ᠬᠠᠮᠠᠭᠠᠯᠠᠯ ᠤᠨ ᠤᠢᠢᠯᠡᠴᠢᠯᠡᠭᠡᠨ ᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠂ ᠤᠳᠤ ᠦᠶ᠎ᠠ ᠶᠢᠨ ᠡᠮᠨᠡᠯᠭᠡ ᠶᠢᠨ ᠬᠤᠷᠢᠶᠠᠨ ᠤ ᠬᠠᠮᠢᠶᠡᠷᠤᠯᠳᠠ ᠶᠢᠨ ᠲᠦᠷᠢᠮ ᠢ ᠪᠦᠷᠢᠨᠰᠢᠬᠦᠯᠤᠨ᠎ᠠ ᠬᠡᠵᠥ ᠨᠠᠮ ᠤᠨ ᠠᠷᠪᠠ ᠶᠢᠰᠥᠳᠥᠭᠡᠷ ᠶᠡᠭᠡ ᠬᠤᠷᠠᠯ ᠤᠨ ᠢᠯᠡᠳᠭᠡᠯ ᠳᠤ ᠲᠤᠷᠠᠳᠤᠨ ᠭᠠᠷᠭᠠᠬᠰᠠᠨ ᠶᠤᠮ᠃      ᠠᠵᠠ ᠵᠢᠷᠭᠠᠯ ᠤᠨ ᠲᠡᠷᠢᠬᠦᠨ ᠴᠢᠬᠤᠯᠠ ᠨᠥᠬᠦᠴᠠᠯ ᠨᠢ ᠪᠤᠯ ᠡᠷᠡᠬᠦᠯ ᠴᠢᠬᠢᠷᠠᠬ ᠪᠤᠯᠤᠨ᠎ᠠ᠃ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠷᠦᠯ ᠵᠦᠢᠯ ᠳᠠᠬᠢ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠴᠢᠳᠠᠪᠤᠷᠢ ᠲᠡᠭᠦᠯᠳᠡᠷ ᠪᠠᠶᠢᠷᠢᠯᠠᠭᠤᠯᠤᠯᠲᠠ ᠵᠦᠢᠲᠡᠢ᠂ ᠠᠷᠠᠳ ᠤᠯᠠᠨ ᠤ ᠱᠠᠭᠠᠷᠳᠠᠯᠭ᠎ᠠ ᠶᠢ ᠬᠠᠩᠭᠠᠬᠤ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠲᠥᠷᠭᠡᠳᠭᠡᠪᠡᠯ ᠮᠤᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠢ ᠨᠠᠩ ᠰᠠᠶᠢᠲᠤᠷ ᠬᠢᠵᠥ᠂ ᠨᠠᠩ ᠥᠨᠳᠤᠷ ᠥᠷ᠎ᠠ ᠠᠰᠢᠬ ᠲᠠᠢ ᠪᠤᠯᠭᠠᠵᠦ ᠴᠢᠲᠠᠨ᠎ᠠ᠃
      ᠡᠪᠡᠳᠴᠢᠨ ᠤᠨᠤᠰᠢᠯᠠᠨ᠎ᠠ            ︵ᠲᠤᠰ ᠨᠢᠭᠤᠷ ᠤᠨ ᠬᠡᠷᠡᠯ ᠵᠢᠷᠤᠬ ᠤᠳ ᠢ ᠰᠥᠯᠵᠢᠶᠠᠨ ᠠᠴᠠ ᠠᠪᠤᠪᠠ︶
ᠨᠠᠶᠢᠷᠠᠭᠤᠯᠤᠭᠴᠢ᠄
ᠪᠤᠶᠠᠨ᠋ᠦ᠌ᠨᠳᠦᠰᠦ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号