ᠨᠠᠷᠠᠨ ᠳᠤ ᠰᠢᠷᠠᠬᠳᠠᠵᠤ ᠰᠢᠷᠬᠠᠯᠠᠪᠠᠯ ᠳᠠᠷᠦ᠋ᠢᠬᠠᠨ ᠠᠷᠭ᠎ᠠ ᠬᠡᠮᠵᠢᠶ᠎ᠠ ᠠᠪᠬᠤ ᠬᠡᠷᠡᠭᠳᠡᠢ
2018-07-02 12:18:08
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
      1. ᠨᠠᠷᠠᠨ ᠳᠤ ᠶᠠᠪᠤᠭᠠᠳ ᠠᠷᠠᠰᠤ ᠬᠤᠷᠤᠰᠴᠤ ᠤᠯᠠᠶᠢᠬᠤ ᠪᠠᠶᠢᠳᠠᠯ ᠭᠠᠷᠪᠠᠯ ᠳᠠᠷᠦ᠋ᠢᠬᠠᠨ ᠨᠠᠷᠠᠨ ᠠᠴᠠ ᠬᠠᠯᠬᠠᠯᠠᠬᠤ ᠠᠷᠭ᠎ᠠ ᠬᠡᠮᠵᠢᠶ᠎ᠠ ᠠᠪᠬᠤ ᠭᠡᠷᠡᠭᠳᠡᠢ᠃ ᠬᠡᠷᠪᠡ ᠦᠷᠭᠦᠯᠵᠢᠯᠡᠨ ᠨᠠᠷᠠᠨ ᠳᠤ ᠰᠢᠷᠠᠭᠳᠠᠬᠤ ᠳᠤ ᠬᠦᠷᠪᠡᠯ ᠰᠢᠷᠬᠠᠳᠤᠯ ᠨᠢ ᠤᠯᠠᠮ ᠬᠦᠨᠳᠦᠷᠡᠳᠡᠭ᠂ ᠨᠠᠷᠠᠨ ᠤ ᠰᠢᠷᠬᠠᠳᠤᠯ ᠤᠨ ᠬᠦᠭᠵᠢᠯᠳᠡ ᠶᠢᠨ ᠶᠠᠪᠤᠴᠠ ᠨᠢ ᠪᠠᠷᠤᠭ 4 — 6 ᠴᠠᠭ ᠪᠠᠶᠢᠳᠠᠭ ᠪᠤᠯᠬᠤᠷ ᠭᠡᠳᠦᠢ ᠡᠷᠳᠡ ᠠᠷᠭ᠎ᠠ ᠬᠡᠮᠵᠢᠶ᠎ᠠ ᠠᠪᠤᠪᠠᠯ ᠳᠡᠳᠦᠢ ᠰᠠᠶᠢᠨ᠃ 
      2. ᠬᠦᠢᠳᠡᠨ ᠤᠰᠤ ᠪᠠᠷ ᠱᠠᠪᠰᠢᠵᠤ ᠴᠢᠭᠢᠭ ᠢ ᠬᠠᠮᠠᠭᠠᠯᠠᠬᠤ ᠣ ᠳᠦᠷᠭᠢᠨ᠎ᠠ᠃ ᠠᠩᠬᠠᠷ︕ ᠮᠦᠰᠦ ᠭᠡᠷᠡᠭᠯᠡᠵᠦ ᠪᠤᠯᠬᠤ ᠦᠭᠡᠢ᠂ ᠠᠯᠴᠢᠭᠤᠷ ᠢᠶᠠᠨ ᠬᠦᠷᠦᠭᠡᠭᠦᠷ ᠲᠤ ᠬᠢᠵᠦ ᠭᠦᠢᠳᠡᠨ ᠪᠤᠯᠭᠠᠭᠠᠳ ᠰᠢᠷᠠᠭᠳᠠᠭᠰᠠᠨ ᠭᠠᠵᠠᠷ ᠢᠶᠠᠨ ᠳᠠᠷᠤᠵᠤ ᠪᠤᠯᠤᠨ᠎ᠠ᠃      ᠳᠠᠬᠢᠨ ᠳᠠᠪᠳᠠᠨ ᠴᠢᠭᠢᠭ ᠢ ᠬᠠᠮᠠᠭᠠᠯᠠᠬᠤ ᠣ ᠳᠦᠷᠭᠢᠪᠡᠯ ᠠᠷᠠᠰᠤ ᠬᠠᠭᠤᠷᠬᠤ ᠶᠢ ᠪᠠᠭᠠᠰᠬᠠᠵᠤ ᠪᠤᠯᠳᠠᠭ᠂ ᠸᠢᠲ᠋ᠠᠮᠢᠨ C᠂ E ᠡᠯᠪᠡᠭ ᠠᠭᠤᠯᠤᠭᠰᠠᠨ ᠪᠦᠲᠦᠭᠡᠭᠳᠡᠭᠦᠨ ᠭᠡᠷᠡᠭᠯᠡᠪᠡᠯ ᠰᠠᠶᠢᠨ᠃       3. ᠬᠦᠨᠳᠦ ᠭᠡᠴᠡᠭᠦᠦ ᠰᠢᠷᠠᠭᠳᠠᠵᠤ ᠴᠦᠪᠦᠷᠢᠭᠦᠦ ᠭᠠᠷᠬᠤ ᠳᠡᠭᠡᠷ᠎ᠡ ᠬᠦᠷᠪᠡᠯ ᠪᠡᠶ᠎ᠡ ᠶᠢᠨ ᠤᠰᠤ ᠠᠯᠳᠠᠭᠳᠠᠳᠠᠭ᠂ ᠤᠰᠤ ᠢᠯᠡᠭᠦᠦ ᠨᠦᠬᠦᠪᠡᠯ ᠵᠤᠬᠢᠨ᠎ᠠ᠃ ᠬᠡᠦᠬᠡᠳ ᠤᠨᠴᠠᠭᠠᠢᠢᠯᠠᠨ ᠠᠩᠬᠠᠷᠬᠤ ᠭᠡᠷᠡᠭᠳᠡᠢ᠃      ᠨᠠᠷᠠᠨ ᠳᠤ ᠰᠢᠷᠠᠭᠳᠠᠵᠤ ᠴᠦᠪᠦᠷᠢᠭᠦᠦ ᠭᠠᠷᠤᠭᠰᠠᠨ ᠭᠠᠵᠠᠷ ᠨᠢ ᠪᠡᠶ᠎ᠡ ᠶᠢᠨ 20% ︵ᠬᠡᠦᠬᠡᠳ ᠤᠨ ᠪᠦᠬᠦᠯᠢ ᠨᠢᠷᠦᠭᠤᠨ ᠤ ᠭᠡᠰᠡᠭ ᠲᠠᠢ ᠪᠠᠷᠤᠭ ᠳᠡᠩᠴᠡᠨ᠎ᠠ︶᠎ ᠠᠴᠠ ᠳᠠᠪᠠᠭᠰᠠᠨ ᠪᠠᠶᠢᠳᠠᠯ ᠳᠤ ᠡᠮᠨᠡᠯᠭᠡ ᠳᠤ ᠤᠴᠢᠪᠠᠯ ᠵᠤᠬᠢᠨ᠎ᠠ᠃      4. ᠨᠠᠷᠠᠨ ᠳᠤ ᠰᠢᠷᠠᠭᠳᠠᠪᠠᠯ ᠠᠷᠠᠰᠤ ᠬᠡᠪᠡᠷᠡᠭ ᠪᠤᠯᠳᠠᠭ᠂ ᠳᠡᠶᠢᠮᠦ ᠠᠴᠠ ᠪᠡᠶ᠎ᠡ ᠤᠭᠢᠶᠠᠬᠤ ᠳᠠᠭᠠᠨ ᠰᠢᠷᠠᠭᠳᠠᠭᠰᠠᠨ ᠭᠡᠰᠡᠭ ᠢᠶᠠᠨ ᠭᠡᠳᠦ ᠰᠢᠷᠦᠭᠦᠨ ᠨᠢᠳᠭᠡᠷᠴᠦ ᠠᠷᠴᠢᠬᠤ ᠦᠭᠡᠢ ᠪᠠᠶᠢᠬᠤ ᠶᠢ ᠬᠢᠴᠢᠶᠡᠵᠦ᠂ ᠰᠢᠷᠬᠠᠯᠠᠵᠤ ᠦᠷᠪᠢᠰᠦᠯᠡᠬᠦ ᠠᠴᠠ ᠰᠡᠷᠭᠡᠶᠢᠯᠡᠬᠦ ᠭᠡᠷᠡᠭᠳᠡᠢ᠃ 
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号