ᠠᠩᠬᠠᠳᠤᠭᠠᠷ ᠬᠤᠭᠤᠴᠠᠭᠠᠨ ᠤ ᠮᠤᠩᠭᠤᠯ ᠦᠨᠳᠤᠰᠤᠳᠡᠨ ᠤ ᠬᠤᠪᠴᠡᠰᠦ ᠡᠮᠤᠰᠬᠡᠯᠪᠠ ᠮᠠᠯᠠᠭᠠᠢ ᠶᠢᠨ ᠵᠠᠰᠠᠯ ᠵᠢᠷᠤᠵᠦ ᠲᠦᠯᠦᠪᠯᠡᠬᠦ ᠤᠷᠤᠯᠳᠤᠭᠠᠨ ᠤ ᠠᠯᠪᠠᠨ ᠵᠠᠷ
2018-06-04 15:46:50
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
    ᠮᠤᠩᠭᠤᠯ ᠦᠨᠳᠤᠰᠤᠳᠡᠨ ᠤ ᠬᠤᠪᠴᠡᠰᠦ ᠵᠠᠰᠠᠯ ᠤᠨ ᠰᠤᠶᠤᠯ            ᠮᠠᠩᠨᠤᠭ ᠲᠠᠯ᠎ᠠ ᠳᠠᠭᠠᠨ ᠲᠡᠯᠭᠡᠷᠡᠭᠰᠡᠨ ᠵᠤᠯᠭᠠᠷᠠᠰᠢ ᠦᠭᠡᠢ ᠦᠵᠠᠮᠵᠢ    ᠠᠭᠤᠳᠠᠮ ᠰᠠᠷᠠᠭᠤᠯ ᠲᠠᠯ᠎ᠠ ᠨᠤᠳᠤᠭ ᠢᠶᠠᠨ                ᠰᠢᠯᠦᠭ ᠢᠶᠠᠷ ᠴᠢᠮᠡᠵᠦ                ᠲᠠᠭᠤᠤ ᠪᠠᠷ ᠤᠯᠠᠮᠵᠢᠯᠠᠨ᠎ᠠ                        ᠁ ᠁    ᠲᠤᠰ ᠤᠳᠠᠭ᠎ᠠ ᠶᠢᠨ ᠠᠵᠢᠯᠯᠠᠭ᠎ᠠ ᠪᠤᠯ ᠦᠨᠳᠤᠰᠤᠳᠡᠨ ᠤ ᠰᠢᠯᠢᠳᠡᠭ ᠤᠯᠠᠮᠵᠢᠯᠠᠯᠳᠦ ᠰᠤᠶᠤᠯ ᠢ ᠬᠠᠮᠠᠭᠠᠯᠠᠨ ᠤᠯᠠᠮᠵᠢᠯᠠᠨ᠂ ᠮᠤᠩᠭᠤᠯ ᠦᠨᠳᠤᠰᠤᠳᠡᠨ ᠤ ᠦᠨᠳᠤᠰᠤᠳᠡᠨ ᠤ ᠰᠤᠶᠤᠯ ᠤᠨ ᠬᠠᠮᠤᠭ ᠤᠨ ᠢᠯᠡ ᠲᠤᠳᠦ ᠡᠯᠧᠮᠧᠨ᠋ᠲ ᠪᠤᠯᠬᠤ ᠬᠤᠪᠴᠡᠰᠦ ᠡᠮᠦᠰᠭᠡᠯ ᠢ ᠲᠤᠪᠤᠶᠢᠮ᠎ᠠ ᠢᠯᠡᠷᠡᠬᠦᠯᠵᠦ᠂ ᠮᠤᠩᠭᠤᠯ ᠬᠤᠪᠴᠡᠰᠦ ᠵᠠᠰᠠᠯ ᠢ ᠵᠢᠷᠤᠵᠤ ᠲᠦᠯᠦᠪᠯᠡᠬᠦ᠂ ᠤᠶᠤᠵᠦ ᠤᠢᠢᠯᠡᠳᠪᠦᠷᠢᠯᠡᠬᠦ ᠪᠠ ᠡᠳ᠋ᠯᠡᠵᠦ ᠬᠡᠷᠡᠭᠯᠡᠬᠦ ᠳᠤ ᠬᠦᠳᠤᠯᠤᠮᠵᠢ ᠬᠠᠩᠭᠠᠬᠤ ᠪᠠᠷ ᠲᠠᠮᠵᠢᠭᠤᠯᠤᠨ᠂ ᠮᠤᠩᠭᠤᠯ ᠬᠤᠪᠴᠡᠰᠦ ᠵᠠᠰᠠᠯ ᠢᠶᠠᠷ ᠭᠤᠶᠤᠯᠠᠬᠤ ᠵᠢᠴᠢ ᠲᠠᠶᠠᠭᠠᠷᠴᠢᠯᠠᠯᠳᠠ ᠶᠢ ᠴᠢᠨᠠᠬᠰᠢᠳᠠ ᠲᠦᠯᠬᠢᠨ ᠠᠬᠢᠭᠤᠯᠵᠦ᠂ ᠡᠭᠡ ᠤᠯᠤᠰ ᠤᠨ ᠤᠮᠠᠷᠡᠳᠦ ᠬᠢᠯᠢ ᠶᠢᠨ ᠦᠵᠡᠰᠬᠦᠯᠡᠩᠳᠦ ᠰᠠᠶᠢᠬᠠᠨ ᠦᠵᠠᠮᠵᠢ ᠶᠢᠨ ᠤᠷᠤᠨ ᠢ ᠴᠤᠬᠴᠠᠯᠠᠨ᠂ ᠦᠨᠳᠤᠰᠤᠳᠡᠨ ᠤ ᠰᠤᠶᠤᠯ ᠤᠨ ᠬᠦᠴᠦᠷᠭᠡᠭ ᠤᠷᠤᠨ ᠢ ᠪᠠᠶᠢᠭᠤᠯᠵᠦ᠂ ᠦᠵᠡᠰᠬᠦᠯᠡᠩᠳᠦ ᠰᠠᠶᠢᠬᠠᠨ ᠦᠪᠤᠷ ᠮᠤᠩᠭᠤᠯ ᠢᠶᠠᠨ ᠪᠦᠳᠦᠭᠡᠨ ᠪᠠᠶᠢᠭᠤᠯᠵᠦ᠂ ᠠᠭᠤᠤ ᠶᠡᠭᠡ ᠲᠤᠮᠳᠡᠳᠦ ᠶᠢᠨ ᠵᠡᠬᠦᠳᠦ ᠪᠠᠨ ᠬᠠᠮᠳᠤᠪᠡᠷ ᠲᠡᠷᠭᠡᠯᠰᠢᠬᠦᠯᠬᠦ ᠳᠤ ᠬᠤᠪᠢ ᠨᠠᠮᠠᠷᠢ ᠨᠠᠮᠠᠷᠢᠯᠡᠬᠦ ᠪᠤᠯᠤᠨ᠎ᠠ᠃    ᠨᠢᠭᠡ᠂ ᠤᠷᠤᠯᠳᠤᠭᠠᠨ ᠤ ᠭᠤᠤᠯ ᠰᠡᠳᠤᠪ    ᠰᠢᠨ᠎ᠠ ᠴᠠᠭ ᠦᠶ᠎ᠠ᠂ ᠰᠢᠨ᠎ᠠ ᠤᠷᠤᠰᠬᠠᠯ᠂ ᠰᠢᠨ᠎ᠠ ᠠᠮᠢᠳᠤᠷᠡᠯ    ᠬᠤᠶᠡᠷ᠂ ᠤᠷᠤᠯᠳᠤᠭᠠᠨ ᠤ ᠴᠠᠭ ᠬᠤᠭᠤᠴᠠᠭ᠎ᠠ    2018 ᠤᠨ ᠤ 6 ᠰᠠᠷ᠎ᠠ ᠶᠢᠨ 1᠎ ᠤ ᠡᠳᠤᠷ — 8 ᠰᠠᠷ᠎ᠠ ᠶᠢᠨ 5᠎ ᠤ ᠡᠳᠤᠷ    ᠭᠤᠷᠪᠡ᠂ ᠵᠤᠬᠢᠶᠠᠨ ᠪᠠᠶᠢᠭᠤᠯᠬᠤ ᠪᠠᠶᠢᠭᠤᠯᠤᠮᠵᠢ    ︵ᠨᠢᠭᠡ︶ ᠭᠤᠤᠯᠯᠠᠨ ᠡᠷᠬᠢᠯᠡᠬᠦ ᠨᠢᠭᠡᠴᠠ    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ᠂ ᠦᠪᠡᠷᠳᠡᠬᠡᠨ ᠵᠠᠰᠠᠬᠤ ᠤᠷᠤᠨ ᠤ ᠵᠤᠭᠠᠴᠠᠯ ᠤᠨ ᠬᠦᠭᠵᠢᠬᠦᠯᠤᠯᠳᠠ ᠶᠢᠨ ᠵᠦᠪᠯᠠᠯ    ︵ᠬᠤᠶᠡᠷ︶ ᠲᠠᠭᠠᠭᠠᠴᠢᠯᠡᠨ ᠡᠷᠬᠢᠯᠡᠬᠦ ᠨᠢᠭᠡᠴᠠ    ᠦᠪᠤᠷ ᠮᠤᠩᠭᠤᠯ ᠤᠨ ᠡᠳᠤᠷ ᠤᠨ ᠰᠤᠨᠢᠨ ᠤ ᠬᠤᠷᠢᠶ᠎ᠠ᠂ ᠦᠪᠤᠷ ᠮᠤᠩᠭᠤᠯ ᠤᠨ ᠰᠤᠶᠤᠯ ᠤᠨ ᠠᠵᠦ ᠤᠢᠢᠯᠡᠰ ᠤᠨ ᠬᠦᠭᠵᠢᠬᠦᠯᠤᠯᠳᠠ ᠶᠢ ᠠᠬᠢᠭᠤᠯᠬᠤ ᠨᠡᠶᠢᠭᠡᠮᠯᠢᠭ᠂ ᠦᠪᠤᠷ ᠮᠤᠩᠭᠤᠯ ᠤᠨ ᠦᠨᠳᠤᠰᠤᠳᠡᠨ ᠤ ᠬᠤᠪᠴᠡᠰᠦ ᠵᠠᠰᠠᠯ ᠤᠨ ᠨᠡᠶᠢᠭᠡᠮᠯᠢᠭ    ︵ᠭᠤᠷᠪᠡ︶ ᠬᠠᠮᠵᠢᠨ ᠡᠷᠬᠢᠯᠡᠬᠦ ᠨᠢᠭᠡᠴᠠ    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠠ ᠶᠢᠨ ᠮᠡᠳᠡᠭᠡ ᠵᠠᠩᠬᠢ ᠶᠢᠨ ᠠᠯᠪᠠᠨ ᠭᠡᠷ᠂ ᠦᠪᠡᠷᠳᠡᠬᠡᠨ ᠵᠠᠰᠠᠬᠤ ᠤᠷᠤᠨ ᠤ ᠦᠨᠳᠤᠰᠤᠳᠡᠨ ᠤ ᠬᠡᠷᠡᠭ ᠡᠷᠬᠢᠯᠡᠬᠦ ᠵᠦᠪᠯᠡᠯ᠂ ᠦᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠦᠪᠤᠷ ᠮᠤᠩᠭᠤᠯ ᠤᠨ ᠷᠡᠳᠢᠣ᠋ ᠲᠧᠯᠸᠢᠰ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠠᠩ᠂ ᠦᠪᠤᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠤᠷ ᠮᠤᠩᠭᠤᠯ ᠤᠨ ᠤᠷᠠᠯᠢᠭ ᠤᠨ ᠲᠡᠭᠡᠳᠦ ᠰᠤᠷᠭᠠᠭᠤᠯᠢ᠂ ᠦᠪᠤᠷ ᠮᠤᠩᠭᠤᠯ ᠤᠨ ᠦᠨᠳᠤᠰᠤᠳᠡᠨ ᠤ ᠤᠷᠠᠯᠢᠭ ᠵᠦᠴᠦᠭᠡ ᠶᠢᠨ ᠬᠦᠷᠢᠶᠡᠯᠠᠩ    ᠲᠦᠷᠪᠡ᠂ ᠤᠷᠤᠯᠳᠤᠭᠠᠨ ᠳᠤ ᠤᠷᠤᠯᠴᠠᠬᠤ ᠪᠦᠳᠦᠭᠡᠯ ᠤᠨ ᠲᠦᠷᠦᠯ    ︵ᠨᠢᠭᠡ︶ ᠬᠤᠪᠴᠡᠰᠦ ᠡᠮᠤᠰᠬᠡᠯ    1. ᠰᠢᠨ᠎ᠠ ᠤᠷᠤᠰᠬᠠᠯ ᠤᠨ ᠬᠤᠪᠴᠠᠰᠤ     2 . ᠬᠤᠷᠢᠮ ᠤᠨ ᠬᠤᠪᠴᠠᠰᠤ    3 . ᠲᠤᠬᠠᠶᠢᠯᠠᠬᠰᠠᠨ ᠠᠵᠢᠯ ᠤᠨ ᠬᠤᠪᠴᠡᠰᠦ    4 . ᠶᠤᠰᠤᠯᠠᠯ ᠤᠨ ᠬᠤᠪᠴᠡᠰᠦ    5 . ᠲᠠᠮᠢᠷ ᠤᠨ ᠬᠤᠪᠴᠡᠰᠦ    ︵ᠬᠤᠶᠡᠷ︶ ᠮᠠᠯᠠᠭᠠᠢ ᠶᠢᠨ ᠵᠠᠰᠠᠯ    ᠮᠤᠩᠭᠤᠯ ᠦᠨᠳᠦᠰᠦᠳᠡᠨ ᠤ ᠡᠷᠡᠭᠳᠡᠶ ᠶᠢᠨ ᠮᠠᠯᠠᠭᠠᠢ ᠶᠢᠨ ᠵᠠᠰᠠᠯ    ᠲᠠᠪᠤ᠂ ᠤᠷᠤᠯᠳᠤᠭᠠᠨ ᠳᠤ ᠤᠷᠤᠯᠴᠠᠬᠤ ᠡᠳᠡᠭᠡᠳ ᠬᠢᠭᠡᠳ ᠱᠠᠭᠠᠷᠳᠠᠯᠭ᠎ᠠ    ︵ᠨᠢᠭᠡ︶ ᠤᠷᠤᠯᠳᠤᠭᠠᠨ ᠳᠤ ᠤᠷᠤᠯᠴᠠᠬᠤ ᠡᠳᠡᠭᠡᠳ    ᠬᠤᠪᠴᠡᠰᠦ ᠵᠠᠰᠠᠯ ᠤᠨ ᠵᠢᠷᠤᠵᠦ ᠲᠦᠯᠦᠪᠯᠡᠬᠦ ᠠᠵᠢᠯ ᠲᠦᠷᠦᠯ᠂ ᠤᠷᠡᠨ ᠵᠢᠷᠤᠭ ᠤᠨ ᠠᠵᠢᠯ ᠲᠦᠷᠦᠯ ᠪᠤᠶᠤ ᠬᠤᠪᠴᠡᠰᠦ ᠵᠠᠰᠠᠯ ᠤᠨ ᠪᠦᠳᠦᠭᠡᠭᠳᠡᠬᠦᠨ ᠤ ᠬᠠᠮᠢᠶ᠎ᠠ ᠪᠦᠬᠦᠢ ᠰᠤᠳᠤᠯᠤᠨ ᠨᠡᠭᠡᠭᠡᠬᠦ ᠪᠠᠶᠢᠭᠤᠯᠤᠮᠵᠢ᠂ ᠶᠡᠭᠡ ᠲᠡᠭᠡᠳᠦ ᠰᠤᠷᠭᠠᠭᠤᠯᠢ᠂ ᠨᠠᠷᠡᠳᠦ ᠠᠵᠦ ᠠᠬᠤᠢᠢᠯᠠᠯ᠂ ᠵᠢᠷᠤᠵᠦ ᠲᠦᠯᠦᠪᠯᠡᠬᠦ ᠺᠤᠮᠫᠠᠨᠢ᠂ ᠬᠤᠪᠴᠡᠰᠦ ᠵᠠᠰᠠᠯ ᠤᠢᠢᠯᠡᠳᠪᠦᠷᠢᠯᠡᠬᠦ ᠤᠢᠢᠯᠡᠳᠪᠦᠷᠢ ᠬᠤᠳᠠᠯᠳᠤᠭ᠎ᠠ ᠵᠢᠴᠢ ᠬᠤᠪᠴᠡᠰᠦ ᠵᠠᠰᠠᠯ ᠤᠨ ᠵᠢᠷᠤᠵᠦ ᠲᠦᠯᠦᠪᠯᠡᠬᠦ ᠲᠤᠰᠬᠠᠢ ᠠᠵᠢᠯ ᠮᠡᠷᠭᠡᠵᠢᠯ ᠪᠤᠯᠤᠨ ᠠᠵᠢᠯ ᠤᠨ ᠴᠢᠯᠦᠭᠡᠨ ᠤ ᠲᠤᠷ᠎ᠠ ᠪᠠᠭ᠋ᠠᠳᠤᠳ ᠪᠦᠷ ᠬᠠᠮᠳᠦ ᠨᠢᠭᠡᠴᠠ ᠪᠤᠶᠤ ᠬᠤᠪᠢ ᠬᠦᠮᠦᠨ ᠤ ᠨᠡᠷ᠎ᠡ ᠪᠠᠷ ᠤᠷᠤᠯᠳᠤᠭᠠᠨ ᠳᠤ ᠤᠷᠤᠯᠴᠠᠵᠦ ᠪᠤᠯᠤᠨ᠎ᠠ᠃ ᠤᠯᠤᠰ ᠤᠨ ᠲᠤᠳᠤᠭᠠᠳᠦ ᠭᠠᠳᠠᠭᠠᠳᠦ᠂ ᠨᠡᠶᠢᠭᠡᠮ ᠤᠨ ᠬᠦᠴᠤᠨ ᠬᠢᠭᠡᠳ ᠶᠡᠭᠡ ᠲᠡᠭᠡᠳᠦ ᠰᠤᠷᠭᠠᠭᠤᠯᠢ ᠳᠤ ᠰᠤᠷᠤᠯᠴᠠᠵᠦ ᠪᠠᠶᠢᠭ᠎ᠠ ᠰᠤᠷᠤᠬᠴᠢᠳ ᠦᠷᠭᠡᠨ ᠢᠶᠠᠷ ᠤᠷᠤᠯᠴᠠᠬᠤ ᠶᠢ ᠤᠷᠮᠠᠰᠢᠭᠤᠯᠤᠨ᠎ᠠ᠃    ︵ᠬᠤᠶᠡᠷ︶ ᠤᠷᠤᠯᠳᠤᠭᠠᠨ ᠳᠤ ᠤᠷᠤᠯᠴᠠᠬᠤ ᠪᠦᠳᠦᠭᠡᠯ ᠤᠨ ᠱᠠᠭᠠᠷᠳᠠᠯᠭ᠎ᠠ    1. ᠬᠤᠪᠴᠡᠰᠦ ᠡᠮᠤᠰᠬᠡᠯ    ︵1︶ ᠲᠦᠷᠤᠯ ᠪᠦᠷᠢ ᠶᠢᠨ ᠤᠷᠤᠯᠳᠤᠭᠠᠨ ᠳᠤ ᠤᠷᠤᠯᠴᠠᠬᠤ ᠬᠤᠪᠴᠡᠰᠤᠨ ᠤ ᠲᠤᠭ᠎ᠠ 3 — 4 ᠵᠠᠬ᠎ᠠ᠂ ᠤᠷᠤᠯᠳᠤᠭᠠᠨ ᠳᠤ ᠤᠷᠤᠯᠴᠠᠬᠴᠢ ᠨᠢᠭᠡᠪᠦᠷᠢ ᠶᠢᠨ ᠤᠷᠤᠯᠳᠤᠭᠠᠨ ᠳᠤ ᠪᠡᠯᠡᠳᠬᠡᠬᠦ ᠬᠤᠪᠴᠡᠰᠦ 6 ᠵᠠᠬ᠎ᠠ ᠠᠴᠠ ᠪᠠᠭ᠎ᠠ ᠪᠠᠶᠢᠵᠦ ᠪᠤᠯᠬᠤ ᠦᠭᠡᠢ᠂ ᠬᠤᠪᠴᠡᠰᠦᠨ ᠳᠤ ᠡᠷᠡᠭᠳᠡᠢ᠂ ᠡᠮᠡᠭᠳᠡᠢ ᠬᠡᠵᠦ ᠢᠯᠭᠠᠬᠤ ᠦᠭᠡᠢ ᠪᠦᠭᠡᠳ ᠡᠷᠡᠭᠳᠡᠢ ᠡᠮᠡᠭᠳᠡᠢ ᠶᠢᠨ ᠬᠤᠪᠴᠡᠰᠦ ᠶᠢ ᠵᠤᠬᠢᠴᠠᠯᠳᠤᠭᠤᠯᠤᠨ ᠡᠮᠤᠰᠴᠦ ᠨᠢᠭᠡ ᠲᠦᠷᠤᠯ ᠪᠤᠯᠭᠠᠵᠦ ᠪᠤᠯᠤᠨ᠎ᠠ᠃ ᠡᠬᠦᠨ ᠳᠤ᠂ ᠪᠦᠬᠦᠯᠢ ᠴᠤᠬᠴᠠ ᠶᠢᠨ ᠲᠦᠷᠦᠭᠳᠡᠯ ᠤᠯᠭᠤᠬᠤ ᠮᠦᠷᠳᠡᠭᠡᠨ ᠤᠷᠤᠯᠳᠤᠭᠠᠨ ᠤ ᠵᠢᠷᠤᠵᠦ ᠲᠦᠯᠤᠪᠯᠡᠬᠦ ᠭᠤᠤᠯ ᠰᠡᠳᠤᠪ ᠬᠢᠭᠡᠳ ᠶᠡᠷᠦᠩᠬᠡᠢ ᠵᠤᠷᠢᠯᠳᠠ ᠲᠠᠢ ᠨᠠᠶᠢᠴᠠᠬᠦ ᠬᠡᠷᠡᠭᠳᠡᠢ᠃    ︵2︶ ᠤᠷᠤᠯᠳᠤᠭᠠᠨ ᠳᠤ ᠤᠷᠤᠯᠴᠠᠬᠤ ᠪᠦᠳᠦᠭᠡᠯ ᠢ ᠦᠪᠡᠷ ᠢᠶᠠᠨ ᠡᠬᠦᠳᠤᠨ ᠵᠤᠬᠢᠶᠠᠬᠰᠡᠨ ᠤᠤᠭᠠᠯ ᠪᠦᠳᠦᠭᠡᠯ ᠪᠠᠶᠢᠬᠤ ᠶᠢ ᠴᠢᠬᠤᠯᠠᠴᠢᠯᠠᠨ᠂ ᠪᠦᠳᠦᠭᠡᠯᠴᠢ ᠬᠢᠭᠡᠳ ᠬᠡᠷᠡᠭᠯᠡᠭᠡ ᠶᠢ ᠤᠶᠠᠯᠳᠤᠭᠤᠯᠬᠤ ᠶᠢ ᠴᠢᠬᠤᠯᠠᠴᠢᠯᠠᠨ᠎ᠠ᠃    ︵3︶ ᠤᠷᠤᠯᠳᠤᠭᠠᠨ ᠳᠤ ᠤᠷᠤᠯᠴᠠᠬᠤ ᠪᠦᠳᠦᠭᠡᠯ ᠤᠨ ᠵᠢᠷᠤᠵᠦ ᠲᠦᠯᠦᠪᠯᠡᠬᠦ ᠠᠷᠭ᠎ᠠ ᠪᠠᠷᠢᠯ᠂ ᠤᠶᠤᠵᠦ ᠤᠷᠠᠯᠠᠬᠤ ᠭᠠᠷ ᠤᠷᠠᠯᠠᠯ᠂ ᠬᠡᠷᠡᠭᠯᠡᠬᠦ ᠡᠳ᠋ ᠪᠠᠷᠠᠭ᠎ᠠ᠂ ᠲᠠᠭᠠᠯᠳᠠ ᠵᠠᠰᠠᠯ ᠢ ᠬᠢᠵᠠᠭᠠᠷᠯᠠᠬᠤ ᠦᠭᠡᠢ ᠪᠠᠶᠢᠵᠦ᠂ ᠶᠡᠷᠦᠩᠬᠡᠢ ᠴᠤᠬᠴᠠ ᠶᠢᠨ ᠵᠤᠬᠢᠴᠠᠯᠳᠤᠬᠤ ᠶᠢ ᠴᠢᠬᠤᠯᠠᠴᠢᠯᠠᠨ᠎ᠠ᠃ ᠡᠬᠦᠨ ᠳᠤ᠂ ᠲᠠᠭᠠᠯᠳᠠ ᠵᠠᠰᠠᠯ ᠳᠤ ᠮᠠᠯᠠᠭᠠᠢ᠂ ᠱᠠᠬᠠᠢ᠂ ᠪᠦᠰᠠ᠂ ᠬᠠᠪᠳᠠᠭ᠎ᠠ ᠵᠡᠷᠭᠡ ᠪᠦᠷ ᠪᠠᠭᠳᠠᠨ᠎ᠠ᠃    ︵4︶ ᠤᠷᠤᠯᠳᠤᠭᠠᠨ ᠳᠤ ᠤᠷᠤᠯᠴᠠᠬᠤ ᠪᠦᠳᠦᠭᠡᠯ ᠤᠨ ᠵᠢᠷᠤᠵᠦ ᠲᠦᠯᠦᠪᠯᠡᠬᠦ ᠤᠢᠢᠯᠠᠭᠠᠬᠳᠠᠬᠤᠨ᠂ ᠰᠤᠶᠤᠯ᠂ ᠡᠳ᠋ ᠪᠠᠷᠠᠭ᠎ᠠ᠂ ᠦᠡᠭᠭᠡ ᠪᠤᠳᠤᠭ᠂ ᠭᠠᠷ ᠤᠷᠠᠯᠠᠯ ᠵᠡᠷᠭᠡ ᠲᠠᠯ᠎ᠠ ᠪᠠᠷ ᠤᠷᠠᠯᠢᠬᠵᠢᠭᠤᠯᠤᠨ ᠵᠤᠬᠢᠶᠠᠨ ᠪᠦᠳᠦᠬᠡᠬᠦ ᠶᠢ ᠴᠢᠬᠤᠯᠡᠴᠢᠯᠡᠨ᠂ ᠮᠤᠩᠭᠤᠯ ᠬᠤᠪᠴᠡᠰᠦ ᠵᠠᠰᠠᠯ ᠢ ᠤᠨᠴᠠᠭᠠᠢ ᠬᠠᠷᠠᠭᠠᠰᠦ ᠠᠴᠠ ᠲᠠᠨᠢᠨ ᠤᠢᠢᠯᠠᠭᠠᠵᠦ᠂ ᠲᠠᠩ ᠴᠤᠯᠭᠤᠢ ᠡᠯᠧᠮᠧᠨ᠋ᠲ ᠤᠨ ᠬᠢᠵᠠᠭᠠᠷᠯᠠᠯ ᠠᠴᠠ ᠲᠠᠪᠠᠨ᠂ ᠬᠤᠪᠴᠡᠰᠦ ᠵᠠᠰᠠᠯ ᠤᠨ ᠡᠬᠦᠳᠤᠨ ᠪᠦᠳᠦᠭᠡᠯᠴᠢ ᠬᠢᠭᠡᠳ ᠤᠷᠡᠨ ᠰᠡᠳᠬᠢᠮᠵᠢ ᠶᠢ ᠤᠶᠠᠯᠳᠤᠭᠤᠯᠤᠨ ᠨᠢᠭᠡᠳᠭᠡᠬᠦ ᠶᠢ ᠱᠠᠭᠠᠷᠳᠠᠨ᠎ᠠ᠃    ︵5︶ ᠠᠳᠠᠯᠢ ᠨᠢᠭᠡᠨ ᠲᠦᠷᠤᠯ ᠤᠨ ᠤᠷᠤᠯᠳᠤᠭᠠᠨ ᠳᠤ ᠤᠷᠤᠯᠴᠠᠬᠤ ᠪᠦᠳᠤᠭᠡᠯ ᠤᠨ ᠵᠢᠷᠤᠵᠦ ᠲᠦᠯᠦᠪᠯᠡᠭᠴᠢ 2 ᠬᠦᠮᠤᠨ ᠠᠴᠠ ᠲᠠᠪᠠᠵᠦ ᠪᠤᠯᠬᠤ ᠦᠭᠡᠢ ᠮᠦᠷᠳᠡᠭᠡᠨ ᠡᠷᠭᠡᠪᠡᠰᠢ ᠭᠤᠤᠯ᠂ ᠲᠡᠳ᠋ ᠲᠦᠯᠦᠪᠯᠡᠭᠴᠢ ᠪᠠᠨ ᠲᠤᠬᠳᠠᠭᠠᠬᠤ ᠬᠡᠷᠡᠭᠳᠡᠢ᠃    2 . ᠮᠠᠯᠠᠭᠠᠢ ᠶᠢᠨ ᠵᠠᠰᠠᠯ    ︵1︶ ᠤᠷᠤᠯᠳᠤᠭᠠᠨ ᠳᠤ ᠤᠷᠤᠯᠴᠠᠬᠤ ᠪᠦᠳᠦᠭᠡᠯ ᠢ ᠮᠤᠩᠭᠤᠯ ᠦᠨᠳᠤᠰᠤᠳᠡᠨ ᠤ ᠡᠷᠡᠭᠳᠠᠢ ᠶᠢᠨ ᠮᠠᠯᠠᠭᠠᠢ ᠶᠢᠨ ᠵᠠᠰᠠᠯ ᠪᠠᠶᠢᠬᠤ ᠶᠢ ᠱᠠᠭᠠᠷᠳᠠᠨ᠎ᠠ᠃    ︵2︶ ᠤᠷᠤᠯᠴᠠᠬᠴᠢ ᠨᠢᠭᠡᠪᠦᠷᠢ ᠶᠢᠨ ᠤᠷᠤᠯᠳᠤᠭᠠᠨ ᠳᠤ ᠨᠠᠷ᠎ᠠ ᠮᠡᠳᠡᠬᠦᠯᠤᠨ ᠤᠷᠤᠯᠴᠠᠬᠤ ᠪᠦᠳᠦᠬᠡᠯ ᠤᠨ ᠲᠤᠭ᠎ᠠ 5 ᠲᠦᠷᠦᠯ ᠠᠴᠠ ᠪᠠᠭ᠎ᠠ ᠪᠠᠶᠢᠵᠦ ᠪᠤᠯᠬᠤ ᠦᠭᠡᠢ᠃    ︵3︶ ᠠᠳᠠᠯᠢ ᠨᠢᠭᠡᠨ ᠲᠦᠷᠦᠯ ᠤᠨ ᠤᠷᠤᠯᠳᠤᠭᠠᠨ ᠳᠤ ᠤᠷᠤᠯᠴᠠᠬᠤ ᠪᠦᠳᠤᠭᠡᠯ ᠤᠨ ᠵᠢᠷᠤᠵᠦ ᠲᠦᠯᠦᠪᠯᠡᠭᠴᠢ 2 ᠬᠦᠮᠤᠨ ᠠᠴᠠ ᠲᠠᠪᠠᠵᠦ ᠪᠤᠯᠬᠤ ᠦᠭᠡᠢ ᠮᠦᠷᠳᠡᠭᠡᠨ ᠡᠷᠭᠡᠪᠡᠰᠢ ᠭᠤᠤᠯ᠂ ᠲᠡᠳ᠋ ᠲᠦᠯᠦᠪᠯᠡᠭᠴᠢ ᠪᠠᠨ ᠲᠤᠬᠳᠠᠭᠠᠬᠤ ᠬᠡᠷᠡᠭᠳᠡᠢ᠃    ᠵᠢᠷᠭᠤᠭ᠎ᠠ᠂ ᠤᠷᠤᠯᠳᠤᠭᠠᠨ ᠳᠤ ᠤᠷᠤᠯᠴᠠᠬᠤ ᠪᠦᠳᠦᠭᠡᠯ ᠤᠨ ᠰᠤᠩᠭᠤᠨ ᠰᠢᠯᠭᠠᠷᠠᠭᠤᠯᠤᠯᠳᠠ ᠶᠢᠨ ᠪᠠᠷᠢᠮᠵᠢᠶ᠎ᠠ    ︵ᠨᠢᠭᠡ︶ ᠬᠤᠪᠴᠡᠰᠦ ᠡᠮᠦᠰᠬᠡᠯ    1. ᠡᠯᠧᠮᠧᠨ᠋ᠲ᠄ ᠮᠤᠩᠭᠤᠯ ᠰᠤᠶᠤᠯ ᠤᠨ ᠡᠯᠧᠮᠧᠨ᠋ᠲ ᠤᠨ ᠢᠯᠠ ᠲᠤᠳᠤ ᠤᠨᠴᠠᠯᠢᠭ ᠢ ᠠᠬᠤᠭᠤᠯᠤᠨ᠎ᠠ᠃    2. ᠬᠡᠯᠪᠡᠷᠢ᠄ ᠮᠤᠩᠭᠤᠯ ᠦᠨᠳᠤᠰᠤᠳᠡᠨ ᠤ ᠬᠡᠪ ᠨᠡᠮᠪᠡ ᠪᠤᠯᠤᠨ ᠲᠠᠯ᠎ᠠ ᠨᠤᠳᠤᠭ ᠤᠨ ᠤᠨᠴᠠᠯᠢᠭ ᠢ ᠢᠯᠡᠷᠡᠬᠦᠯᠤᠨ᠎ᠠ᠃    3. ᠠᠰᠢᠬᠯᠠᠮᠵᠢ᠄ ᠬᠦᠮᠤᠰ ᠤᠨ ᠡᠳᠤᠷ ᠲᠤᠳᠤᠮ ᠤᠨ ᠠᠵᠢᠯ ᠠᠮᠢᠳᠤᠷᠠᠯ ᠳᠠᠭᠠᠨ ᠡᠮᠤᠰᠬᠦ ᠲᠠᠢ ᠤᠶᠠᠯᠳᠤᠭᠤᠯᠤᠨ᠎ᠠ᠃    4. ᠤᠷᠠᠯᠠᠯ᠄ ᠭᠠᠷ ᠢᠶᠠᠷ ᠤᠷᠠᠯᠠᠬᠤ ᠶᠢ ᠵᠤᠷᠢᠬᠵᠢᠭᠤᠯᠤᠨ᠎ᠠ᠃    5. ᠮᠠᠲ᠋ᠧᠷᠢᠶᠡᠯ᠄ ᠤᠷᠴᠢᠨ ᠲᠤᠭᠤᠷᠢᠨ ᠢ ᠬᠠᠮᠠᠭᠠᠯᠠᠬᠤ᠂ ᠪᠤᠬᠢᠷᠳᠤᠯ ᠦᠭᠡᠢ ᠪᠠᠶᠢᠬᠤ ᠶᠢ ᠡᠷᠬᠢᠮᠯᠡᠨ᠎ᠠ᠃    6. ᠭᠤᠸ᠎ᠠ ᠰᠠᠶᠢᠬᠠᠨ᠄ ᠤᠯᠠᠨ ᠨᠠᠶᠢᠳᠠ ᠶᠢᠨ ᠭᠤᠸ᠎ᠠ ᠰᠠᠶᠢᠬᠠᠨ ᠤ ᠲᠠᠭᠠᠰᠢᠶᠡᠯ ᠳᠤ ᠨᠠᠶᠢᠴᠠᠬᠦᠯᠤᠨ᠎ᠠ᠃    7. ᠤᠷᠤᠰᠬᠠᠯ᠄ ᠮᠤᠩᠭᠤᠯ ᠦᠨᠳᠤᠰᠤᠳᠡᠨ ᠤ ᠰᠤᠶᠤᠯ ᠤᠨ ᠡᠯᠧᠮᠧᠨ᠋ᠲ ᠤᠨ ᠠᠭᠤᠯᠤᠬᠳᠠᠬᠤᠨ ᠢ ᠢᠯᠡᠷᠡᠬᠦᠯᠦᠨ᠂ ᠴᠠᠭ ᠦᠶ᠎ᠠ ᠶᠢᠨ ᠤᠷᠤᠰᠬᠠᠯ ᠢ ᠤᠳᠤᠷᠢᠳᠤᠨ ᠲᠠᠭᠠᠭᠤᠯᠪᠠᠯ ᠵᠤᠬᠢᠨ᠎ᠠ᠃    8. ᠵᠠᠬ᠎ᠠ ᠲᠡᠯᠬᠡᠬᠦᠷ᠄ ᠨᠡᠭᠡᠭᠡᠨ ᠠᠰᠢᠬᠯᠠᠬᠤ ᠨᠦᠭᠡᠴᠠ ᠪᠠ ᠢᠷᠡᠭᠡᠳᠤᠢ ᠲᠠᠢ᠃    9. ᠠᠷᠪᠢᠯᠠᠨ ᠭᠠᠮᠨᠠᠬᠤ᠄ ᠬᠡᠬᠡᠨᠴᠢᠷ ᠲᠠᠩᠰᠤᠭ ᠪᠠ ᠪᠦᠷᠢᠯᠬᠡᠬᠦ ᠶᠢ ᠲᠠᠪᠴᠢᠵᠦ᠂ ᠠᠷᠪᠢᠯᠠᠨ ᠭᠠᠮᠨᠠᠬᠤ ᠶᠢ ᠡᠷᠬᠢᠮᠯᠡᠨ᠎ᠡ᠃    10. ᠴᠢᠨᠡᠷ ᠴᠢᠨᠰᠠᠭ᠎ᠠ᠄ ᠡᠯᠪᠡᠭ ᠪᠠᠶᠠᠯᠢᠭ ᠰᠤᠶᠤᠯ ᠤᠨ ᠠᠭᠤᠯᠤᠬᠳᠠᠬᠤᠨ ᠲᠠᠢ ᠪᠦᠭᠡᠳ ᠪᠦᠬᠦᠯᠢ ᠴᠤᠬᠴᠠ ᠶᠢᠨ ᠡᠶ᠎ᠡ ᠵᠤᠬᠢᠴᠠᠯ ᠢ ᠨᠢᠭᠡᠳᠬᠡᠨ᠎ᠠ᠃    ︵ᠬᠤᠶᠡᠷ︶ ᠮᠠᠯᠠᠭᠠᠢ ᠶᠢᠨ ᠵᠠᠰᠠᠯ    1. ᠬᠤᠪᠴᠡᠰᠦ ᠡᠮᠤᠰᠬᠡᠯ ᠲᠠᠢ ᠵᠤᠬᠢᠴᠠᠯᠳᠤᠬᠤ᠃    2. ᠮᠤᠩᠭᠤᠯ ᠰᠤᠶᠤᠯ ᠤᠨ ᠡᠯᠧᠮᠧᠨ᠋ᠲ ᠢ ᠪᠦᠷᠢᠯᠳᠦᠬᠦᠯᠬᠦ᠃    3. ᠡᠳᠤᠷ ᠲᠤᠳᠤᠮ ᠤᠨ ᠬᠡᠷᠡᠭᠯᠡᠭᠡᠨ ᠤ ᠴᠢᠳᠡᠪᠬᠢ ᠲᠠᠢ ᠪᠠᠶᠢᠬᠤ᠃    4. ᠬᠡᠯᠪᠡᠷᠢ ᠮᠠᠶ᠋ᠢᠭ ᠨᠢ ᠴᠠᠭ ᠦᠶ᠎ᠡ ᠶᠢᠨ ᠤᠷᠤᠰᠬᠠᠯ ᠢ ᠳᠠᠭᠠᠬᠤ᠃    5. ᠭᠠᠷ ᠤᠷᠠᠯᠠᠯ ᠤᠷᠡᠨ ᠨᠠᠷᠢᠨ᠂ ᠭᠠᠷ ᠢᠶᠠᠷ ᠤᠶᠤᠬᠤ ᠶᠢ ᠡᠷᠬᠢᠮᠯᠡᠬᠦ᠃    6. ᠮᠠᠲ᠋ᠧᠷᠢᠶᠡᠯ ᠨᠢ ᠤᠷᠴᠢᠨ ᠲᠤᠭᠤᠷᠢᠨ ᠢ ᠬᠠᠮᠠᠭᠠᠯᠠᠬᠤ᠂ ᠪᠤᠬᠢᠷᠳᠤᠯ ᠦᠭᠡᠢ ᠪᠠᠶᠢᠬᠤ ᠶᠢ ᠡᠷᠬᠢᠮᠯᠡᠬᠦ᠃    7. ᠵᠠᠬ᠎ᠠ ᠲᠡᠯᠬᠡᠬᠦᠷ ᠤᠨ ᠨᠡᠭᠡᠭᠡᠨ ᠠᠰᠢᠬᠯᠠᠬᠤ ᠨᠦᠭᠡᠴᠠ ᠪᠠ ᠢᠷᠡᠭᠡᠳᠤᠢ ᠲᠠᠢ ᠪᠠᠶᠢᠬᠤ᠃    8. ᠴᠢᠨᠡᠷ ᠴᠢᠨᠰᠠᠭ᠎ᠠ ᠤᠬᠢ ᠰᠢᠯᠢᠳᠡᠭ᠂ ᠲᠤᠪᠴᠢ ᠲᠤᠮᠤᠷᠠᠭᠤᠨ ᠪᠠᠶᠢᠬᠤ᠃    ᠳᠤᠯᠤᠭ᠎ᠠ᠂ ᠮᠡᠳᠡᠯᠬᠡ ᠶᠢᠨ ᠦᠮᠴᠢᠯᠡᠯ ᠤᠨ ᠡᠷᠬᠡ ᠶᠢᠨ ᠬᠠᠮᠢᠶᠠᠷᠤᠯᠳᠠ    ︵ᠨᠢᠬᠡ︶ ᠤᠷᠤᠯᠳᠤᠭᠠᠨ ᠳᠤ ᠤᠷᠤᠯᠴᠠᠬᠤ ᠪᠦᠳᠦᠬᠡᠯ ᠨᠢ ᠡᠷᠬᠡᠪᠰᠢ ᠦᠪᠡᠷ ᠢᠶᠠᠨ ᠡᠬᠦᠳᠤᠨ ᠵᠤᠬᠢᠶᠠᠬᠰᠡᠨ ᠤᠤᠭᠠᠯ ᠪᠦᠳᠦᠬᠡᠯ ᠪᠠᠶᠢᠬᠤ ᠬᠡᠷᠡᠭᠳᠡᠢ᠂ ᠬᠠᠭᠤᠯᠪᠤᠷᠢᠯᠠᠬᠤ ᠪᠠ ᠪᠤᠰᠤᠳ ᠤᠨ ᠪᠦᠳᠦᠬᠡᠯ ᠢ ᠬᠤᠯᠠᠭᠠᠢᠢᠯᠠᠬᠤ ᠶᠢ ᠡᠷᠡᠰ ᠲᠡᠪᠴᠢᠨ᠎ᠡ᠃ ᠬᠡᠷᠪᠡ᠂ ᠢᠯᠡᠷᠡᠬᠦᠯᠦᠭᠰᠡᠨ ᠪᠠᠶᠢᠪᠠᠯ ᠤᠷᠤᠯᠳᠤᠭᠠᠨ ᠳᠤ ᠤᠷᠤᠯᠴᠠᠬᠤ ᠡᠷᠬᠡ ᠶᠢ ᠨᠢ ᠬᠠᠰᠤᠨ᠎ᠡ᠃ ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ ᠠᠴᠠ ᠤᠷᠤᠯᠳᠤᠭᠠᠨ ᠳᠤ ᠤᠷᠤᠯᠴᠠᠬᠤ ᠪᠦᠳᠦᠬᠡᠯ ᠤᠨ ᠦᠮᠴᠢᠯᠡᠯ ᠤᠨ ᠡᠷᠬᠡ ᠳᠤ ᠬᠢᠨᠠᠨ ᠨᠤᠳᠠᠯᠠᠯᠳᠠ ᠬᠢᠬᠦ ᠶᠢ ᠬᠠᠷᠢᠭᠤᠴᠠᠬᠤ ᠦᠬᠡᠢ᠂ ᠬᠡᠷᠪᠡ ᠡᠷᠬᠡ ᠳᠤ ᠬᠠᠯᠳᠠᠬᠰᠠᠨ ᠪᠤᠶᠤ ᠮᠡᠳᠡᠯᠬᠡ ᠶᠢᠨ ᠦᠮᠴᠢᠯᠠᠯ ᠤᠨ ᠡᠷᠬᠡ ᠶᠢ ᠵᠦᠷᠢᠴᠡᠭᠰᠡᠨ ᠠᠵᠢᠯᠯᠠᠭ᠎ᠠ ᠡᠬᠦᠰᠪᠡᠯ᠂ ᠤᠷᠤᠯᠳᠤᠭᠠᠨ ᠳᠤ ᠤᠷᠤᠯᠴᠠᠬᠰᠠᠳ ᠦᠪᠡᠰᠤᠪᠡᠨ ᠬᠠᠷᠢᠭᠤᠴᠠᠨ᠎ᠠ᠃    ︵ᠬᠤᠶᠠᠷ︶ ᠤᠷᠤᠯᠳᠤᠭᠠᠨ ᠳᠤ ᠤᠷᠤᠯᠴᠠᠬᠤ ᠨᠢᠬᠡᠴᠡ ᠠᠴᠠ ᠳᠤᠰ ᠤᠳᠠᠭ᠎ᠠ ᠶᠢᠨ ᠬᠤᠪᠴᠠᠰᠤ ᠡᠮᠦᠰᠭᠡᠯ ᠤᠨ ᠤᠷᠤᠯᠳᠤᠭᠠᠨ ᠤ ᠤᠷᠤᠯᠳᠤᠭᠠᠨ ᠳᠤ ᠤᠷᠤᠯᠴᠠᠬᠤ ᠪᠦᠳᠦᠬᠡᠯ ᠨᠢ ᠪᠦᠷᠢᠨ ᠪᠦᠳᠦᠨ ᠮᠡᠳᠡᠯᠬᠡ ᠶᠢᠨ ᠦᠮᠴᠢᠯᠡᠯ ᠤᠨ ᠡᠷᠬᠡ ᠲᠠᠢ ᠪᠤᠶᠤ ᠮᠡᠳᠡᠯᠬᠡ ᠶᠢᠨ ᠦᠮᠴᠢᠯᠡᠯ ᠤᠨ ᠡᠷᠬᠡ ᠶᠢᠨ ᠦᠮᠴᠢᠯᠡᠭᠴᠢ ᠶᠢᠨ ᠵᠦᠪᠰᠢᠶᠡᠷᠡᠯ ᠢ ᠤᠯᠤᠬᠰᠠᠨ ᠪᠠᠶᠢᠬᠤ ᠬᠡᠷᠡᠭᠳᠡᠢ︔ ᠤᠷᠤᠯᠳᠤᠭᠠᠨ ᠠᠴᠠ ᠡᠮᠤᠨ᠎ᠡ ᠪᠤᠶᠤ ᠤᠷᠤᠯᠳᠤᠭᠠᠨ ᠤ ᠬᠤᠭᠤᠴᠠᠭᠠᠨ ᠳᠤ ᠮᠡᠳᠡᠯᠬᠡ ᠶᠢᠨ ᠦᠮᠴᠢᠯᠡᠯ ᠤᠨ ᠡᠷᠬᠡ ᠶᠢᠨ ᠮᠠᠷᠭᠤᠭᠠᠨ ᠭᠠᠷᠪᠠᠯ ᠤᠷᠤᠯᠳᠤᠭᠠᠨ ᠳᠤ ᠤᠷᠤᠯᠴᠠᠬᠤ ᠡᠷᠬᠡ ᠶᠢ ᠨᠢ ᠬᠠᠰᠤᠨ᠎ᠡ︔ ᠤᠷᠤᠯᠳᠤᠭᠠᠨ ᠤ ᠳᠠᠷᠠᠭ᠎ᠠ ᠮᠡᠳᠡᠯᠬᠡ ᠶᠢᠨ ᠦᠮᠴᠢᠯᠡᠬᠦ ᠡᠷᠬᠡ ᠶᠢᠨ ᠮᠠᠷᠭᠤᠭᠠᠨ ᠭᠠᠷᠪᠠᠯ ᠤᠷᠤᠯᠳᠤᠭᠠᠨ ᠤ ᠬᠤᠪᠢ ᠶᠢ ᠨᠢ ᠬᠦᠴᠦᠨ ᠦᠬᠡᠢ ᠪᠤᠯᠭᠠᠨ᠎ᠠ︔ ᠡᠬᠦᠨ ᠠᠴᠠ ᠪᠤᠯᠤᠬᠰᠠᠨ ᠠᠯᠢᠪᠠ ᠬᠠᠷᠢᠭᠤᠴᠠᠯᠭ᠎ᠠ ᠶᠢ ᠤᠷᠤᠯᠳᠤᠭᠠᠨ ᠳᠤ ᠤᠷᠤᠯᠴᠠᠬᠰᠠᠨ ᠳᠤᠭᠤᠢᠢᠯᠠᠩ ᠡᠬᠦᠷᠬᠡᠯᠡᠨ᠎ᠡ᠃    ︵ᠭᠤᠷᠪᠠ︶ ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ ᠠᠴᠠ ᠬᠤᠪᠴᠠᠰᠤ ᠵᠠᠰᠠᠯ ᠤᠨ ᠤᠷᠤᠯᠳᠤᠭᠠᠨ ᠳᠤ ᠤᠷᠤᠯᠴᠠᠬᠰᠠᠳ ᠤᠨ ᠨᠡᠷ᠎ᠡ ᠮᠡᠳᠡᠬᠦᠯᠦᠭᠰᠡᠨ ᠮᠠᠲ᠋ᠧᠷᠢᠶᠠᠯ ᠤᠨ ᠪᠦᠬᠦ ᠠᠭᠤᠯᠭ᠎ᠠ ᠵᠢᠴᠢ ᠤᠷᠤᠯᠳᠤᠭᠠᠨ ᠤ ᠬᠤᠭᠤᠴᠠᠭᠠᠨ ᠳᠠᠬᠢ ᠳᠦᠷᠢ ᠲᠦᠷᠬᠦ ᠶᠢᠨ ᠳᠤᠬᠯᠠᠯᠳᠠ ᠪᠠ ᠦᠢᠯᠡ ᠠᠵᠢᠯᠯᠠᠭ᠎ᠠ ᠳᠤ ᠬᠦᠷᠦᠭ ᠵᠢᠷᠤᠭ ᠤᠨ ᠡᠷᠬᠡ᠂ ᠬᠡᠷᠡᠭᠯᠡᠬᠦ ᠡᠷᠬᠡ ᠪᠤᠯᠤᠨ ᠪᠦᠷᠢᠨ ᠵᠤᠬᠢᠶᠠᠨ ᠪᠦᠳᠦᠬᠡᠬᠦ ᠡᠷᠬᠡ ᠲᠠᠢ ᠪᠦᠬᠡᠳ ᠬᠤᠳᠠᠯᠳᠤᠭᠠᠨ ᠤ ᠪᠠ ᠬᠤᠳᠠᠯᠳᠤᠭᠠᠨ ᠤ ᠪᠤᠰᠤ ᠵᠤᠷᠢᠯᠭ᠎ᠠ ᠪᠠᠷ ᠬᠠᠳᠠᠭᠠᠯᠠᠬᠤ᠂ ᠬᠡᠷᠡᠭᠯᠡᠬᠦ᠂ ᠨᠡᠶᠢᠳᠡᠯᠡᠬᠦ᠂ ᠵᠠᠷᠯᠠᠬᠤ ᠳᠤ ᠤᠷᠤᠯᠳᠤᠭᠠᠨ ᠳᠤ ᠤᠷᠤᠯᠴᠠᠬᠰᠠᠳ ᠤᠨ ᠵᠦᠪᠰᠢᠶᠡᠷᠡᠯ ᠪᠤᠶᠤ ᠶᠠᠮᠠᠷᠪᠠ ᠬᠠᠷᠠᠮᠵᠢ ᠮᠦᠩᠬᠦ ᠦᠭᠭᠦ ᠦᠬᠡᠢ᠃ ᠨᠡᠷ᠎ᠡ ᠮᠡᠳᠡᠬᠦᠯᠵᠥ ᠤᠷᠤᠯᠳᠤᠭᠠᠨ ᠳᠤ ᠤᠷᠤᠯᠴᠠᠪᠠᠯ ᠳᠠᠷᠤᠢ ᠤᠷᠤᠯᠳᠤᠭᠠᠨ ᠳᠤ ᠤᠷᠤᠯᠴᠠᠬᠰᠠᠳ ᠳᠡᠬᠡᠷᠡᠬᠢ ᠱᠠᠭᠠᠷᠳᠠᠯᠭ᠎ᠠ ᠶᠢ ᠬᠦᠯᠢᠶᠡᠨ ᠠᠪᠤᠬᠰᠠᠨ ᠳᠤ ᠳᠤᠭᠠᠴᠠᠨ᠎ᠠ᠃    ︵ᠳᠦᠷᠪᠡ︶ ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ ᠠᠴᠠ ᠱᠠᠩᠨᠠᠯ ᠤᠯᠤᠬᠰᠠᠨ ᠬᠤᠪᠴᠠᠰᠤ ᠡᠮᠦᠰᠬᠡᠯ ᠪᠤᠯᠤᠨ ᠮᠠᠯᠠᠭᠠᠢ ᠶᠢᠨ ᠵᠠᠰᠠᠯ ᠳᠤ ᠳᠡᠯᠬᠡᠨ ᠦᠵᠡᠬᠦᠯᠦᠯᠬᠡ ᠬᠢᠨ᠎ᠡ᠃    ︵ᠳᠠᠪᠤ︶ ᠳᠤᠰ ᠤᠳᠠᠭ᠎ᠠ ᠶᠢᠨ ᠠᠵᠢᠯᠯᠠᠭ᠎ᠠ ᠶᠢᠨ ᠬᠠᠮᠤᠭ ᠡᠴᠤᠰ ᠤᠨ ᠳᠠᠶᠢᠯᠪᠦᠷᠢᠯᠠᠯᠳᠠ ᠬᠢᠬᠦ ᠡᠷᠬᠡ ᠨᠢ ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ ᠲᠤ ᠪᠤᠢ᠃    ᠨᠠᠢᠮᠠ᠂ ᠱᠠᠩᠨᠠᠯ ᠤᠨ ᠳᠤᠬᠢᠷᠠᠭᠤᠯᠭ᠎ᠠ    ︵ᠨᠢᠬᠡ︶ ᠤᠷᠤᠯᠳᠤᠭᠠᠨ ᠳᠤ ᠤᠷᠤᠯᠴᠠᠬᠰᠠᠨ 5 ᠳᠦᠷᠦᠯ ᠤᠨ ᠬᠤᠪᠴᠠᠰᠤ ᠵᠢᠷᠤᠵᠥ ᠳᠦᠯᠦᠪᠯᠡᠭᠰᠡᠨ ᠪᠦᠳᠦᠬᠡᠯ ᠠᠴᠠ ᠳᠤᠰ ᠳᠤᠰ ᠨᠢᠬᠡᠳᠦᠬᠡᠷ ᠳᠡᠰ ᠲᠤ 1 ᠨᠡᠷᠡᠰ᠂ ᠬᠤᠶᠠᠳᠤᠭᠠᠷ ᠳᠡᠰ ᠲᠤ 2 ᠨᠡᠷᠡᠰ᠂ ᠭᠤᠷᠪᠠᠳᠤᠭᠠᠷ ᠳᠡᠰ ᠲᠤ 3 ᠨᠡᠷᠡᠰ᠂ ᠰᠢᠯᠢᠳᠡᠭ ᠱᠠᠩᠨᠠᠯ ᠳᠤ 10 ᠨᠡᠷᠡᠰ ᠢ ᠰᠢᠯᠭᠠᠷᠠᠭᠤᠯᠤᠨ ᠭᠠᠷᠭᠠᠨ᠎ᠠ︔    ︵ᠬᠤᠶᠠᠷ︶ ᠤᠷᠤᠯᠳᠤᠭᠠᠨ ᠳᠤ ᠤᠷᠤᠯᠴᠠᠬᠰᠠᠨ ᠮᠠᠯᠠᠭᠠᠢ ᠶᠢᠨ ᠵᠠᠰᠠᠯ ᠵᠢᠷᠤᠵᠥ ᠳᠦᠯᠦᠪᠯᠡᠭᠰᠡᠨ ᠪᠦᠳᠦᠬᠡᠯ ᠠᠴᠠ ᠨᠢᠬᠡᠳᠦᠬᠡᠷ ᠳᠡᠰ ᠲᠤ 1 ᠨᠡᠷᠡᠰ᠂ ᠬᠤᠶᠠᠳᠤᠭᠠᠷ ᠳᠡᠰ ᠲᠤ 2 ᠨᠡᠷᠡᠰ᠂ ᠭᠤᠷᠪᠠᠳᠤᠭᠠᠷ ᠳᠡᠰ ᠲᠤ 3 ᠨᠡᠷᠡᠰ᠂ ᠰᠢᠯᠢᠳᠡᠭ ᠱᠠᠩᠨᠠᠯ ᠳᠤ 10 ᠨᠡᠷᠡᠰ ᠢ ᠰᠢᠯᠭᠠᠷᠠᠭᠤᠯᠤᠨ ᠭᠠᠷᠭᠠᠨ᠎ᠠ︔    ︵ᠭᠤᠷᠪᠠ︶ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠬᠴᠢ ᠶᠢᠨ ᠵᠢᠷᠤᠵᠥ ᠳᠦᠯᠦᠪᠯᠡᠭᠰᠡᠨ ᠰᠢᠨ᠎ᠡ ᠬᠦᠮᠦᠨ ᠤ ᠱᠠᠩᠨᠠᠯ᠂ 5 ᠳᠦᠷᠦᠯ ᠤᠨ ᠬᠤᠪᠴᠠᠰᠤ ᠡᠮᠦᠰᠭᠡᠯ ᠵᠢᠷᠤᠵᠥ ᠳᠦᠯᠦᠪᠯᠡᠭᠰᠡᠨ ᠪᠦᠳᠦᠬᠡᠯ ᠪᠤᠯᠤᠨ ᠮᠠᠯᠠᠭᠠᠢ ᠶᠢᠨ ᠵᠠᠰᠠᠯ ᠵᠢᠷᠤᠵᠥ ᠳᠦᠯᠦᠪᠯᠡᠭᠰᠡᠨ ᠪᠦᠳᠦᠬᠡᠯ ᠠᠴᠠ ᠳᠤᠰ ᠳᠤᠰ ᠨᠢᠬᠡᠳᠦᠬᠡᠷ ᠳᠡᠰ ᠲᠤ 1 ᠨᠡᠷᠡᠰ᠂ ᠬᠤᠶᠠᠳᠤᠭᠠᠷ ᠳᠡᠰ ᠲᠤ 5 ᠨᠡᠷᠡᠰ᠂ ᠭᠤᠷᠪᠠᠳᠤᠭᠠᠷ ᠳᠡᠰ ᠲᠤ 8 ᠨᠡᠷᠡᠰ᠂ ᠰᠢᠯᠢᠳᠡᠭ ᠱᠠᠩᠨᠠᠯ ᠳᠤ 10 ᠨᠡᠷᠡᠰ ᠢ ᠰᠢᠯᠭᠠᠷᠠᠭᠤᠯᠤᠨ ᠭᠠᠷᠭᠠᠨ᠎ᠠ︔    ︵ᠳᠦᠷᠪᠡ︶ ᠤᠷᠤᠯᠳᠤᠭᠠᠨ ᠳᠤ ᠮᠤᠳᠧᠯ ᠤᠨ ᠳᠤᠬᠯᠠᠯᠳᠠ ᠶᠢᠨ ᠱᠠᠩᠨᠠᠯ 5 ᠨᠡᠷᠡᠰ ᠳᠤᠬᠢᠷᠠᠭᠤᠯᠤᠨ᠎ᠡ︔    ︵ᠳᠠᠪᠤ︶ ᠤᠷᠤᠯᠳᠤᠭᠠᠨ ᠤ ᠱᠠᠩᠨᠠᠯ ᠤᠨ ᠮᠦᠩᠬᠦ ᠨᠡᠶᠢᠳᠡ 80 ᠳᠦᠮᠡᠨ ᠳᠦᠬᠦᠷᠢᠭ᠂ ᠨᠢᠬᠡᠳᠦᠬᠡᠷ ᠳᠡᠰ ᠤᠨ ᠱᠠᠩᠨᠠᠯ ᠤᠨ ᠮᠦᠩᠬᠦ 2 ᠳᠦᠮᠡᠨ ᠳᠦᠬᠦᠷᠢᠭ᠂ ᠬᠤᠶᠠᠳᠤᠭᠠᠷ ᠳᠡᠰ ᠤᠨ ᠱᠠᠩᠨᠠᠯ ᠤᠨ ᠮᠦᠩᠬᠦ 1 ᠳᠦᠮᠡᠨ ᠳᠦᠬᠦᠷᠢᠭ᠂ ᠭᠤᠷᠪᠠᠳᠤᠭᠠᠷ ᠳᠡᠰ ᠤᠨ ᠱᠠᠩᠨᠠᠯ ᠤᠨ ᠮᠦᠩᠬᠦ 5000 ᠳᠦᠬᠦᠷᠢᠭ᠂ ᠰᠢᠯᠢᠳᠡᠭ ᠱᠠᠩᠨᠠᠯ ᠤᠨ ᠱᠠᠩᠨᠠᠯ ᠤᠨ ᠮᠦᠩᠬᠦ 2000 ᠳᠦᠬᠦᠷᠢᠭ᠂ ᠮᠤᠳᠧᠯ ᠤᠨ ᠳᠤᠬᠯᠠᠯᠳᠠ ᠶᠢᠨ ᠱᠠᠩᠨᠠᠯ ᠤᠨ ᠮᠦᠩᠬᠦ 5000 ᠳᠦᠬᠦᠷᠢᠭ︔ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠬᠴᠢ ᠶᠢᠨ ᠵᠢᠷᠤᠵᠥ ᠳᠦᠯᠦᠪᠯᠡᠭᠰᠡᠨ ᠰᠢᠨ᠎ᠡ ᠬᠦᠮᠦᠨ ᠤ ᠱᠠᠩᠨᠠᠯ ᠤᠨ ᠨᠢᠬᠡᠳᠦᠬᠡᠷ ᠳᠡᠰ ᠤᠨ ᠱᠠᠩᠨᠠᠯ ᠤᠨ ᠮᠦᠩᠬᠦ 8000 ᠳᠦᠬᠦᠷᠢᠭ᠂ ᠬᠤᠶᠠᠳᠤᠭᠠᠷ ᠳᠡᠰ ᠤᠨ ᠱᠠᠩᠨᠠᠯ ᠤᠨ ᠮᠦᠩᠬᠦ 4000 ᠳᠦᠬᠦᠷᠢᠭ᠂ ᠭᠤᠷᠪᠠᠳᠤᠭᠠᠷ ᠳᠡᠰ ᠤᠨ ᠱᠠᠩᠨᠠᠯ ᠤᠨ ᠮᠦᠩᠬᠦ 2000 ᠳᠦᠬᠦᠷᠢᠭ᠂ ᠰᠢᠯᠢᠳᠡᠭ ᠱᠠᠩᠨᠠᠯ ᠤᠨ ᠱᠠᠩᠨᠠᠯ ᠤᠨ ᠮᠦᠩᠬᠦ 1000 ᠳᠦᠬᠦᠷᠢᠭ᠃    ᠶᠢᠰᠦ᠂ ᠪᠦᠳᠦᠬᠡᠯ ᠡᠯᠰᠡᠬᠦ ᠬᠢᠬᠡᠳ ᠨᠡᠷ᠎ᠡ ᠮᠡᠳᠡᠬᠦᠯᠬᠦ    ︵ᠨᠢᠬᠡ︶ ᠤᠷᠤᠯᠳᠤᠭᠠᠨ ᠤ ᠪᠦᠳᠦᠬᠡᠯ ᠡᠯᠰᠡᠬᠦ ᠬᠢᠬᠡᠳ ᠨᠡᠷ᠎ᠡ ᠮᠡᠳᠡᠬᠦᠯᠬᠦ    1. ᠳᠤᠰ ᠤᠳᠠᠭ᠎ᠠ ᠶᠢᠨ ᠤᠷᠤᠯᠳᠤᠭᠠᠨ ᠢ ᠠᠩᠬᠠᠨ ᠤ ᠰᠢᠯᠭᠠᠷᠠᠭᠤᠯᠤᠯᠳᠠ ᠪᠤᠯᠤᠨ ᠡᠴᠤᠰ ᠤᠨ ᠰᠢᠯᠭᠠᠷᠠᠭᠤᠯᠤᠯᠳᠠ ᠬᠡᠵᠥ ᠬᠤᠶᠠᠷ ᠱᠠᠳᠦ ᠬᠤᠪᠢᠶᠠᠨ᠎ᠠ᠃ ᠠᠩᠬᠠᠨ ᠤ ᠰᠢᠯᠭᠠᠷᠠᠭᠤᠯᠤᠯᠳᠠ ᠶᠢ ᠭᠤᠤᠯᠳᠠᠭᠤ ᠰᠦᠯᠵᠢᠶ᠎ᠡ ᠪᠠᠷ ᠳᠠᠮᠵᠢᠨ ᠪᠦᠬᠦ ᠤᠯᠤᠰ ᠤᠨ ᠬᠡᠪᠴᠢᠶ᠎ᠡ ᠠᠴᠠ ᠪᠦᠳᠦᠬᠡᠯ ᠡᠯᠰᠡᠨ᠎ᠡ᠂ ᠨᠡᠷ᠎ᠡ ᠮᠡᠳᠡᠬᠦᠯᠬᠦ ᠰᠦᠯᠵᠢᠶᠠᠨ ᠬᠠᠶ᠋ᠢᠭ ᠨᠢ ︽ᠦᠪᠦᠷ ᠮᠤᠩᠭᠤᠯ ᠤᠨ ᠰᠤᠨᠢᠨ ᠮᠡᠳᠡᠭᠡ ᠶᠢᠨ ᠰᠦᠯᠵᠢᠶ᠎ᠠ︾ ︵ᠬᠠᠶ᠋ᠢᠭ᠄ www.nmgnews.com.cn︶᠃ ︵ᠳᠤᠰ ᠬᠤᠯᠪᠤᠭᠠᠰᠤ ᠶᠢ ᠳᠤᠪᠴᠢᠵᠥ ᠤᠷᠤᠯᠳᠤᠭᠠᠨ ᠤ ᠨᠡᠷ᠎ᠡ ᠮᠡᠳᠡᠬᠦᠯᠬᠦ ᠬᠦᠰᠦᠨᠦᠭᠳᠤ ᠵᠢᠴᠢ ᠪᠤᠷᠤ ᠮᠠᠲ᠋ᠧᠷᠢᠶᠠᠯ ᠤᠨ ᠪᠠᠭᠯᠠᠭ᠎ᠠ ᠶᠢ ᠪᠠᠭᠤᠯᠭᠠᠬᠤ ᠪᠤᠶᠤ ᠨᠡᠷ᠎ᠡ ᠮᠡᠳᠡᠬᠦᠯᠬᠦ ᠬᠦᠰᠦᠨᠦᠭᠳᠤ ᠳᠠᠬᠯᠠᠨ᠎ᠠ︶᠃ ᠠᠩᠬᠠᠨ ᠤ ᠰᠢᠯᠭᠠᠷᠠᠭᠤᠯᠤᠯᠳᠠ ᠶᠢᠨ ᠨᠡᠷ᠎ᠡ ᠮᠡᠳᠡᠬᠦᠯᠬᠦ ᠴᠠᠬ 2018 ᠤᠨ ᠤ 7 ᠰᠠᠷ᠎ᠠ ᠶᠢᠨ 1᠎ ᠤ ᠡᠳᠤᠷ ᠳᠠᠭᠤᠰᠤᠨ᠎ᠠ᠃    2. ᠠᠩᠬᠠᠨ ᠤ ᠰᠢᠯᠭᠠᠷᠠᠭᠤᠯᠤᠯᠳᠠ ᠳᠤ ᠬᠢᠷᠢ ᠳᠡᠩᠴᠡᠭᠰᠡᠨ ᠤ ᠳᠠᠷᠠᠭ᠎ᠠ᠂ ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ ᠠᠴᠠ ᠡᠴᠤᠰ ᠤᠨ ᠰᠢᠯᠭᠠᠷᠠᠭᠤᠯᠤᠯᠳᠠ ᠳᠤ ᠤᠷᠤᠬᠰᠠᠨ ᠤᠷᠤᠯᠴᠠᠬᠰᠠᠳ ᠲᠤ ᠮᠡᠳᠡᠭᠳᠡᠵᠥ᠂ ᠤᠷᠤᠯᠳᠤᠭᠠᠨ ᠳᠤ ᠤᠷᠤᠯᠴᠠᠬᠤ ᠪᠦᠳᠦᠬᠡᠯ ᠢᠶᠠᠨ ᠳᠡᠪᠰᠢᠭᠦᠯᠦᠨ᠎ᠡ᠂ ᠡᠴᠤᠰ ᠤᠨ ᠰᠢᠯᠭᠠᠷᠠᠭᠤᠯᠤᠯᠳᠠ ᠶᠢᠨ ᠨᠡᠷ᠎ᠡ ᠮᠡᠳᠡᠬᠦᠯᠬᠦ ᠴᠠᠬ 2018 ᠤᠨ ᠤ 8 ᠰᠠᠷ᠎ᠠ ᠶᠢᠨ 1᠎ ᠤ ᠡᠳᠤᠷ ᠳᠠᠭᠤᠰᠤᠨ᠎ᠡ᠃ 8 ᠰᠠᠷ᠎ᠠ ᠶᠢᠨ 5᠎ ᠤ ᠡᠳᠤᠷ ᠠᠴᠠ ᠡᠮᠤᠨ᠎ᠡ ᠬᠠᠮᠤᠭ ᠡᠴᠤᠰ ᠤᠨ ᠱᠠᠩᠨᠠᠯ ᠬᠦᠷᠳᠡᠭᠰᠡᠨ ᠪᠦᠳᠦᠬᠡᠯ ᠢ ᠰᠢᠯᠭᠠᠷᠠᠭᠤᠯᠤᠨ ᠭᠠᠷᠭᠠᠨ᠎ᠠ᠃    3. ᠤᠷᠤᠯᠳᠤᠭᠠᠨ ᠳᠤ ᠤᠷᠤᠯᠴᠠᠬᠰᠠᠳ ᠡᠯᠧᠺᠲᠷᠤᠨ ᠬᠠᠪᠳᠠᠭᠠᠢ ᠪᠦᠳᠦᠬᠡᠯ ᠢᠶᠠᠨ A3 ᠴᠠᠭᠠᠰᠤᠨ ᠤ ᠦᠷ᠎ᠠ ᠪᠦᠳᠦᠭᠡᠯ ᠤᠨ ᠵᠢᠷᠤᠭ᠂ RAR ᠠᠪᠴᠢᠮᠠᠯ ᠪᠠᠭᠯᠠᠭ᠎ᠠ ᠶᠢᠨ ᠬᠡᠯᠪᠡᠷᠢ ᠪᠠᠷ ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ ᠤᠨ ᠳᠤᠬᠳᠠᠬᠰᠠᠨ ᠢᠮᠧᠯ᠄ mgzszymssjds@163.com᠎ ᠳᠤ ᠶᠠᠪᠤᠭᠤᠯᠤᠨ᠎ᠠ︔ ᠠᠪᠴᠢᠮᠠᠯ ᠪᠠᠭᠯᠠᠭ᠎ᠠ ᠳᠤ ︽ᠤᠷᠤᠯᠴᠠᠬᠤ ᠪᠦᠳᠦᠬᠡᠯ + ᠨᠡᠷ᠎ᠡ ᠮᠡᠳᠡᠬᠦᠯᠬᠦ ᠬᠦᠰᠦᠨᠦᠭᠳᠤ︾ ᠬᠤᠶᠠᠷ ᠳᠦᠷᠦᠯ ᠤᠨ ᠹᠠᠶᠢᠯ ᠪᠠᠭᠳᠠᠨ᠎ᠠ︔ ᠬᠡᠷᠪᠡ ᠰᠤᠷᠤᠭᠴᠢ ᠤᠷᠤᠯᠳᠤᠭᠠᠨ ᠳᠤ ᠤᠷᠤᠯᠴᠠᠪᠠᠯ᠂ ᠬᠠᠮᠳᠤ ᠳᠤᠨᠢ ᠰᠤᠷᠤᠬᠴᠢ ᠶᠢᠨ ᠦᠨᠡᠮᠯᠡᠯ ᠤᠨ ᠰᠢᠷᠪᠢᠭᠰᠡᠨ ᠮᠠᠲ᠋ᠧᠷᠢᠶᠠᠯ ᠢᠶᠠᠨ ᠬᠠᠩᠭᠠᠨ᠎ᠠ︔ ᠹᠠᠶᠢᠯ ᠤᠨ ᠨᠡᠷ᠎ᠡ ᠶᠢᠨ ᠬᠠᠳᠠᠭᠠᠯᠠᠬᠤ ᠬᠡᠯᠪᠡᠷᠢ ᠨᠢ᠄ ᠵᠤᠬᠢᠶᠠᠬᠴᠢ ᠶᠢᠨ ᠨᠡᠷ᠎ᠡ + ᠤᠳᠠᠰᠤᠨ ᠨᠤᠮᠧᠷ + ᠪᠦᠳᠦᠬᠡᠯ ᠤᠨ ᠤᠷᠤᠯᠳᠤᠭᠠᠨ ᠳᠤ ᠤᠷᠤᠯᠴᠠᠬᠤ ᠠᠭᠤᠯᠭ᠎ᠠ ᠶᠢᠨ ᠳᠦᠷᠦᠯ ᠬᠡᠯᠪᠡᠷᠢ ᠶᠢᠨ ᠨᠤᠮᠧᠷ + ᠪᠦᠳᠦᠬᠡᠯ ᠤᠨ ᠨᠡᠷ᠎ᠡ᠃    4᠂ ᠤᠷᠤᠯᠳᠤᠭᠠᠨ ᠨᠢ ᠳᠤᠰᠬᠠᠢ ᠮᠤᠳᠧᠯ ᠳᠤᠬᠯᠠᠯᠳᠠ ᠭᠠᠷᠭᠠᠬᠤ ᠪᠠ ᠮᠠᠯᠠᠭᠠᠢ ᠶᠢᠨ ᠵᠠᠰᠠᠯ ᠤᠨ ᠳᠤᠬᠳᠠᠩᠭᠤᠢ ᠦᠵᠡᠬᠦᠯᠦᠯᠬᠡ ᠪᠠᠷ ᠤᠷᠤᠯᠳᠤᠬᠤ ᠪᠠᠷ ᠠᠷᠭ᠎ᠠ ᠬᠡᠯᠪᠡᠷᠢ ᠪᠠᠨ ᠪᠤᠯᠭᠠᠵᠥ᠂ ᠰᠢᠯᠭᠠᠷᠠᠭᠤᠯᠬᠤ ᠺᠤᠮᠢᠰ ᠤᠨ ᠬᠡᠰᠢᠬᠦᠨ ᠳᠤᠬᠠᠢ ᠶᠢᠨ ᠳᠠᠯᠠᠪᠤᠷ ᠲᠤ ᠬᠤᠪᠢ ᠦᠭᠴᠤ᠂ ᠳᠡᠰ ᠳᠠᠷᠠᠭᠠᠯᠠᠯ ᠢ ᠦᠨᠡᠯᠡᠨ ᠰᠢᠯᠭᠠᠷᠠᠭᠤᠯᠤᠨ᠎ᠡ᠃    5᠂ ᠱᠠᠩᠨᠠᠯ ᠤᠯᠭᠤᠬᠤ ᠦᠳᠡᠰᠢᠯᠡᠭᠡ ᠡᠷᠬᠢᠯᠡᠵᠦ᠂ ᠤᠷᠤᠯᠳᠤᠭᠠᠨ ᠤ ᠦᠷ᠎ᠡ ᠳ᠋ᠦᠩ ᠢ ᠨᠡᠶᠢᠳᠡᠯᠡᠵᠥ᠂ ᠱᠠᠩᠨᠠᠯ ᠤᠨ ᠮᠦᠩᠬᠦ ᠪᠤᠯᠤᠨ ᠱᠠᠩᠨᠠᠯ ᠤᠨ ᠳᠡᠮᠳᠡᠭ ᠭᠠᠷᠳᠠᠭᠤᠯᠤᠨ᠎ᠡ᠃    ᠬᠠᠷᠢᠯᠴᠠᠬᠤ ᠤᠳᠡᠰᠦ᠄ 0471 — 6659652    ᠭᠠᠷ ᠤᠳᠠᠰᠦ᠄ ᠸᠠᠩ ᠠᠪᠠᠭ᠋ᠠᠢ 18804710219                  ᠶᠠᠩ ᠠᠪᠠᠭ᠋ᠠᠢ 13238408221    ᠠᠩᠬᠠᠳᠤᠭᠠᠷ ᠬᠤᠭᠤᠴᠠᠭᠠᠨ ᠤ ᠮᠤᠩᠭᠤᠯ ᠦᠨᠳᠤᠰᠤᠳᠡᠨ ᠤ ᠬᠤᠪᠴᠡᠰᠦ ᠡᠮᠤᠰᠬᠡᠯ ᠪᠠ ᠮᠠᠯᠠᠭᠠᠢ ᠶᠢᠨ     ᠵᠠᠰᠠᠯ  ᠎ ᠤᠨ    ᠵᠢᠷᠤᠵᠦ    ᠲᠦᠯᠦᠪᠯᠡᠬᠦ    ᠤᠷᠤᠯᠳᠤᠭᠠᠨ  ᠎ ᠤ  ᠵᠤᠬᠢᠶᠠᠨ  ᠪᠠᠶᠢᠭᠤᠯᠬᠤ  ᠺᠤᠮᠢᠰ                          2018 ᠤᠨ ᠤ 6 ᠰᠠᠷ᠎ᠠ ᠶᠢᠨ 4᠎ ᠤ ᠡᠳᠤᠷ
      ᠭᠤᠷᠪᠡᠨ ᠠᠩᠬᠠᠳᠠᠭᠴᠢ      ᠠᠩᠬᠠᠳᠠᠭᠴᠢ ᠮᠤᠩᠭᠤᠯ ᠦᠨᠳᠤᠰᠤᠳᠡᠨ ᠤ ᠬᠤᠪᠴᠡᠰᠦ ᠡᠮᠤᠰᠬᠡᠯ ᠤᠨ ᠤᠷᠤᠯᠳᠤᠭᠠᠨ      ᠠᠩᠬᠠᠳᠠᠭᠴᠢ ᠮᠤᠩᠭᠤᠯ ᠦᠨᠳᠤᠰᠤᠳᠡᠨ ᠤ ᠮᠠᠯᠠᠭᠠᠢ ᠶᠢᠨ ᠵᠠᠰᠠᠯ ᠤᠨ ᠤᠷᠤᠯᠳᠤᠭᠠᠨ      ᠠᠩᠬᠠᠳᠠᠭᠴᠢ ᠦᠪᠡᠷᠳᠡᠭᠡᠨ ᠵᠠᠰᠠᠬᠤ ᠤᠷᠤᠨ ᠤ ᠰᠤᠶᠤᠯ ᠵᠤᠭᠠᠴᠠᠯ ᠤᠨ ᠡᠬᠦᠳᠤᠨ ᠪᠦᠳᠦᠭᠡᠯᠳᠠ ᠶᠢᠨ ᠤᠷᠤᠯᠳᠤᠭᠠᠨ      ᠭᠤᠷᠪᠡᠨ ᠬᠤᠷᠡᠯ      ᠮᠤᠩᠭᠤᠯ ᠦᠨᠳᠤᠰᠤᠳᠡᠨ ᠤ ᠬᠤᠪᠴᠡᠰᠦ ᠵᠠᠰᠠᠯ ᠤᠨ ᠰᠤᠶᠤᠯ ᠤᠨ ᠶᠡᠷᠢᠶᠡᠨ ᠤ ᠲᠡᠪᠴᠡᠩ      ᠮᠤᠩᠭᠤᠯ ᠦᠨᠳᠤᠰᠤᠳᠡᠨ ᠤ ᠬᠤᠪᠴᠡᠰᠦ ᠵᠠᠰᠠᠯ ᠤᠨ ᠭᠡᠷ᠎ᠠ ᠲᠤᠬᠳᠠᠬᠤ ᠬᠤᠷᠡᠯ      ᠮᠤᠩᠭᠤᠯ ᠦᠨᠳᠤᠰᠤᠳᠡᠨ ᠤ ᠬᠤᠪᠴᠡᠰᠦ ᠵᠠᠰᠠᠯ ᠤᠨ ᠲᠤᠬᠠᠢ ᠴᠢᠯᠦᠭᠡᠳᠤ ᠱᠠᠯᠤᠨ      ᠭᠤᠷᠪᠡᠨ ᠪᠠᠷᠢᠮᠵᠢᠶ᠎ᠠ      ᠮᠤᠩᠭᠤᠯ ᠦᠨᠳᠤᠰᠤᠳᠡᠨ ᠤ ᠬᠤᠪᠴᠡᠰᠦ ᠡᠮᠤᠰᠬᠡᠯ ᠤᠨ ᠪᠠᠷᠢᠮᠵᠢᠶ᠎ᠠ      ᠮᠤᠩᠭᠤᠯ ᠦᠨᠳᠤᠰᠤᠳᠡᠨ ᠤ ᠮᠠᠯᠠᠭᠠᠢ ᠶᠢᠨ ᠵᠠᠰᠠᠯ ᠤᠨ ᠪᠠᠷᠢᠮᠵᠢᠶ᠎ᠠ      ᠮᠤᠩᠭᠤᠯ ᠦᠨᠳᠤᠰᠤᠳᠡᠨ ᠤ ᠬᠤᠪᠴᠡᠰᠦ ᠡᠮᠤᠰᠬᠡᠯ ᠮᠠᠯᠠᠭᠠᠢ ᠶᠢᠨ ᠵᠠᠰᠠᠯ ᠢ ᠰᠤᠩᠭᠤᠨ ᠰᠢᠯᠭᠠᠷᠠᠭᠤᠯᠬᠤ ᠪᠠᠷᠢᠮᠵᠢᠶ᠎ᠠ      ᠭᠤᠷᠪᠡᠨ ᠲᠠᠯ᠎ᠠ ᠶᠢᠨ ᠤᠷᠤᠯᠴᠠᠭᠴᠢ      ᠲᠦᠯᠦᠪᠯᠡᠭᠴᠢ      ᠬᠤᠳᠠᠯᠳᠤᠭᠠᠴᠢᠨ      ᠬᠡᠷᠡᠭᠯᠡᠭᠴᠢ      ᠰᠦᠯᠵᠢᠶᠡᠨ ᠳᠠᠬᠢ ᠭᠤᠷᠪᠡᠨ ᠠᠵᠢᠯᠯᠠᠭ᠎ᠠ      ᠬᠤᠤᠰ ᠵᠠᠭᠤᠨ ᠲᠦᠮᠡᠨ ᠤᠷᠮᠠᠰᠢᠭᠤᠯᠤᠯ      ᠬᠤᠪᠴᠡᠰᠦ ᠡᠮᠦᠰᠭᠡᠯ ᠢ ᠡᠮᠦᠰᠴᠤ ᠦᠵᠡᠬᠦ      ᠮᠠᠯᠠᠭᠠᠢ ᠶᠢ ᠵᠡᠬᠦᠵᠤ ᠦᠵᠡᠬᠦ      ᠭᠤᠷᠪᠡᠨ ᠴᠢᠬ      ᠮᠤᠩᠭᠤᠯ ᠦᠨᠳᠤᠰᠤᠳᠡᠨ ᠤ ᠬᠤᠪᠴᠡᠰᠦ ᠵᠠᠰᠠᠯ ᠤᠨ ᠰᠤᠶᠤᠯ ᠤᠨ ᠰᠢᠨ᠎ᠠ ᠴᠠᠭ ᠦᠶ᠎ᠠ ᠳᠤ ᠠᠯᠬᠤᠨ ᠤᠷᠤᠬᠰᠡᠨ ᠡᠬᠢᠯᠡᠯᠳᠡ ᠶᠢᠨ ᠴᠢᠭ᠋      ᠮᠤᠩᠭᠤᠯ ᠦᠨᠳᠤᠰᠤᠳᠡᠨ ᠤ ᠬᠤᠪᠴᠡᠰᠦ ᠵᠠᠰᠠᠯ ᠤᠨ ᠰᠤᠶᠤᠯ ᠤᠨ ᠠᠮᠢᠳᠤᠷᠠᠯ ᠳᠤ ᠠᠭᠤᠰᠬᠤ ᠡᠷᠬᠢᠯᠳᠠ ᠶᠢᠨ ᠴᠢᠭ᠋      ᠮᠤᠩᠭᠤᠯ ᠦᠨᠳᠤᠰᠤᠳᠡᠨ ᠤ ᠬᠤᠪᠴᠡᠰᠦ ᠵᠠᠰᠠᠯ ᠤᠨ ᠰᠤᠶᠤᠯ ᠤᠨ ᠵᠠᠬ᠎ᠠ ᠲᠡᠯᠬᠡᠬᠦᠷᠵᠢᠯᠳᠡ ᠶᠢᠨ ᠲᠤᠷᠰᠢᠯᠳᠠ ᠶᠢᠨ ᠴᠢᠭ᠋
                  ᠦᠪᠤᠷ ᠮᠤᠩᠭᠤᠯ ᠤᠨ ᠰᠤᠨᠢᠨ ᠮᠡᠳᠡᠭᠡ ᠶᠢᠨ ᠰᠦᠯᠵᠢᠶ᠎ᠠ
                  ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
         
                  ᠰᠤᠯᠤᠩᠭ᠎ᠠ ᠰᠤᠨᠢᠨ ᠮᠡᠳᠡᠭᠡ ᠶᠢᠨ ᠰᠦᠯᠵᠢᠶ᠎ᠠ
                  ᠤᠮᠠᠷᠠᠳᠤ ᠶᠢᠨ ᠰᠦᠯᠵᠢᠶ᠎ᠠ
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号