ᠰᠢᠨ᠎ᠡ ᠬᠠᠷᠢᠭᠤᠴᠠᠯᠭ᠎ᠠ ᠡᠬᠦᠷᠬᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠷ ᠰᠢᠨ᠎ᠡ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠠ
2018-07-01 15:46:12
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆

        ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ

     ᠶᠡᠷᠤᠩᠬᠡᠢ ᠱᠦᠵᠢ ᠰᠢ ᠶᠢᠨ ᠫᠢᠩ᠂ ︽ᠺᠠᠳ᠋ᠷ ᠪᠤᠯᠤᠭᠰᠠᠳ ᠪᠤᠳᠠᠳᠠᠢ ᠠᠵᠢᠯᠯᠠᠬᠤ ᠪᠤᠯ ᠲᠡᠷᠢᠬᠦᠨ ᠴᠢᠬᠤᠯᠠ ᠶᠤᠮ︾ ᠬᠡᠵᠥ ᠴᠢᠬᠤᠯᠠᠴᠢᠯᠠᠪᠠ᠃ ᠰᠢᠨ᠎ᠡ ᠴᠠᠭ ᠦᠶ᠎ᠡ ᠳᠤ ᠪᠢᠳᠡ ᠭᠤᠷᠪᠠᠨ ᠶᠡᠭᠡ ᠲᠠᠶᠢᠯᠠᠯᠳᠤᠭᠠᠨ ᠢ ᠰᠠᠶᠢᠳᠤᠷ ᠬᠢᠵᠥ᠂ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ᠂ ᠡᠷᠬᠡᠪᠰᠢ ᠤᠯᠤᠰ ᠲᠦᠷᠦ ᠶᠢᠨ ᠵᠤᠭᠰᠤᠴᠠ ᠪᠠᠨ ᠤᠯᠠᠮ ᠴᠢᠨᠠᠭᠰᠢᠳᠠ ᠲᠡᠭᠡᠭᠰᠢᠯᠡᠬᠦᠯᠵᠥ᠂ ᠡᠷᠬᠡᠪᠰᠢ ︽ᠲᠦᠷᠪᠡᠨ ᠤᠬᠠᠮᠰᠠᠷ ︾᠎ ᠢᠶᠠᠨ ᠲᠠᠰᠤᠷᠠᠯᠳᠡ ᠦᠭᠡᠢ ᠲᠡᠭᠡᠭᠰᠢᠯᠡᠬᠦᠯᠵᠥ᠂ ᠡᠷᠬᠡᠪᠰᠢ ᠵᠤᠷᠢᠬᠳᠡᠢ ᠪᠠᠷ ᠡᠬᠦᠷᠬᠡᠯᠡᠯ ᠡᠬᠦᠷᠬᠡᠯᠡᠵᠥ᠂ ᠰᠠᠨᠠᠭᠠᠴᠢᠯᠠᠭ᠎ᠠ ᠲᠠᠢ ᠪᠠᠷ ᠠᠵᠢᠯᠯᠠᠵᠥ᠂ ᠯᠠᠪᠳᠠᠭᠤᠨ ᠪᠠᠳᠤᠳᠠᠢ ᠠᠵᠢᠯᠯᠠᠵᠥ᠂ ᠰᠢᠷᠭᠠᠭᠤ ᠬᠠᠳᠠᠭᠤᠵᠢᠯᠳᠠᠢ ᠦᠨᠡᠨ ᠪᠤᠳᠠᠳᠠᠢ ᠠᠵᠢᠯ ᠢᠶᠠᠷ ᠢᠶᠠᠨ ︽ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠦᠭᠡᠨ ᠪᠠᠶᠢᠭᠤᠯᠵᠥ᠂ ᠠᠭᠤᠤ ᠶᠡᠭᠡ ᠲᠤᠮᠳᠠᠳᠤ ᠶᠢᠨ ᠵᠡᠬᠦᠳᠤ ᠪᠠᠨ ᠬᠠᠮᠳᠤᠪᠡᠷ ᠲᠡᠷᠭᠡᠯᠰᠢᠬᠦᠯᠬᠦ︾ ᠪᠤᠭᠤᠳᠤ ᠶᠢᠨ ᠬᠠᠭᠤᠳᠠᠰᠤ ᠶᠢ ᠪᠢᠴᠢᠭᠯᠡᠬᠦ ᠬᠡᠷᠡᠭᠳᠡᠢ᠃
     ᠨᠢᠬᠡ ᠳᠤ᠂ ᠦᠵᠡᠯ ᠰᠠᠨᠠᠭ᠎ᠠ ᠪᠠᠷ ᠬᠦᠳᠦᠯᠥᠨ ᠲᠠᠭᠠᠭᠤᠯᠬᠤ ᠶᠢ ᠠᠳᠬᠤᠬᠤ ᠬᠡᠷᠡᠭᠳᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠡᠯ ᠤᠨ ᠵᠤᠷᠢᠭ ᠰᠠᠨᠠᠭ᠎ᠠ ᠵᠢᠴᠢ ᠶᠡᠷᠤᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠᠷ ᠪᠦᠬᠦ ᠬᠤᠳᠠ ᠶᠢᠨ ᠺᠠᠳ᠋ᠷ ᠤᠨ ᠲᠠᠷᠢᠬᠢ ᠲᠤᠯᠤᠭᠠᠢ ᠶᠢ ᠵᠡᠪᠰᠡᠭᠯᠡᠵᠥ᠂ ᠦᠷᠬᠡᠨ ᠤᠯᠠᠨ ᠺᠠᠳ᠋ᠷ ᠢ ᠬᠦᠮᠥᠵᠢᠬᠦᠯᠵᠥ ᠬᠦᠳᠦᠯᠥᠨ ᠲᠠᠭᠠᠭᠤᠯᠵᠥ ᠪᠠᠶᠢᠭᠠᠳ ᠤᠯᠤᠰ ᠲᠦᠷᠦ ᠶᠢᠨ ᠵᠤᠭᠰᠤᠴᠠ ᠶᠢ ᠨᠢ ᠤᠯᠠᠮ ᠴᠢᠨᠠᠭᠰᠢᠳᠠ ᠲᠡᠭᠡᠭᠰᠢᠯᠡᠬᠦᠯᠵᠥ᠂ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠥ᠂ ︽ᠲᠦᠷᠪᠡᠨ ᠢᠳᠡᠬᠡᠯ︾᠎ ᠢᠶᠠᠨ ᠪᠠᠳᠤᠳᠬᠠᠵᠥ᠂ ︽ᠬᠤᠶᠠᠷ ᠢ ᠡᠷᠡᠰ ᠬᠦᠷᠢᠶᠡᠯᠡᠬᠦ︾᠎ ᠶᠢ ᠦᠨᠡᠨᠬᠦ ᠬᠦᠢᠴᠡᠳᠬᠡᠬᠦ ᠬᠡᠷᠡᠭᠳᠡᠢ᠃
     ᠬᠤᠶᠠᠷ ᠲᠤ᠂ ᠰᠤᠷᠳᠠᠯ ᠤᠨ ᠪᠠᠶᠢᠭᠤᠯᠤᠯᠳᠠ ᠶᠢ ᠠᠳᠬᠤᠬᠤ ᠬᠡᠷᠡᠭᠳᠡᠢ᠃ ᠪᠦᠬᠦ ᠬᠤᠳᠠ ᠶᠢᠨ ︽ᠰᠤᠷᠳᠠᠯ ᠤᠨ ᠪᠠᠶᠢᠭᠤᠯᠤᠯᠳᠠ ᠶᠢᠨ ᠤᠨ︾᠎ ᠤ ᠠᠵᠢᠯᠯᠠᠭ᠎ᠠ ᠪᠠᠷ ᠠᠳᠬᠤᠴᠠ ᠪᠤᠯᠭᠠᠵᠥ᠂ ᠦᠷᠬᠡᠨ ᠤᠯᠠᠨ ᠺᠠᠳ᠋ᠷ ᠢ ᠵᠤᠷᠢᠬᠵᠢᠭᠤᠯᠵᠥ ᠬᠦᠳᠦᠯᠥᠨ ᠲᠠᠭᠠᠭᠤᠯᠵᠥ ᠪᠠᠶᠢᠭᠠᠳ ᠡᠷᠡᠰ ᠴᠢᠩᠭ᠎ᠠ ᠨᠠᠮᠴᠢ ᠴᠢᠨᠠᠷ ᠢ ᠨᠢ ᠲᠠᠪᠳᠠᠨ ᠪᠤᠯᠪᠠᠰᠤᠷᠠᠭᠤᠯᠵᠥ᠂ ᠬᠡᠯᠪᠡᠷᠢᠴᠢ ᠦᠵᠡᠯ᠂ ᠨᠤᠶᠡᠨᠴᠢ ᠰᠤᠷᠳᠠᠯ ᠤᠨ ︽ᠠᠷᠪᠠᠨ ᠰᠢᠨ᠎ᠠ ᠢᠯᠡᠷᠡᠯ︾᠎ ᠢ ᠡᠷᠡᠰ ᠠᠷᠢᠯᠭᠠᠵᠥ᠂ ᠡᠬᠦᠷᠬᠡ ᠪᠠᠨ ᠰᠡᠳᠬᠢᠯ ᠳᠡᠭᠡᠨ ᠪᠤᠳᠤᠵᠥ᠂ ᠬᠠᠷᠢᠭᠤᠴᠠᠯᠭ᠎ᠠ ᠶᠢ ᠮᠦᠷᠦᠨ ᠳᠡᠭᠡᠨ ᠡᠬᠦᠷᠬᠡᠯᠡᠵᠥ᠂ ᠠᠵᠢᠯ ᠢ ᠭᠠᠷ ᠲᠠᠭᠠᠨ ᠠᠳᠬᠤᠵᠥ᠂ ᠰᠢᠨ᠎ᠡ ᠴᠠᠭ ᠦᠶ᠎ᠡ ᠶᠢᠨ ᠲᠡᠮᠡᠴᠡᠭᠴᠢ ᠪᠤᠯᠬᠤ ᠪᠠᠷ ᠴᠢᠷᠮᠡᠶᠢᠬᠤ ᠬᠡᠷᠡᠭᠳᠡᠢ᠃
     ᠭᠤᠷᠪᠠ ᠳᠤ᠂ ᠬᠦᠮᠤᠨ ᠰᠤᠩᠭᠤᠬᠤ ᠬᠦᠮᠥᠨ ᠬᠡᠷᠡᠭᠯᠡᠬᠦ ᠶᠢ ᠠᠳᠬᠤᠬᠤ ᠬᠡᠷᠡᠭᠳᠡᠢ᠃ ᠺᠠᠳ᠋ᠷ ᠤᠨ ᠪᠠᠷᠢᠮᠵᠢᠶ᠎ᠠ ᠶᠢ ᠰᠠᠶᠢᠳᠤᠷ ᠪᠠᠷᠢᠮᠳᠠᠯᠠᠵᠥ᠂ ︽ᠲᠠᠪᠤ ᠳᠤ ᠴᠠᠭᠠᠷᠠᠭᠰᠠᠠ ᠪᠠᠶᠢᠬᠤ︾ ᠱᠠᠭᠠᠷᠳᠠᠯᠭ᠎ᠠ ᠶᠢ ᠲᠤᠪᠤᠶᠢᠯᠭᠠᠵᠥ᠂ ᠪᠤᠳᠠᠳᠠᠢ ᠠᠵᠢᠯᠯᠠᠬᠤ ᠶᠢ ᠴᠢᠬᠤᠯᠠᠴᠢᠯᠠᠵᠥ ᠪᠤᠳᠠᠳᠠᠢ ᠠᠮᠵᠢᠯᠳᠡ ᠶᠢ ᠴᠢᠬᠤᠯᠠᠴᠢᠯᠠᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠤᠨ ᠳᠤ ᠰᠠᠭᠤᠬᠤ 4 ᠺᠠᠳ᠋ᠷ ᠢ ᠲᠡᠪᠰᠢᠬᠦᠯᠥᠨ ᠬᠦᠨᠳᠤ ᠪᠠᠷ ᠬᠡᠷᠡᠭᠯᠡᠭᠰᠡᠡ ᠰᠠᠭᠤᠷᠢᠨ ᠲᠡᠭᠡᠷ᠎ᠡ᠂ ᠬᠤᠶᠢᠰᠢᠳᠠ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ᠂ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠵᠡᠷᠬᠡ ︽ᠭᠤᠤᠯ ᠲᠠᠶᠢᠨ ᠤ ᠲᠠᠯᠠᠪᠤᠷ︾ ᠲᠡᠭᠡᠷ᠎ᠡ ᠺᠠᠳ᠋ᠷ ᠢ ᠲᠠᠨᠢᠨ ᠪᠠᠶᠢᠴᠠᠭᠠᠵᠥ᠂ ᠲᠡᠳᠡᠭᠡᠷ ᠬᠠᠷᠢᠭᠤᠴᠠᠯᠭ᠎ᠠ ᠡᠬᠦᠷᠬᠡᠯᠡᠳᠡᠭ᠂ ᠵᠤᠷᠢᠬᠳᠡᠢ ᠪᠠᠷ ᠡᠬᠦᠷᠬᠡᠯᠡᠯ ᠡᠬᠦᠷᠬᠡᠯᠡᠳᠡᠭ᠂ ᠴᠢᠳᠠᠮᠠᠭᠠᠢ ᠪᠠᠷ ᠠᠵᠢᠯᠯᠠᠳᠠᠭ᠂ ᠪᠤᠳᠠᠳᠠᠢ ᠠᠮᠵᠢᠯᠳᠡ ᠲᠤᠪᠤᠶᠢᠮ᠎ᠡ ᠺᠠᠳ᠋ᠷ ᠢ ᠰᠤᠩᠭᠤᠨ ᠬᠡᠷᠡᠭᠯᠡᠵᠥ᠂ ᠦᠷᠬᠡᠨ ᠤᠯᠠᠨ ᠺᠠᠳ᠋ᠷ ᠤᠨ ᠪᠤᠳᠠᠳᠠᠢ ᠠᠵᠢᠯᠯᠠᠨ ᠦᠢᠯᠡᠰ ᠪᠤᠰᠬᠠᠬᠤ ᠢᠳᠡᠪᠬᠢᠵᠢᠯ᠂ ᠰᠠᠨᠠᠭᠠᠴᠢᠯᠠᠭᠠᠳᠤ ᠴᠢᠨᠠᠷ᠂ ᠪᠦᠳᠦᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠬᠦᠭᠵᠢᠬᠡᠬᠦ ᠬᠡᠷᠡᠭᠳᠡᠢ᠃
     ᠲᠦᠷᠪᠡ ᠳᠤ᠂ ᠴᠢᠩᠭ᠎ᠠ ᠬᠠᠮᠢᠶᠠᠷᠴᠦ ᠬᠠᠶᠢᠷᠠᠯᠠᠨ ᠬᠠᠯᠠᠮᠵᠢᠯᠠᠬᠤ ᠶᠢ ᠠᠳᠬᠤᠬᠤ ᠬᠡᠷᠡᠭᠳᠡᠢ᠃ ᠲᠦᠪ ᠤᠨ ︽ᠦᠷᠬᠡᠨ ᠤᠯᠠᠨ ᠺᠠᠳ᠋ᠷ ᠤᠨ ᠰᠢᠨ᠎ᠡ ᠴᠠᠭ ᠦᠶ᠎ᠡ ᠳᠤ ᠰᠢᠨ᠎ᠡ ᠡᠬᠦᠷᠬᠡᠯᠡᠯ ᠡᠬᠦᠷᠬᠡᠯᠡᠵᠥ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠴᠢᠨᠠᠭᠰᠢᠳᠠ ᠵᠤᠷᠢᠬᠵᠢᠭᠤᠯᠬᠤ ᠲᠤᠬᠠᠢ ᠰᠠᠨᠠᠯ︾ ᠪᠤᠯᠤᠨ ᠦᠪᠡᠷᠳᠡᠭᠡᠨ ᠵᠠᠰᠠᠬᠤ ᠤᠷᠤᠨ ᠤ ︽ᠠᠵᠢᠯ ᠤᠨ ᠲᠦᠰᠦᠯ︾᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠥ᠂ ᠪᠤᠭᠤᠳᠤ ᠬᠤᠳᠠ ᠶᠢᠨ ︽ᠤᠳᠤᠷᠢᠳᠬᠤ ᠺᠠᠳ᠋ᠷ ᠡᠬᠦᠷᠬᠡᠯᠡᠯ ᠡᠬᠦᠷᠬᠡᠯᠡᠬᠦ ᠦᠭᠡᠢ ᠵᠢᠳᠬᠦᠯ ᠴᠢᠷᠮᠠᠶᠢᠯᠭ᠎ᠠ ᠭᠠᠷᠭᠠᠬᠤ ᠦᠭᠡᠢ ᠪᠤᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠵᠢᠬᠦᠯᠬᠦ ᠠᠷᠭ᠎ᠠ︾᠂ ︽ᠨᠠᠮ ᠤᠨ ᠬᠡᠰᠢᠬᠦᠨ ᠺᠠᠳ᠋ᠷ ᠤᠨ ᠪᠤᠷᠤᠭᠤ ᠶᠢ ᠠᠭᠤᠴᠢᠯᠠᠬᠤ ᠪᠤᠷᠤᠭᠤ ᠶᠢ ᠵᠠᠯᠠᠷᠠᠭᠤᠯᠬᠤ ᠬᠡᠷᠡᠭᠵᠢᠬᠦᠯᠬᠦ ᠠᠷᠭ᠎ᠠ︾ ᠵᠡᠷᠬᠡ ᠲᠠᠢ ᠤᠶᠠᠯᠳᠤᠭᠤᠯᠵᠥ᠂ ︽ᠭᠤᠷᠪᠠ ᠶᠢ ᠢᠯᠭᠠᠨ ᠰᠠᠯᠭᠠᠬᠤ︾᠎ ᠶᠢ ᠪᠠᠷᠢᠮᠳᠠᠯᠠᠵᠥ᠂ ᠺᠠᠳ᠋ᠷ ᠢ ᠰᠢᠯᠭᠠᠨ ᠪᠠᠶᠢᠴᠠᠭᠠᠵᠥ ᠦᠨᠡᠯᠡᠬᠦ ᠲᠤᠭᠳᠠᠴᠠ ᠶᠢ ᠲᠡᠬᠦᠯᠳᠡᠷᠵᠢᠬᠦᠯᠵᠥ᠂ ᠰᠢᠯᠭᠠᠨ ᠪᠠᠶᠢᠴᠠᠭᠠᠭᠰᠠᠠ ᠦᠷ᠎ᠡ ᠳ᠋ᠦᠩ ᠤᠨ ᠬᠡᠷᠡᠭᠯᠡᠬᠡᠨ ᠢ ᠴᠢᠩᠭᠠᠳᠬᠠᠵᠥ᠂ ᠤᠯᠤᠰ ᠲᠦᠷᠦ ᠶᠢᠨ ᠲᠠᠯ᠎ᠠ ᠪᠠᠷ ᠬᠠᠳᠠᠭᠤᠵᠢᠭᠰᠠᠠ᠂ ᠵᠤᠷᠢᠬᠳᠡᠢ ᠪᠠᠷ ᠬᠠᠷᠢᠭᠤᠴᠠᠯᠭ᠎ᠠ ᠡᠬᠦᠷᠬᠡᠯᠡᠳᠡᠭ᠂ ᠠᠵᠢᠯ ᠳᠠᠭᠠᠨ ᠴᠢᠳᠠᠮᠠᠭᠠᠢ᠂ ᠮᠠᠭᠳᠠᠭᠠᠯ ᠰᠠᠶᠢᠰᠢᠶᠠᠯ ᠢ ᠤᠯᠤᠭᠰᠠᠠ ᠰᠠᠶᠢᠨ ᠺᠠᠳ᠋ᠷ ᠢ ᠦᠨᠡᠨᠬᠦ ᠱᠠᠩᠨᠠᠨ ᠵᠤᠷᠢᠬᠵᠢᠭᠤᠯᠵᠥ᠂ ᠵᠢᠳᠬᠦᠯ ᠴᠢᠷᠮᠠᠶᠢᠯᠭ᠎ᠠ ᠦᠭᠡᠢ᠂ ᠬᠠᠷᠢᠭᠤᠴᠠᠯᠭ᠎ᠠ ᠦᠭᠡᠢ᠂ ᠡᠬᠦᠷᠬᠡᠯᠡᠯ ᠦᠭᠡᠢ᠂ ᠨᠠᠶᠢᠳᠠᠪᠤᠷᠢᠵᠢᠭᠤᠯᠳᠠᠭ ᠦᠭᠡᠢ ᠺᠠᠳ᠋ᠷ ᠢ ᠰᠡᠷᠡᠮᠵᠢᠯᠡᠬᠦᠯᠬᠦ ᠪᠠ ᠰᠢᠳᠬᠡᠬᠦ ᠬᠡᠷᠡᠭᠳᠡᠢ᠃

ᠣᠷᠴᠢᠭᠤᠯᠤᠭᠴᠢ᠄
ᠨᠠᠶᠢᠷᠠᠭᠤᠯᠤᠭᠴᠢ᠄ ᠪᠤᠶᠠᠨ᠋ᠦ᠌ᠨᠳᠦᠰᠦ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号