ᠶᠠᠩ ᠶᠢᠨ᠄ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠨ ᠲᠤᠷᠠᠳᠠᠶ᠎ᠠ ᠬᠦᠴᠦᠨ ᠴᠢᠳᠠᠯ ᠢᠶᠠᠨ ᠨᠠᠮᠠᠷᠢᠯᠡᠨ᠎ᠠ
2018-07-01 15:46:18
ᠵᠣᠬᠢᠶᠠᠭᠴᠢ᠄ 
ᠯᠢ ᠰᠠᠷᠠᠭᠤᠯ
ᠣᠩᠰᠢᠭᠰᠠᠨ ᠣᠳᠠᠭ᠎ᠠ᠄ 
★★★☆☆

     1983 ᠤᠨ ᠳᠤ ᠠᠵᠢᠯ ᠤᠨ ᠭᠠᠷᠤᠭ᠎ᠠ ᠪᠠᠨ ᠠᠪᠤᠬᠰᠠᠨ ᠶᠠᠩ ᠶᠢᠨ᠂ ᠲᠡᠷᠡ ᠮᠦᠴᠡ ᠠᠴᠠ ᠡᠬᠢᠯᠡᠨ ︽ᠠᠷᠠᠳ ᠤᠨ ᠲᠦᠯᠦᠭᠡ᠂ ᠵᠢᠳᠭᠦᠯ ᠴᠢᠷᠮᠠᠶᠢᠯᠭ᠎ᠠ᠂ ᠡᠭᠦᠷᠭᠡ ᠬᠠᠷᠢᠭᠤᠴᠠᠯᠭ᠎ᠠ︾ ᠬᠡᠭᠦ ᠡᠨᠡᠬᠦ ᠬᠦᠨᠳᠦ ᠶᠢᠨ ᠵᠢᠩ ᠲᠠᠢ ᠬᠡᠳᠦᠨ ᠦᠭᠡ ᠪᠠᠷ ᠰᠡᠳᠬᠢᠯ ᠤᠨ ᠪᠠᠷᠢᠮᠳᠠᠯᠠᠯ᠂ ᠠᠵᠢᠯ ᠤᠨ ᠵᠢᠷᠤᠮᠯᠠᠯ ᠪᠤᠯᠭᠠᠬᠰᠠᠭᠠᠷ ᠢᠷᠡᠪᠡ᠃ ᠲᠡᠷᠡᠪᠡᠷ ᠡᠳᠦᠢ ᠲᠡᠳᠦᠢ ᠠᠵᠢᠯ ᠤᠨ ᠪᠠᠶᠢᠷᠢ ᠰᠢᠯᠵᠢᠵᠦ ᠲᠠᠪᠳᠠᠨ ᠪᠤᠯᠪᠠᠰᠤᠷᠠᠬᠰᠠᠨ ᠢᠶᠠᠨ 2011 ᠤᠨ ᠳᠤ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠵᠠᠰᠠᠭ ᠤᠨ ᠤᠷᠳᠤᠨ ᠤ ᠬᠤᠰᠢᠭᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 2015 ᠤᠨ ᠤ 9 ᠰᠠᠷ᠎ᠠ ᠳᠤ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠬᠡᠯᠡᠵᠡᠢ᠃
     ᠬᠤᠰᠢᠭᠤ ᠰᠢᠶᠠᠨ ᠤ ᠤᠳᠤᠷᠢᠳᠤᠯᠭ᠎ᠠ ᠶᠢᠨ ᠲᠤᠰᠢᠶᠠᠯ ᠡᠭᠦᠷᠭᠡᠯᠡᠭᠰᠡᠨ ᠠᠴᠠ ᠨᠠᠰᠢ᠂ ᠶᠠᠩ ᠶᠢᠨ ᠬᠤᠴᠤᠷᠤᠩᠭᠤᠢ ᠬᠤᠰᠢᠭᠤ ᠶᠢᠨ ᠢᠶᠠᠨ ᠪᠤᠳᠠᠳᠤ ᠪᠠᠶᠢᠳᠠᠯ ᠢ ᠬᠦᠨᠵᠡᠭᠡᠢ ᠲᠠᠨᠢᠵᠤ᠂ ᠲᠡᠭᠡᠷ᠎ᠠ ᠱᠠᠳᠤᠨ ᠤ ᠴᠢᠭᠯᠡᠯᠳᠡ ᠲᠦᠷᠦ ᠶᠢᠨ ᠪᠤᠳᠤᠯᠭ᠎ᠠ᠂ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠬᠦᠭᠵᠢᠯᠳᠡ ᠬᠡᠭᠦ ᠡᠨᠡᠭᠦ ᠲᠡᠷᠢᠭᠦᠨ ᠴᠢᠬᠤᠯᠠ ᠡᠭᠦᠷᠭᠡ ᠶᠢ ᠪᠠᠳᠤ ᠡᠵᠡᠮᠳᠡᠨ᠂ ᠬᠤᠰᠢᠭᠤᠨ ᠤ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠦᠭᠵᠢᠯᠳᠡ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠤᠬᠰᠠᠨ ᠠᠴᠠ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠵᠤ ᠠᠬᠤᠢ ᠨᠡᠶᠢᠭᠡᠮ ᠨᠢᠰᠭᠦ ᠮᠡᠳᠦ ᠲᠦᠷᠭᠡᠨ ᠬᠦᠭᠵᠢᠵᠤ᠂ 2017 ᠤᠨ ᠳᠤ᠂ ᠭᠤᠤᠯ ᠠᠵᠤ ᠠᠬᠤᠢ ᠶᠢᠨ ᠵᠢᠭᠠᠯᠳᠠ ᠲᠤᠭ᠎ᠠ ᠨᠢ ᠤᠯᠠᠭᠠᠨᠴᠠᠪ ᠬᠤᠳᠠ ᠶᠢᠨ ᠡᠮᠦᠨ᠎ᠠ ᠡᠩᠨᠡᠭᠡᠨ ᠳᠤ ᠵᠢᠬᠰᠠᠵᠤ᠂ ᠲᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠶᠡᠷᠦᠩᠬᠡᠢ ᠬᠡᠮᠵᠢᠶ᠎ᠠ ᠨᠢ ᠪᠦᠬᠦ ᠬᠤᠳᠠᠨ ᠳᠠᠭᠠᠨ ᠲᠦᠷᠦᠭᠦᠯᠡᠵᠡᠢ᠃
     ︽ᠬᠦᠭᠵᠢᠯᠳᠡ ᠳᠤ ᠬᠤᠯᠪᠤᠬᠳᠠᠬᠤ ᠤᠴᠢᠷ ᠶᠠᠪᠤᠳᠠᠯ ᠢ ᠨᠢᠭᠡ ᠮᠦᠴᠡ ᠴᠤ ᠰᠠᠭᠠᠳᠠᠭᠠᠵᠤ ᠪᠤᠯᠬᠤ ᠦᠭᠡᠢ᠂ ᠶᠠᠮᠠᠷᠪᠡ ᠠᠰᠠᠭᠤᠳᠠᠯ ᠪᠤᠯᠤᠬᠰᠠᠨ ᠴᠤ ᠲᠠᠷᠦ᠋ᠢᠬᠠᠨ ᠰᠤᠳᠤᠯᠤᠨ ᠰᠢᠢᠳᠪᠦᠷᠢᠯᠡᠵᠤ᠂ ᠶᠠᠭᠠᠬᠢᠬᠰᠠᠨ ᠴᠤ ᠬᠠᠮᠢᠶᠠᠷᠬᠤ ᠦᠭᠡᠢ ᠪᠠᠶᠢᠭᠠᠳ ᠬᠦᠭᠵᠢᠯᠳᠡ ᠶᠢ ᠨᠦᠯᠦᠭᠡᠯᠡᠵᠤ ᠪᠤᠯᠬᠤ ᠦᠭᠡᠢ᠃︾ ᠡᠨᠡ ᠪᠤᠯ ᠶᠠᠩ ᠶᠢᠨ ᠤ ᠦᠷᠭᠦᠯᠵᠢ ᠬᠡᠯᠡᠳᠡᠭ ᠦᠭᠡ᠃
     ᠡᠨᠡ ᠬᠡᠳᠦᠨ ᠵᠢᠯ᠂ ᠶᠠᠩ ᠶᠢᠨ ᠤ ᠠᠵᠢᠯ ᠠᠯᠪᠠ ᠬᠡᠴᠢᠨᠠᠨ ᠶᠠᠭᠠᠷᠠᠯᠳᠠᠢ ᠪᠠᠶᠢᠬᠰᠠᠨ ᠴᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠠᠵᠤ ᠠᠬᠤᠢ ᠶᠢᠨ ᠬᠦᠭᠵᠢᠯᠳᠡ ᠳᠤ ᠬᠤᠯᠪᠤᠬᠳᠠᠬᠰᠠᠨ ᠤᠴᠢᠷ ᠶᠠᠪᠤᠳᠠᠯ ᠢ ᠬᠡᠵᠢᠶ᠎ᠠ ᠭᠤᠶᠤᠴᠢᠯᠠᠬᠰᠠᠨ ᠴᠤ ᠲᠠᠷᠤᠢ ᠳᠤᠨᠢ ᠬᠠᠷᠢᠭᠤ ᠦᠭᠳᠡᠭ︔ ᠢᠯᠠᠩᠭᠤᠶ᠎ᠠ ᠲᠦᠷᠦᠯ ᠵᠦᠢᠯ ᠤᠨ ᠵᠤᠯᠭᠠᠯᠴᠠᠭ᠎ᠠ ᠶᠢ ᠲᠡᠷᠡ ᠲᠦᠢᠯ ᠢᠶᠠᠷ ᠴᠢᠬᠤᠯᠠᠴᠢᠯᠠᠨ ᠦᠵᠡᠵᠤ᠂ ᠨᠢᠭᠡ ᠵᠢᠯ ᠳᠤ 18 ᠤᠳᠠᠭ᠎ᠠ ᠪᠡᠭᠡᠵᠢᠩ ᠬᠦᠷᠦᠭᠰᠡᠨ ᠦᠩᠭᠡᠷᠡᠯᠳᠡ ᠲᠠᠢ᠃
     ᠨᠢᠭᠡ ᠭᠠᠵᠠᠷ ᠤᠷᠤᠨ ᠤ ᠬᠦᠭᠵᠢᠯᠳᠡ ᠶᠡᠷᠦᠨᠢ ᠠᠵᠤ ᠦᠢᠯᠡᠰ ᠤᠨ ᠲᠤᠯᠭᠠᠭᠤᠷᠢᠯᠠᠯ ᠠᠴᠠ ᠰᠠᠯᠵᠤ ᠴᠢᠳᠠᠰᠢ ᠦᠭᠡᠢ ᠶᠤᠮ᠂ ᠶᠠᠮᠠᠷᠰᠢᠤ ᠠᠵᠤ ᠦᠢᠯᠡᠰ ᠢ ᠬᠦᠭᠵᠢᠭᠦᠯᠭᠦ᠂ ᠬᠡᠷᠬᠢᠨ ᠵᠦᠢ ᠵᠤᠬᠢᠰᠳᠠᠢ ᠪᠠᠶᠢᠷᠢᠰᠢᠭᠤᠯᠬᠤ ᠶᠢ ᠶᠠᠩ ᠶᠢᠨ ᠡᠳᠦᠷ ᠰᠦᠨᠢ ᠦᠭᠡᠢ ᠰᠡᠳᠬᠢᠨ ᠶᠠᠪᠤᠳᠠᠭ᠃ 2013 ᠤᠨ ᠳᠤ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ ᠬᠢᠭᠡᠳ ᠪᠡᠭᠡᠵᠢᠩ ᠤᠨ ᠳ᠋ᠠ ᠰᠢᠩ ᠲᠤᠭᠤᠷᠢᠭ ᠬᠠᠮᠳᠤᠷᠠᠵᠦ ᠦᠪᠡᠷᠳᠡᠭᠡᠨ ᠵᠠᠰᠠᠬᠤ ᠤᠷᠤᠨ ᠤ ᠠᠩᠬᠠᠳᠠᠬᠴᠢ ᠪᠡᠭᠡᠵᠢᠩ ᠦᠪᠦᠷ ᠮᠤᠩᠭᠤᠯ ᠤᠨ ᠬᠠᠮᠳᠤᠷᠠᠯᠴᠠᠭᠠᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠪᠠ᠃ ᠪᠠᠶᠢᠭᠤᠯᠤᠬᠰᠠᠨ ᠴᠠᠭ ᠠᠴᠠ ᠶᠠᠩ ᠶᠢᠨ ᠪᠦᠬᠦ ᠠᠵᠢᠯ ᠢ ᠭᠠᠷᠳᠠᠨ ᠬᠢᠵᠤ᠂ ᠠᠵᠤ ᠦᠢᠯᠡᠰ ᠤᠨ ᠬᠦᠭᠵᠢᠯᠳᠡ ᠶᠢᠨ ᠵᠠᠬᠪᠤᠷ ᠢᠶᠠᠨ ᠲᠤᠬᠳᠠᠭᠠᠵᠤ᠂ ᠡᠳᠦᠭᠡ 21 ᠠᠵᠤ ᠠᠬᠤᠢᠢᠯᠡᠯ ᠠᠳᠡ ᠨᠤᠳᠤᠬᠰᠢᠵᠤ᠂ ᠨᠢᠭᠡᠨᠳᠡ ᠠᠩᠬ᠎ᠠ ᠠᠯᠬᠤᠮ ᠤᠨ ᠬᠡᠪᠴᠢᠶᠡᠵᠢᠯ ᠢ ᠪᠦᠷᠢᠯᠳᠦᠭᠦᠯᠦᠭᠰᠡᠨ ᠪᠠᠶᠢᠨ᠎ᠠ᠃
     ︽ᠤᠯᠠᠨ ᠲᠦᠮᠡᠨ ᠳᠤ ᠬᠦᠭᠵᠢᠯᠳᠡ ᠶᠢᠨ ᠦᠷ᠎ᠠ ᠪᠦᠳᠦᠭᠡᠯ ᠢ ᠬᠦᠢᠴᠡᠳ ᠡᠳ᠋ᠯᠡᠭᠦᠯᠦᠨ᠎ᠠ︾ ᠡᠨᠡ ᠪᠤᠯ ᠶᠠᠩ ᠶᠢᠨ ᠤ ᠵᠢᠷᠦᠭᠡ ᠰᠡᠳᠬᠢᠯ ᠳᠡᠭᠡᠨ ᠲᠡᠭᠡᠳᠦᠯᠡᠭᠰᠡᠨ ᠲᠠᠷᠬᠠᠨ ᠬᠠᠷᠢᠭᠤᠴᠠᠯᠭ᠎ᠠ ᠨᠢ ᠪᠤᠯᠬᠤ ᠶᠤᠮ᠃
     — ᠲᠦᠭᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠲᠤᠮᠳᠠ᠂ ︽ᠭᠤᠷᠪᠠᠨ 95%︾᠎ ᠤᠨ ᠡᠶ᠎ᠡ ᠨᠠᠶᠢᠷᠳᠠᠢ ᠲᠠᠳᠠᠪᠤᠷᠢᠯᠠᠨ ᠨᠤᠷᠠᠭᠠᠬᠤ ᠰᠢᠨ᠎ᠠ ᠵᠠᠬᠪᠤᠷ ᠢ ᠲᠤᠷᠠᠳᠴᠤ ᠠᠷᠠᠳ ᠤᠯᠠᠨ ᠤ ᠢᠳᠡᠪᠬᠢᠵᠢᠯ ᠪᠤᠯᠤᠨ ᠰᠠᠨᠠᠭᠠᠴᠢᠯᠠᠭ᠎ᠠ ᠶᠢ ᠬᠦᠢᠴᠠᠳ ᠲᠠᠶᠢᠴᠢᠯᠠᠵᠤ ᠴᠢᠳᠠᠵᠠᠢ᠃ ᠡᠨᠡᠭᠦ ᠠᠵᠢᠯ ᠤᠨ ᠠᠷᠭ᠎ᠠ ᠨᠢ ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠳᠤ ᠨᠤᠳᠠᠯᠠᠬᠳᠠᠪᠠ᠃
     — ᠤᠯᠠᠨ ᠨᠡᠶᠢᠳᠡ ᠶᠢᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠭᠦ ᠭᠤᠤᠯᠳᠠᠯᠭ᠎ᠠ ᠪᠠᠨ ᠦᠨᠳᠤᠰᠤᠨ ᠱᠠᠳᠤᠨ ᠳᠤ ᠲᠠᠯᠪᠢᠵᠤ᠂ ᠪᠠᠶᠢᠭᠠᠯᠢ ᠶᠢᠨ ᠰᠢᠳᠠᠮᠠᠬᠠᠢ ᠬᠡᠢ᠂ ᠪᠤᠬᠢᠷ ᠤᠰᠤ᠂ ᠬᠤᠭ ᠨᠤᠪᠰᠢ ᠶᠢ ᠰᠢᠢᠳᠪᠦᠷᠢᠯᠡᠭᠦ ᠲᠦᠭᠦᠭᠡᠷᠦᠮᠵᠢ ᠶᠢ ᠬᠦᠳᠡᠭᠡ ᠲᠤᠰᠬᠤᠨ ᠳᠤ ᠤᠷᠤᠭᠤᠯᠵᠤ᠂ ᠬᠦᠳᠡᠭᠡ ᠶᠢᠨ ᠬᠦᠮᠦᠰ ᠲᠤ ᠬᠤᠳᠠ ᠶᠢᠨ ᠤᠳᠤ ᠦᠶ᠎ᠠ ᠶᠢᠨ ᠦᠢᠯᠡᠴᠢᠯᠡᠭᠡ ᠶᠢ ᠡᠳ᠋ᠯᠡᠭᠦᠯᠪᠡ︔
     — ᠬᠦᠳᠡᠭᠡ ᠲᠤᠰᠬᠤᠨ ᠤ ᠨᠤᠷᠠᠬᠤ ᠠᠶᠤᠯᠳᠠᠢ ᠬᠡᠷ ᠪᠠᠶᠢᠰᠢᠩ ᠢ ᠦᠭᠡᠷᠡᠴᠢᠯᠡᠨ ᠪᠠᠶᠢᠭᠤᠯᠬᠤ ᠠᠵᠢᠯ ᠤᠨ ᠲᠤᠮᠳᠠ᠂ ᠭᠠᠳᠠᠨ᠎ᠠ ᠭᠠᠵᠠᠷ ᠬᠦᠯᠦᠰᠤᠨ ᠠᠵᠢᠯ ᠬᠢᠵᠤ ᠶᠠᠪᠤᠭ᠎ᠠ ᠲᠠᠷᠢᠶᠠᠴᠢᠳ ᠲᠤ ᠴᠢᠭᠯᠡᠭᠦᠯᠦᠨ᠂ ᠨᠤᠳᠤᠭ ᠲᠠᠭᠠᠨ ᠪᠤᠴᠠᠭᠠᠳ ᠨᠢᠭᠡ ᠵᠢᠯ ᠪᠤᠯᠤᠭᠠᠳᠤᠢ ᠬᠦᠮᠦᠰ ᠤᠨ ᠨᠤᠷᠠᠬᠤ ᠠᠶᠤᠯᠳᠠᠢ ᠬᠡᠷ ᠪᠠᠶᠢᠰᠢᠩ ᠢ ᠲᠦᠷ ᠦᠭᠡᠷᠡᠴᠢᠯᠡᠨ ᠵᠠᠰᠠᠬᠤ ᠦᠭᠡᠢ᠂ ᠨᠢᠭᠡ ᠵᠢᠯ ᠪᠤᠯᠤᠬᠰᠠᠳ ᠲᠤ ᠰᠠᠶ᠋ᠢ ᠲᠦᠷᠦ ᠶᠢᠨ ᠪᠤᠳᠤᠯᠭ᠎ᠠ ᠶᠢ ᠡᠳ᠋ᠯᠡᠭᠦᠯᠵᠤ᠂ ᠰᠢᠨ᠎ᠠ ᠤᠷᠤᠨ ᠰᠠᠭᠤᠴᠠ ᠶᠢ ᠰᠤᠯᠠ ᠲᠠᠯᠪᠢᠬᠤ ᠪᠤᠶᠤ ᠡᠬᠢ ᠪᠠᠶᠠᠯᠢᠭ ᠢ ᠪᠦᠷᠢᠯᠭᠡᠨ ᠰᠦᠢᠳᠭᠡᠭᠦ ᠠᠴᠠ ᠵᠠᠶᠢᠯᠠᠰᠬᠢᠵᠠᠢ︔
     — ᠨᠤᠳᠤᠭ ᠲᠠᠭᠠᠨ ᠪᠤᠴᠠᠬᠰᠠᠨ ᠲᠠᠷᠢᠶᠠᠴᠢᠨ ᠤ ᠭᠠᠵᠠᠷ ᠰᠢᠷᠤᠢ ᠶᠢᠨ ᠠᠰᠠᠭᠤᠳᠠᠯ ᠢ ᠰᠢᠢᠳᠪᠦᠷᠢᠯᠡᠭᠦ ᠶᠢᠨ ᠲᠦᠯᠦᠭᠡ ᠶᠠᠩ ᠶᠢᠨ ᠲᠦᠷᠦ ᠶᠢᠨ ᠪᠤᠳᠤᠯᠭ᠎ᠠ ᠶᠢᠨ ᠵᠢᠯᠤᠭᠤᠳᠬᠤ ᠲᠤᠭᠤᠢᠢᠯᠠᠩ ᠢ ᠪᠠᠶᠢᠭᠤᠯᠤᠨ ᠠᠰᠠᠭᠤᠳᠠᠯ ᠢ ᠰᠢᠢᠳᠪᠦᠷᠢᠯᠡᠭᠦᠯᠵᠤ᠂ ᠵᠦᠷᠢᠴᠡᠯ ᠤᠯᠠᠨᠳᠠᠢ ᠭᠠᠴᠠᠭ᠎ᠠ ᠲᠤᠰᠬᠤᠨ ᠳᠤ ᠪᠡᠶ᠎ᠠ ᠪᠠᠷ ᠢᠶᠠᠨ ᠬᠦᠷᠴᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ ᠡᠭᠦᠨ ᠤ ᠬᠠᠮᠳᠤ᠂ ᠵᠠᠰᠠᠭ ᠵᠠᠬᠢᠷᠭᠠᠨ ᠤ ᠵᠠᠭᠠᠯᠳᠤᠬᠤ ᠲᠦᠪ ᠢ ᠪᠠᠶᠢᠭᠤᠯᠤᠨ᠂ ᠬᠠᠤᠯᠢᠵᠢᠯ ᠤᠨ ᠠᠷᠭ᠎ᠠ ᠬᠡᠯᠪᠡᠷᠢ ᠪᠠᠷ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠬᠠᠤᠯᠢ ᠶᠤᠰᠤᠨ ᠤ ᠡᠷᠭᠡ ᠠᠰᠢᠭ ᠢ ᠪᠠᠳᠤᠯᠠᠯ᠎ᠠ᠃
     ᠁
     ᠡᠳᠡᠭᠡᠷ ᠵᠢᠯ ᠤᠳ ᠲᠤ᠂ ᠶᠠᠩ ᠶᠢᠨ ︽ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠬᠤ︾᠎ ᠪᠠᠷ ᠭᠠᠷᠳᠠᠴᠠ ᠪᠤᠯᠭᠠᠵᠦ᠂ ᠬᠦᠭᠵᠢᠯᠳᠡ ᠳᠤ ᠬᠠᠯᠠᠭᠤᠨ ᠲᠤᠯᠠᠭᠠᠬᠠᠨ ᠬᠦᠭ ᠨᠡᠮᠡᠷᠢᠯᠡᠵᠡᠢ᠃
     ᠶᠠᠩ ᠶᠢᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠭᠦ ᠪᠠᠷ ᠤᠳᠤᠬᠠᠨ ᠤ ᠬᠠᠮᠤᠭ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ︽ᠬᠤᠸᠠᠷ ᠬᠠᠳᠬᠤᠬᠤ︾ ᠬᠦᠴᠦ ᠤᠷᠤᠭᠤᠯᠦᠨ ᠬᠠᠨᠴᠤᠢ ᠰᠢᠮᠡᠯᠡᠨ ᠠᠵᠢᠯᠯᠠᠨ᠎ᠠ᠃ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ ᠨᠢ ᠤᠯᠤᠰ ᠤᠨ ᠲᠡᠰ ᠤᠨ ᠤᠨᠴᠠ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠪᠤᠯᠤᠬᠰᠠᠨ ᠤ ᠬᠤᠪᠢ ᠳᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠪᠠᠴᠢᠮ ᠲᠤᠯᠭᠠᠮ᠎ᠠ ᠮᠦᠷᠳᠡᠭᠡᠨ ᠬᠦᠨᠳᠦ ᠨᠦᠰᠡᠷ ᠪᠠᠶᠢᠯ᠎ᠠ᠃ ᠤᠢᠢᠷ᠎ᠠ ᠶᠢᠨ ᠵᠢᠯ ᠤᠨ ᠲᠤᠷᠰᠢ᠂ ᠶᠠᠩ ᠶᠢᠨ ᠵᠢᠯ ᠤᠨ ᠬᠠᠭᠠᠰ ᠠᠴᠠ ᠲᠡᠭᠡᠭᠰᠢᠬᠢ ᠡᠳᠦᠷ ᠬᠤᠨᠤᠭ ᠢᠶᠠᠷ ᠬᠦᠳᠡᠭᠡ ᠪᠠᠭᠤᠨ ᠪᠠᠶᠢᠴᠠᠭᠠᠨ ᠰᠤᠳᠤᠯᠵᠤ᠂ ᠢᠯᠠᠩᠭᠤᠶ᠎ᠠ 77 ᠶᠠᠳᠠᠭᠤ ᠬᠦᠴᠢᠷᠳᠡᠯᠳᠡᠢ ᠲᠤᠰᠬᠤᠨ ᠤ ᠵᠠᠷᠢᠮ ᠳᠤ ᠨᠢ 20 ᠭᠠᠷᠤᠢ ᠤᠳᠠᠭ᠎ᠠ ᠬᠦᠷᠦᠭᠰᠡᠨ ᠪᠠᠶᠢᠳᠠᠭ᠃
     ᠲᠤᠬᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠳᠤ ᠵᠠᠩᠬᠢᠯᠠᠭ᠎ᠠ ᠨᠢ ᠠᠵᠤ ᠦᠢᠯᠡᠰ ᠢ ᠬᠦᠭᠵᠢᠭᠦᠯᠭᠦ ᠳᠤ ᠪᠤᠢ᠃ ᠶᠠᠩ ᠶᠢᠨ ᠲᠠᠭᠠᠭᠤᠯᠤᠬᠴᠢ ᠠᠵᠤ ᠠᠬᠤᠢᠢᠯᠠᠯ ᠢ ᠤᠷᠤᠭᠤᠯᠤᠨ ᠠᠪᠴᠢᠷᠠᠬᠤ᠂ ᠬᠠᠮᠳᠤ ᠶᠢᠨ ᠠᠵᠤ ᠠᠬᠤᠢ ᠶᠢ ᠬᠦᠭᠵᠢᠭᠦᠯᠭᠦ ᠪᠠᠷ ᠬᠦᠳᠡᠭᠡ ᠲᠤᠰᠬᠤᠨ ᠤ ᠠᠵᠤ ᠦᠢᠯᠡᠰ ᠤᠨ ᠲᠤᠳᠠᠭᠤᠳᠠᠯ ᠢ ᠨᠦᠬᠦᠪᠦᠷᠢᠯᠡᠭᠦ ᠪᠦᠳᠦᠮᠵᠢᠳᠡᠢ ᠠᠷᠭ᠎ᠠ ᠵᠠᠮ ᠪᠤᠯᠭᠠᠵᠤ᠂ 22 ᠲᠠᠭᠠᠭᠤᠯᠤᠬᠴᠢ ᠠᠵᠤ ᠠᠬᠤᠢᠢᠯᠠᠯ ᠢ ᠤᠷᠤᠭᠤᠯᠤᠨ ᠠᠪᠴᠢᠷᠠᠬᠰᠠᠨ ᠪᠦᠭᠡᠳ ᠲᠤᠰᠬᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠠ ᠶᠢ ᠠᠬᠢᠭᠤᠯᠵᠤ᠂ ᠶᠠᠳᠠᠭᠤ ᠬᠦᠴᠢᠷᠳᠡᠯᠳᠡᠢ ᠡᠷᠦᠭᠡ ᠪᠦᠷᠢ ᠳᠤ ᠤᠷᠤᠯᠭ᠎ᠠ ᠪᠠᠨ ᠨᠡᠮᠡᠭᠳᠡᠭᠦᠯᠭᠦ ᠠᠷᠭ᠎ᠠ ᠵᠠᠮ ᠤᠯᠭᠤᠵᠦ᠂ ᠮᠠᠯᠵᠢᠬᠤ ᠲᠠᠷᠢᠶᠠᠯᠠᠬᠤ ᠤᠷᠤᠨ ᠢ ᠰᠢᠨ᠎ᠠ ᠠᠮᠢ ᠠᠮᠢᠵᠢᠷᠠᠯ ᠲᠠᠢ ᠪᠤᠯᠭᠠᠵᠠᠢ᠃ ᠶᠠᠩ ᠶᠢᠨ ᠤ ᠦᠭᠡ ᠪᠠᠷ ᠬᠤᠷᠢᠶᠠᠩᠭᠤᠢᠢᠯᠠᠪᠠᠯ᠂ ᠲᠠᠷᠤᠢ ᠤᠨᠢᠨ ᠲᠡᠭᠡᠷ᠎ᠠ ᠨᠢ ᠶᠠᠳᠠᠭᠤ ᠶᠢ ᠲᠡᠳᠭᠦᠭᠦ ᠲᠤᠬᠢᠶᠠᠯ ᠢᠶᠠᠷ ᠲᠤᠰᠬᠤᠨ ᠤ ᠬᠠᠮᠳᠤ ᠶᠢᠨ ᠠᠵᠤ ᠠᠬᠤᠢ ᠶᠢ ᠪᠤᠵᠠᠭᠠᠢᠢᠷᠠᠭᠤᠯᠵᠦ᠂ ᠬᠡᠪᠴᠢᠶᠡᠵᠢᠭᠰᠡᠨ᠂ ᠮᠧᠬᠠᠨᠢᠬᠵᠢᠬᠰᠠᠨ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠢ ᠰᠢᠨ᠎ᠠ ᠲᠡᠭᠳᠡᠷ ᠲᠤ ᠠᠬᠢᠭᠤᠯᠤᠨ᠂ ᠠᠷᠠᠳ ᠤᠯᠠᠨ ᠳᠠᠭᠠᠨ ᠨᠡᠩ ᠢᠯᠡᠭᠦᠦ ᠵᠤᠯ ᠵᠢᠷᠭᠠᠯᠳᠦ ᠠᠮᠢᠳᠤᠷᠠᠯ ᠡᠳ᠋ᠯᠡᠭᠦᠯᠭᠦ ᠶᠠᠪᠤᠳᠠᠯ ᠪᠤᠯᠤᠨ᠎ᠠ᠃
     ᠶᠠᠩ ᠶᠢᠨ ᠶᠠᠷᠤᠨᠢ ᠪᠤᠬᠢᠷᠳᠦᠯ ᠦᠭᠡᠢ ᠬᠦᠭᠵᠢᠯᠳᠡ ᠶᠢᠨ ᠤᠢᠢᠯᠠᠭᠠᠬᠳᠠᠬᠤᠨ ᠢ ᠪᠠᠳᠤ ᠪᠤᠢ ᠪᠤᠯᠭᠠᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭ᠎ᠠ ᠠᠳᠬᠤᠭᠰᠠᠭᠠᠷ ᠢᠷᠡᠵᠠᠢ᠃ ᠬᠢᠬᠢᠷᠢ ᠶᠢᠨ ᠨᠠᠭᠤᠷ ᠢᠶᠠᠷ ᠵᠢᠱᠢᠶᠡᠯᠡᠭᠦ ᠳᠤ᠂ ᠲᠡᠷᠡ ᠲᠤᠰ ᠬᠤᠰᠢᠭᠤᠨ ᠳᠤ ᠢᠷᠡᠵᠤ ᠠᠵᠢᠯᠯᠠᠬᠤ ᠲᠠᠢ ᠵᠡᠷᠭᠡ ᠲᠤᠰᠬᠠᠢ ᠪᠠᠶᠢᠭᠤᠯᠤᠮᠵᠢ ᠶᠢ ᠲᠤᠬᠢᠷᠠᠭᠤᠯᠤᠨ ᠭᠢᠭᠢᠷᠢ ᠶᠢᠨ ᠨᠠᠭᠤᠷ ᠤᠨ ᠬᠠᠮᠠᠭᠠᠯᠠᠯᠳᠠ ᠵᠢᠴᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠨᠴᠠᠭᠠᠢᠢᠯᠠᠨ 2017 ᠤᠨ ᠳᠤ ᠬᠦᠷᠢᠶᠡᠯᠡᠨ ᠪᠢᠳᠡᠭᠦᠮᠵᠢᠯᠡᠭᠦ ᠢᠨᠵᠧᠨᠧᠷᠢᠩ ᠢ ᠲᠠᠬᠢᠨᠳᠠ ᠬᠡᠷᠡᠭᠵᠢᠭᠦᠯᠵᠤ᠂ ᠲᠠᠷᠢᠶᠠᠯᠠᠬᠤ ᠶᠢ ᠵᠤᠭᠰᠤᠭᠠᠵᠤ ᠠᠮᠢ ᠠᠬᠤᠢ ᠤᠷᠴᠢᠨ ᠲᠤᠭᠤᠷᠢᠨ ᠤ ᠨᠤᠭᠤᠭᠠᠷᠠᠭᠤᠯᠤᠯᠳᠠ ᠶᠢ ᠰᠡᠷᠬᠦᠭᠡᠭᠰᠡᠨ ᠪᠢᠯᠡ᠃
     ᠶᠠᠩ ᠶᠢᠨ ᠠᠷᠢᠭᠤᠨ ᠴᠢᠭᠡᠴᠢ ᠪᠠᠷ ᠲᠠᠷᠤᠭ᠎ᠠ ᠰᠠᠭᠤᠬᠤ᠂ ᠲᠦᠪ ᠴᠢᠭᠴᠢ ᠪᠠᠷ ᠬᠦᠮᠦᠨ ᠪᠤᠯᠬᠤ ᠶᠤᠰᠤ ᠶᠢ ᠡᠷᠬᠢᠮᠯᠡᠵᠤ᠂ ᠲᠤᠰ ᠪᠡᠶ᠎ᠠ ᠪᠠᠷ ᠢᠶᠠᠨ ᠬᠡᠪ ᠲᠠᠭᠤᠷᠢᠶᠠᠯ ᠪᠤᠯᠤᠭᠰᠠᠨ ᠤ ᠬᠤᠪᠢ ᠳᠤ᠂ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠤᠨ ᠬᠡᠪ ᠰᠤᠷᠳᠠᠯ ᠢᠯᠡᠳᠳᠡ ᠰᠠᠶᠢᠵᠢᠷᠠᠨ᠂ ᠠᠵᠢᠯ ᠬᠢᠵᠤ ᠦᠢᠯᠡᠰ ᠪᠤᠰᠬᠠᠬᠤ ᠢᠳᠡᠪᠬᠢ ᠬᠦᠴᠤᠨ ᠢ ᠨᠢ ᠲᠠᠶᠢᠴᠢᠯᠠᠭᠰᠠᠨ ᠪᠠᠶᠢᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠪᠤᠶᠠᠨ᠋ᠦ᠌ᠨᠳᠦᠰᠦ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号