ᠨᠠᠰᠤᠳᠠᠶᠢᠴᠤᠳ ᠸᠢᠲ᠋ᠠᠮᠢᠨ ᠨᠦᠬᠦᠬᠦ ᠳᠡᠭᠡᠨ ᠠᠩᠬᠠᠷᠬᠤ ᠵᠦᠢᠯ
2018-06-25 10:43:09
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
      ᠨᠠᠰᠤᠳᠠᠶᠢᠴᠤᠳ ᠤᠨ ᠦᠩᠭᠡᠨ ᠬᠦᠷᠦᠰᠦ ᠠᠮᠠᠷᠬᠠᠨ ᠰᠢᠷᠬᠠᠳᠤᠳᠠᠭ ᠪᠠ ᠡᠪᠡᠳᠴᠢᠨ ᠢ ᠡᠰᠡᠷᠭᠦᠴᠡᠬᠦ ᠴᠢᠳᠠᠪᠤᠷᠢ ᠨᠢ ᠬᠠᠷᠢᠴᠠᠩᠭᠤᠢ ᠪᠠᠭᠤᠷᠠᠳᠠᠭ ᠪᠤᠯᠬᠤᠷ᠂ ᠦᠩᠭᠡᠨ ᠬᠦᠷᠦᠰᠦᠨ ᠤ ᠡᠰ ᠢ ᠳᠦᠯᠵᠢᠭᠦᠯᠳᠡᠭ ᠸᠢᠲ᠋ᠠᠮᠢᠨ A᠎ ᠶᠢ ᠵᠤᠬᠢᠬᠤ ᠬᠡᠮᠵᠢᠶᠡᠨ ᠳᠤ ᠨᠦᠬᠦᠵᠦ ᠪᠠᠶᠢᠬᠤ ᠴᠢᠬᠤᠯᠠᠳᠠᠢ ᠪᠠᠶᠢᠳᠠᠭ᠃      ᠢᠳᠡᠭᠡᠨ ︵ᠬᠤᠯᠤᠤᠪᠠᠩ᠂ ᠴᠠᠭᠠᠨ ᠢᠳᠡᠭᠡᠨ᠂ ᠦᠨᠳᠡᠭᠡ᠂ ᠠᠮᠢᠳᠠᠨ ᠤ ᠡᠯᠢᠭᠡ᠂ ᠬᠦᠨ ᠦᠩᠭᠡᠳᠡᠢ ᠢᠳᠡᠰᠢᠨ ᠨᠤᠭᠤᠭ᠎ᠠ︶᠎ ᠤ ᠳᠤᠳᠤᠷ᠎ᠠ ᠠᠴᠠ ᠨᠦᠬᠦᠵᠦ ᠠᠪᠬᠤ ᠠᠴᠠ ᠬᠢᠴᠢᠶᠡᠬᠦ ᠶᠢᠨ ᠬᠠᠮᠳᠤ᠂ ᠸᠢᠲ᠋ᠠᠮᠢᠨ A᠎ ᠶᠢᠨ ᠬᠤᠮᠵᠢᠶ᠎ᠠ ᠦᠷᠡᠯ ᠤᠤᠭᠤᠵᠤ ᠪᠤᠯᠤᠨ᠎ᠠ᠃ ᠡᠳᠦᠷ ᠲᠤ 25000 ᠤᠯᠠᠨ ᠤᠯᠤᠰ ᠤᠨ ᠨᠢᠭᠡᠴᠢ ᠠᠭᠤᠯᠤᠭᠳᠠᠴᠠ ᠲᠠᠢ 1 ᠦᠷᠡᠯ ᠤᠨ ᠬᠡᠮᠵᠢᠶ᠎ᠠ ᠪᠠᠷ ᠭᠡᠰᠡᠭ ᠭᠡᠰᠡᠭ ᠬᠤᠭᠤᠴᠠᠭ᠎ᠠ ᠪᠠᠷ ᠳᠠᠰᠤᠯᠳᠠᠭᠤᠯᠤᠨ ᠤᠤᠭᠤᠵᠤ ᠪᠤᠯᠤᠨ᠎ᠠ᠃      ᠸᠢᠲ᠋ᠠᠮᠢᠨ B1᠎ ᠨᠢ ᠬᠦᠯ ᠤᠨ ᠪᠠᠮ ᠡᠪᠡᠳᠴᠢᠨ ᠢ ᠰᠡᠷᠭᠡᠶᠢᠯᠡᠨ᠂ ᠬᠤᠭᠤᠯᠠᠨ ᠤ ᠳᠤᠷᠠᠰᠢᠯ ᠢ ᠰᠠᠶᠢᠵᠢᠷᠠᠭᠤᠯᠵᠤ᠂ ᠮᠡᠳᠡᠷᠡᠯ ᠢ ᠰᠢᠮᠡᠵᠢᠭᠦᠯᠦᠨ᠂ ᠪᠤᠯᠴᠢᠩ ᠤᠨ ᠴᠢᠳᠠᠪᠬᠢ ᠶᠢ ᠰᠠᠶᠢᠵᠢᠷᠠᠭᠤᠯᠬᠤ ᠵᠡᠷᠭᠡ ᠦᠢᠯᠡᠳᠦᠯ ᠲᠠᠢ ᠪᠠᠶᠢᠳᠠᠭ᠃ ᠬᠤᠭᠤᠯᠠᠨ ᠤ ᠳᠤᠷᠠᠰᠢᠯ ᠮᠠᠭᠤᠳᠠᠬᠤ᠂ ᠰᠢᠩᠭᠡᠭᠡᠯᠳᠡ ᠮᠠᠭᠤᠳᠠᠬᠤ ᠪᠤᠶᠤ ᠳᠤᠭᠤᠷᠢᠨ ᠤ ᠮᠡᠳᠡᠷᠡᠯ ᠦᠷᠪᠢᠰᠦᠯᠯᠡᠬᠦ ᠵᠡᠷᠭᠡ ᠪᠤᠯ ᠨᠠᠰᠤᠳᠠᠶᠢᠴᠤᠳ ᠲᠤ ᠦᠷᠭᠦᠯᠵᠢ ᠢᠯᠡᠷᠡᠳᠡᠭ ᠡᠪᠡᠳᠴᠢᠨ ᠤ ᠢᠯᠡᠷᠡᠯ ᠪᠤᠯᠤᠨ᠎ᠠ᠂ ᠸᠢᠲ᠋ᠠᠮᠢᠨ B1᠎ ᠶᠢ ᠨᠦᠬᠦᠬᠦ ᠨᠢ ᠡᠳᠡᠭᠡᠷ ᠢᠯᠡᠷᠡᠯ ᠢ ᠨᠠᠮᠳᠠᠭᠤᠯᠬᠤ ᠳᠤ ᠴᠢᠬᠤᠯᠠ ᠦᠢᠯᠡᠳᠦᠯ ᠦᠵᠡᠭᠦᠯᠳᠡᠭ᠃ ᠸᠢᠲ᠋ᠠᠮᠢᠨ B1᠎ ᠨᠢ ᠨᠠᠷᠢᠮᠤ ᠶᠢᠨ ᠵᠦᠢᠯ᠂ ᠪᠤᠭᠤᠳᠠᠢ᠂ ᠰᠢᠷ᠎ᠠ ᠪᠤᠷᠴᠠᠭ ᠵᠡᠷᠭᠡ ᠪᠦᠲᠦᠭᠦᠯᠢᠭ ᠪᠤᠯᠪᠠᠰᠤᠷᠠᠭᠤᠯᠤᠭᠰᠠᠨ ᠢᠳᠡᠭᠡᠨ ᠤ ᠵᠦᠢᠯ ᠳᠤ ᠡᠯᠪᠡᠭ ᠠᠭᠤᠯᠤᠭᠳᠠᠳᠠᠭ᠃ ᠸᠢᠲ᠋ᠠᠮᠢᠨ B1 ᠨᠦᠬᠦᠬᠦ ᠦᠷᠡᠯ ᠤᠤᠭᠤᠪᠠᠯ᠂ 10 ᠮᠢᠯᠢᠭᠷᠡᠮ ᠤᠨ ᠠᠭᠤᠯᠤᠭᠳᠠᠴᠠ ᠲᠠᠢ ᠦᠷᠡᠯ ᠢ 2 ᠰᠢᠷᠭᠡᠭ ᠢᠶᠠᠷ ᠡᠳᠤᠷ ᠲᠤ 3 ᠤᠳᠠᠭ᠎ᠠ ᠪᠠᠷ ᠦᠷᠭᠦᠯᠵᠢ ᠤᠤᠭᠤᠬᠤ ᠪᠤᠶᠤ ᠳᠠᠰᠤᠯᠳᠠᠭᠤᠯᠤᠨ ᠤᠤᠭᠤᠵᠤ ᠪᠤᠯᠤᠨ᠎ᠠ᠃       ᠸᠢᠲ᠋ᠠᠮᠢᠨ E᠎ ᠶᠢ ᠪᠠᠰᠠ ︽ᠪᠤᠶᠢᠵᠢᠯᠳᠠ ᠶᠢᠨ ᠹᠧᠨᠤᠯ︾ ᠭᠡᠳᠡᠭ᠃ ᠳᠡᠷᠡ ᠨᠢ ᠴᠢᠯᠦᠭᠡᠳᠦ ᠪᠦᠯᠦᠭ ᠢ ᠠᠷᠢᠯᠭᠠᠬᠤ᠂ ᠢᠰᠦᠯᠳᠦᠬᠦ ᠶᠢ ᠡᠰᠡᠷᠭᠦᠴᠡᠬᠦ᠂ ᠪᠡᠶ᠎ᠡ ᠳᠠᠬᠢ ︽ᠭᠡᠳᠦ ᠢᠰᠦᠯᠳᠦᠭᠰᠡᠨ ᠦᠭᠡᠬᠦᠯᠢᠭ︾᠎ ᠢ ᠴᠡᠪᠡᠷᠯᠡᠬᠦ ᠵᠡᠷᠭᠡ ᠦᠢᠯᠡᠳᠦᠯ ᠲᠠᠢ ᠪᠠᠶᠢᠵᠤ᠂ ᠪᠡᠶ᠎ᠡ ᠮᠠᠬᠠᠪᠤᠳ ᠤᠨ ᠦᠳᠡᠯᠬᠦ ᠶᠢ ᠤᠳᠠᠭᠠᠰᠢᠷᠠᠭᠤᠯᠳᠠᠭ᠃ ᠳᠡᠶᠢᠮᠦ ᠠᠴᠠ ᠸᠢᠲ᠋ᠠᠮᠢᠨ E ᠨᠦᠬᠦᠪᠦᠷᠢᠯᠡᠬᠦ ᠨᠢ ᠨᠠᠰᠤᠳᠠᠶᠢᠴᠤᠳ ᠲᠤ ᠠᠪᠴᠤ ᠬᠡᠯᠡᠪᠡᠯ ᠳᠤᠩ ᠴᠢᠬᠤᠯᠠ᠃ ᠢᠳᠡᠭᠡᠨ ᠤᠮᠳᠠᠭᠠᠨ ︵ᠨᠤᠭᠤᠭᠠᠨ ᠦᠩᠭᠡᠳᠦ ᠤᠷᠭᠤᠮᠠᠯ᠂ ᠤᠨᠴᠠᠭᠠᠢᠢᠯᠠᠨ ᠪᠠᠶᠢᠭᠠᠯᠢ ᠶᠢᠨ ᠤᠷᠭᠤᠮᠠᠯ ᠤᠨ ᠳᠤᠰᠤ︶᠎ ᠠᠴᠠ ᠰᠢᠩᠭᠡᠭᠡᠨ ᠠᠪᠬᠤ ᠠᠴᠠ ᠭᠠᠳᠠᠨ᠎ᠠ᠂ ᠸᠢᠲ᠋ᠠᠮᠢᠨ E᠎ ᠶᠢᠨ ᠬᠤᠮᠵᠢᠶ᠎ᠠ ᠦᠷᠡᠯ ᠢ ᠡᠳᠦᠷ ᠲᠤ 400 ᠮᠢᠯᠢᠭᠷᠡᠮ ᠠᠴᠠ ᠢᠯᠡᠭᠦᠦ ᠬᠡᠮᠵᠢᠶ᠎ᠠ ᠪᠠᠷ ᠤᠤᠭᠤᠨ᠎ᠠ᠃      ᠸᠢᠲ᠋ᠠᠮᠢᠨ C᠎ ᠶᠢ ᠪᠠᠰᠠ ︽ᠴᠢᠰᠦ ᠦᠵᠢᠷᠡᠬᠦ ᠶᠢ ᠡᠰᠡᠷᠭᠦᠴᠡᠬᠦ ᠬᠦᠴᠢᠯ︾ ᠭᠡᠳᠡᠭ᠃ ᠨᠠᠰᠤᠳᠠᠶᠢᠴᠤᠳ ᠲᠤ ᠠᠪᠴᠤ ᠬᠡᠯᠡᠪᠡᠯ᠂ ᠸᠢᠲ᠋ᠠᠮᠢᠨ C ᠤᠤᠭᠤᠬᠤ ᠪᠠᠷ ᠳᠠᠮᠵᠢᠭᠤᠯᠤᠨ ᠡᠯ᠎ᠠ ᠵᠦᠢᠯ ᠤᠨ ᠬᠠᠯᠳᠠᠪᠤᠷᠢᠯᠠᠯ ᠢ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠬᠦ ᠪᠤᠯ ᠳᠤᠩ ᠴᠢᠬᠤᠯᠠᠳᠠᠢ ᠶᠠᠪᠤᠳᠠᠯ ᠪᠤᠯᠤᠨ᠎ᠠ᠃ ᠡᠭᠦᠨ ᠤ ᠬᠠᠮᠳᠤ᠂ ᠴᠢᠰᠦᠨ ᠰᠤᠳᠠᠯ᠂ ᠤᠨᠴᠠᠭᠠᠢᠢᠯᠠᠨ ᠪᠦᠬᠦ ᠪᠡᠶ᠎ᠡ ᠶᠢᠨ ᠬᠢᠯᠭᠠᠰᠤᠨ ᠰᠤᠳᠠᠯ ᠤᠨ ᠡᠷᠡᠭᠦᠯ ᠪᠦᠲᠦᠨ ᠪᠠᠶᠢᠬᠤ ᠶᠢ ᠪᠠᠳᠤᠯᠠᠵᠤ᠂ ᠴᠢᠰᠦ ᠭᠠᠷᠬᠤ ᠶᠢ ᠰᠡᠷᠭᠡᠶᠢᠯᠡᠬᠦ ᠪᠤᠯ ᠨᠠᠰᠤᠳᠠᠶᠢᠴᠤᠳ ᠲᠤ ᠤᠨᠴᠠᠭᠠᠢ ᠠᠴᠢ ᠬᠤᠯᠪᠤᠭᠳᠠᠯ ᠲᠠᠢ ᠶᠤᠮ᠃ ᠸᠢᠲ᠋ᠠᠮᠢᠨ C ᠪᠠᠰᠠ ᠪᠡᠶ᠎ᠡ ᠮᠠᠬᠠᠪᠤᠳ ᠤᠨ ᠬᠠᠯᠳᠠᠪᠤᠷᠢᠳᠤ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ᠂ ᠰᠢᠷᠬᠠᠨ ᠤ ᠡᠳᠡᠭᠡᠷᠡᠯᠳᠡ ᠶᠢ ᠳᠦᠷᠭᠡᠳᠭᠡᠬᠦ᠂ ᠬᠤᠯᠪᠤᠬᠤ ᠨᠡᠭᠡᠳᠡᠰᠦ ᠶᠢᠨ ᠪᠦᠷᠢᠯᠳᠦᠬᠦ ᠶᠢ ᠠᠬᠢᠭᠤᠯᠬᠤ ᠵᠡᠷᠭᠡ ᠦᠢᠯᠡᠳᠦᠯ ᠲᠠᠢ ᠪᠠᠶᠢᠳᠠᠭ᠃ ᠢᠳᠡᠭᠡᠨ ᠤᠮᠳᠠᠭᠠᠨ ︵ᠰᠢᠨ᠎ᠠ ᠰᠤᠷᠭᠤᠭ ᠨᠤᠭᠤᠭ᠎ᠠ ᠵᠢᠮᠢᠰ︶᠎ ᠢᠶᠠᠷ ᠨᠦᠬᠦᠬᠦ ᠠᠴᠠ ᠭᠠᠳᠠᠨ᠎ᠠ ᠸᠢᠲ᠋ᠠᠮᠢᠨ C᠎ ᠶᠢᠨ ᠦᠷᠡᠯ ᠢ ᠤᠤᠭᠤᠵᠤ ᠪᠤᠯᠤᠨ᠎ᠠ᠃ 
ᠨᠠᠶᠢᠷᠠᠭᠤᠯᠤᠭᠴᠢ᠄
ᠴᠡᠯᠮᠡᠭ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号