62 ᠵᠢᠯ ᠤᠨ ᠳᠡᠦᠬᠡ ᠲᠠᠢ ᠣᠯᠠᠭᠠᠨᠮᠦ᠋ᠴᠢᠷ ᠤᠨ ᠦᠢᠯᠡᠰ ᠬᠠᠣᠯᠢ ᠶᠣᠰᠣᠭᠠᠷ ᠪᠠᠶᠢᠭᠤᠯᠵᠣ ᠬᠦᠭᠵᠢᠬᠦ ᠰᠢᠨ᠎ᠡ ᠴᠠᠭ ᠦᠶ᠎ᠡ ᠳᠤ ᠣᠷᠣᠪᠠ
2019-10-11 09:01:15
ᠵᠣᠬᠢᠶᠠᠭᠴᠢ᠄ 
ᠰᠠᠷᠠᠨᠲᠤᠶᠠᠭ᠎ᠠ
ᠣᠩᠰᠢᠭᠰᠠᠨ ᠣᠳᠠᠭ᠎ᠠ᠄ 
★★★☆☆

    2019 ᠣᠨ ᠤ 9 ᠰᠠᠷ᠎ᠠ ᠶᠢᠨ 26᠎ ᠤ ᠡᠳᠦᠷ ᠪᠤᠯ 62 ᠵᠢᠯ ᠤᠨ ᠲᠡᠤᠭᠡ ᠲᠠᠢ ᠮᠠᠨ ᠤ ᠤᠷᠤᠨ ᠤ 75 ᠣᠯᠠᠭᠠᠨᠮᠦ᠋ᠴᠢᠷ ᠤᠨ ᠤᠷᠠᠯᠢᠭ ᠤᠨ ᠪᠦᠯᠭᠦᠮ ᠪᠠ 3184 ᠤᠯᠠᠭᠠᠨᠮᠦ᠋ᠴᠢᠷ ᠤᠨ ᠳᠣᠭᠯᠠᠭᠴᠢᠳ ᠲᠤ ᠠᠪᠴᠣ ᠬᠡᠯᠡᠪᠡᠯ᠂ ᠪᠠᠶᠠᠷᠯᠠᠨ ᠳᠣᠭᠳᠣᠯᠤᠭᠤᠰᠢᠳᠠᠢ ᠮᠦᠷᠳᠡᠭᠡᠨ ᠳᠣᠷᠠᠰᠬᠠᠨ ᠳᠡᠮᠳᠡᠭᠯᠡᠭᠦᠰᠢᠳᠡᠢ ᠡᠳᠦᠷ ᠪᠣᠯᠬᠤ ᠨᠢ ᠳᠠᠮᠵᠢᠭ ᠦᠭᠡᠢ᠃ ᠡᠨᠡ ᠡᠳᠦᠷ᠂ ᠣᠯᠠᠨ ᠣᠳᠠᠭ᠎ᠠ ᠶᠢᠨ ᠪᠠᠶᠢᠴᠠᠭᠠᠨ ᠰᠣᠳᠣᠯᠬᠤ᠂ ᠰᠠᠨᠠᠯ ᠬᠤᠷᠢᠶᠠᠬᠤ᠂ ᠬᠢᠨᠠᠨ ᠵᠦᠪᠯᠡᠬᠦ᠂ ᠵᠠᠰᠠᠪᠣᠷᠢ ᠣᠷᠣᠭᠤᠯᠬᠤ ᠶᠠᠪᠣᠴᠠ ᠶᠢ ᠦᠩᠭᠡᠷᠡᠭᠡᠭᠰᠡᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ︾ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯ ᠳᠡᠭᠡᠷ᠎ᠡ ᠪᠠᠳᠣᠯᠠᠭᠳᠠᠵᠣ᠂ ︽ᠲᠠᠯ᠎ᠠ ᠨᠤᠳᠤᠬ ᠤᠨ ᠬᠤᠪᠢᠰᠬᠠᠯᠳᠤ ᠤᠳᠬ᠎ᠠ ᠤᠷᠠᠯᠢᠭ ᠤᠨ ᠬᠦᠡᠭᠭᠡᠨ ᠮᠤᠷᠢᠳᠤ ᠴᠡᠷᠢᠭ︾ ᠣᠯᠠᠭᠠᠨᠮᠦ᠋ᠴᠢᠷ ᠤᠨ ᠦᠢᠯᠡᠰ ᠬᠠᠣᠯᠢ ᠶᠣᠰᠣᠭᠠᠷ ᠪᠠᠶᠢᠭᠤᠯᠵᠣ ᠬᠦᠭᠵᠢᠬᠦ ᠰᠢᠨ᠎ᠡ ᠴᠠᠭ ᠦᠶ᠎ᠡ ᠳᠤ ᠣᠷᠣᠵᠣ᠂ ᠬᠦᠭᠵᠢᠯᠳᠡ ᠶᠢᠨ ᠪᠠᠰᠠ ᠨᠢᠭᠡᠨ ᠣᠷᠢᠬᠠᠨ ᠬᠠᠪᠣᠷ ᠢᠶᠠᠨ ᠣᠭᠳᠣᠭᠰᠠᠨ ᠢ ᠳᠣᠩᠬᠠᠭᠯᠠᠪᠠ᠃
    ᠤᠯᠠᠭᠠᠨᠮᠦ᠋ᠴᠢᠷ ᠪᠤᠯ ᠦᠪᠦᠷ ᠮᠣᠩᠭᠤᠯ ᠤᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠭᠤᠤᠯ ᠬᠦᠴᠦᠨ ᠴᠡᠷᠢᠭ᠂ ᠤᠶᠤᠨ ᠤ ᠪᠤᠯᠪᠠᠰᠤᠨ ᠤ ᠪᠠᠶᠢᠭᠤᠯᠤᠯᠳᠠ ᠪᠠ ᠦᠨᠳᠦᠰᠦᠳᠡᠨ ᠤ ᠰᠤᠶᠤᠯ ᠤᠨ ᠬᠦᠴᠦᠷᠭᠡᠭ ᠤᠷᠤᠨ ᠤ ᠪᠠᠶᠢᠭᠤᠯᠤᠯᠳᠠ ᠶᠢᠨ ᠬᠤᠰᠢᠭᠤᠴᠢ ᠴᠡᠷᠢᠭ ᠪᠣᠯᠬᠤ ᠮᠦᠷᠳᠡᠭᠡᠨ ᠤᠳᠬ᠎ᠠ ᠤᠷᠠᠯᠢᠭ ᠤᠨ ᠠᠵᠢᠯ ᠤᠨ ᠭᠡᠷᠡᠯ ᠰᠠᠴᠣᠷᠠᠭᠰᠠᠨ ᠨᠡᠷ᠎ᠡ ᠶᠢᠨ ᠬᠠᠭᠤᠳᠠᠰᠦ ᠪᠤᠯᠤᠨ᠎ᠠ᠃ 1957 ᠤᠨ ᠳᠤ᠂ ᠦᠪᠦᠷ ᠮᠣᠩᠭᠤᠯ ᠤᠨ ᠣᠷᠣᠨ ᠨᠣᠳᠤᠭ ᠤᠨ ᠣᠨᠴᠠᠯᠢᠭ᠂ ᠦᠨᠳᠦᠰᠦᠳᠡᠨ ᠤ ᠣᠨᠴᠠᠯᠢᠭ ᠲᠠᠢ ᠣᠨᠴᠠᠭᠠᠢ ᠣᠳᠬ᠎ᠠ ᠣᠷᠠᠯᠢᠭ ᠤᠨ ᠪᠦᠯᠬᠦᠮ ᠪᠣᠯᠬᠤ ᠪᠦᠬᠦ ᠣᠯᠣᠰ ᠤᠨ ᠣᠣᠭᠠᠨ ᠤᠯᠠᠭᠠᠨᠮᠦ᠋ᠴᠢᠷ ᠰᠢᠯᠢ ᠶᠢᠨ ᠭᠤᠤᠯ ᠠᠶᠢᠮᠠᠬ ᠤᠨ ᠰᠦᠨᠢᠳ ᠪᠠᠷᠠᠭᠤᠨ ᠬᠤᠰᠢᠭᠤᠨ ᠳᠤ ᠮᠡᠨᠳᠦᠯᠡᠪᠡ᠃ ᠤᠳᠤᠬᠠᠨ ᠪᠤᠯᠳᠠᠯ᠎ᠠ᠂ ᠦᠪᠦᠷ ᠮᠣᠩᠭᠤᠯ ᠤᠨ 118 ᠲᠦᠮᠡᠨ ᠳᠡᠭᠰᠢ ᠳᠦᠷᠪᠡᠯᠵᠢᠨ ᠺᠢᠯᠣᠮᠧᠲᠷ ᠤᠨ ᠦᠷᠭᠡᠨ ᠠᠭᠤᠳᠠᠮ ᠨᠣᠳᠤᠭ ᠳᠡᠪᠢᠰᠭᠡᠷ ᠳᠡᠭᠡᠷ᠎ᠡ ᠤᠷᠢᠳ ᠬᠤᠵᠢᠳ 75 ᠣᠯᠠᠭᠠᠨᠮᠦ᠋ᠴᠢᠷ ᠪᠠᠶᠢᠭᠤᠯᠤᠬᠳᠠᠵᠦ᠂ ᠦᠨᠳᠦᠰᠦᠳᠡᠨ ᠤ ᠰᠤᠶᠤᠯ ᠤᠨ ᠰᠢᠯᠢᠳᠡᠭ ᠣᠯᠠᠮᠵᠢᠯᠠᠯ᠂ ᠲᠠᠯ᠎ᠠ ᠨᠤᠳᠤᠬ ᠤᠨ ᠰᠤᠶᠤᠯ ᠤᠨ ᠰᠦᠭ ᠰᠦᠨᠡᠰᠦ᠂ ᠬᠤᠪᠢᠰᠬᠠᠯ ᠤᠨ ᠰᠤᠶᠤᠯ ᠤᠨ ᠬᠠᠳᠠᠨ ᠵᠤᠷᠢᠬ ᠢ ᠤᠯᠠᠮᠵᠢᠯᠠᠨ ᠵᠠᠯᠭᠠᠮᠵᠢᠯᠠᠵᠦ᠂ ᠲᠠᠯ᠎ᠠ ᠨᠤᠳᠤᠬ ᠲᠤ ᠬᠦᠷᠦᠰᠦᠯᠡᠨ ᠦᠨᠳᠦᠰᠦᠨ ᠱᠠᠳᠣᠨ ᠳᠤ ᠦᠨᠳᠦᠰᠦᠯᠡᠵᠦ᠂ ᠲᠡᠯᠡᠭᠡᠢ ᠶᠢᠨ ᠲᠠᠪᠴᠠᠩ ᠳᠤ ᠭᠠᠷᠴᠠᠢ᠃ 62 ᠵᠢᠯ ᠤᠨ ᠲᠤᠷᠰᠢ᠂ ︽ᠨᠢᠭᠡ ᠳᠤ ᠴᠠᠭᠠᠷᠠᠨ ᠣᠯᠠᠨ ᠳᠤ ᠮᠡᠷᠭᠡᠰᠢᠭᠰᠡᠨ︾ ᠬᠡᠳᠦᠨ ᠦᠶ᠎ᠡ ᠶᠢᠨ ᠲᠦᠭ ᠲᠦᠮᠡᠨ ᠤᠯᠠᠭᠠᠨᠮᠦ᠋ᠴᠢᠷ ᠤᠨ ᠳᠣᠭᠯᠠᠭᠴᠢᠳ ᠬᠦᠷᠦᠰᠦᠳᠦ ᠳᠡᠯᠡᠬᠡᠢ ᠪᠠᠷ ᠳᠠᠶᠢᠰᠠ ᠪᠣᠯᠭᠠᠨ ᠬᠦᠬᠡ ᠲᠡᠭᠷᠢ ᠪᠠᠷ ᠬᠦᠰᠢᠭᠡ ᠪᠣᠯᠭᠠᠨ᠂ ᠦᠨᠳᠦᠰᠦᠨ ᠱᠠᠳᠤᠨ ᠤ ᠤᠯᠠᠨ ᠲᠦᠮᠡᠨ ᠳᠤ ᠲᠤᠬᠯᠠᠯᠳᠠ᠂ ᠦᠢᠯᠡᠴᠢᠯᠡᠭᠡ᠂ ᠤᠬᠠᠭᠤᠯᠭ᠎ᠠ᠂ ᠵᠢᠯᠤᠭᠤᠳᠤᠯᠭ᠎ᠠ ᠬᠠᠨᠭ᠍ᠭᠠᠵᠦ᠂ ᠬᠦᠳᠡᠭᠡ ᠨᠣᠳᠤᠭ ᠤᠨ ᠦᠷᠭᠡᠨ ᠲᠦᠮᠡᠨ ᠤ ᠬᠠᠶᠢᠷ᠎ᠠ ᠪᠠᠭ᠋ᠠᠷᠬᠠᠯ ᠢ ᠶᠡᠬᠡᠳᠡ ᠤᠯᠪᠠ᠃ ᠤᠯᠠᠭᠠᠨᠮᠦ᠋ᠴᠢᠷ ᠮᠠᠨ ᠤ ᠤᠷᠤᠨ ᠤ ᠰᠤᠶᠤᠯ ᠤᠨ ᠨᠡᠷᠡᠳᠤ ᠲᠡᠮᠳᠡᠭ ᠪᠠ ᠲᠠᠯ᠎ᠠ ᠨᠤᠳᠤᠭ ᠤᠨ ᠰᠤᠶᠤᠯ ᠢ ᠤᠯᠠᠮᠵᠢᠯᠠᠵᠦ ᠵᠠᠯᠭᠠᠮᠵᠢᠯᠠᠬᠤ ᠪᠦᠲᠦᠮᠵᠢᠳᠠᠢ ᠵᠠᠬᠪᠤᠷ ᠪᠤᠯᠵᠦ᠂ ︽ᠲᠠᠯ᠎ᠠ ᠨᠤᠳᠤᠬ ᠤᠨ ᠬᠤᠪᠢᠰᠬᠠᠯᠳᠤ ᠤᠳᠬ᠎ᠠ ᠤᠷᠠᠯᠢᠭ ᠤᠨ ᠬᠦᠡᠭᠭᠡᠨ ᠮᠤᠷᠢᠳᠤ ᠴᠡᠷᠢᠭ︾ ᠬᠡᠮᠡᠨ ᠴᠤᠯᠠᠯᠠᠬᠳᠠᠪᠠ᠃
    ᠰᠢᠨ᠎ᠠ ᠴᠠᠬ ᠦᠶ᠎ᠠ ᠳᠤ᠂ ᠨᠡᠩ ᠦᠡᠭᠭᠡ ᠬᠡᠷᠡᠯᠳᠠᠢ ᠮᠦᠷᠳᠡᠭᠡᠨ ᠪᠡᠷᠭᠡ ᠬᠠᠳᠠᠭᠤᠵᠢᠯᠳᠠᠢ ᠲᠡᠤᠭᠡᠳᠤ ᠡᠭᠦᠷᠭᠡ ᠶᠢ ᠡᠭᠦᠷᠭᠡᠯᠡᠵᠦ ᠪᠠᠶᠢᠭ᠎ᠠ ᠤᠯᠠᠭᠠᠨᠮᠦ᠋ᠴᠢᠷ ᠤᠨ ᠬᠦᠭᠵᠢᠯᠳᠠ ᠴᠢᠬᠤᠯᠠ ᠠᠵᠠ ᠲᠤᠬᠢᠶᠠᠯ ᠪᠠ ᠦᠷᠢᠰᠦᠯᠳᠦᠭᠡᠨ ᠳᠤ ᠲᠤᠯᠭᠠᠷᠠᠪᠠ᠃ ᠳᠣᠭᠯᠠᠭᠴᠢ ᠲᠤᠳᠠᠬᠳᠠᠬᠤ᠂ ᠲᠤᠬᠯᠠᠬᠴᠢᠳ ᠨᠠᠰᠤ ᠠᠬᠠᠰᠢᠷᠠᠬᠤ᠂ ᠵᠤᠬᠢᠶᠠᠨ ᠪᠦᠲᠦᠭᠡᠭᠦ ᠴᠢᠳᠠᠪᠤᠷᠢᠳᠠᠨ ᠬᠤᠮᠰᠠᠳᠠᠬᠤ ᠵᠡᠷᠭᠡ ᠠᠰᠠᠭᠤᠳᠠᠯ ᠠᠴᠠ ᠭᠠᠳᠠᠨ᠎ᠠ ᠡᠳ᠋ ᠤᠨ ᠵᠠᠰᠠᠬ ᠤᠨ ᠤᠷᠤᠭᠤᠯᠤᠯᠳᠠ ᠭᠦᠢᠴᠡᠳ ᠪᠣᠰᠣ᠂ ᠵᠤᠬᠢᠶᠠᠨ ᠪᠦᠲᠦᠭᠡᠯᠭᠡ ᠶᠢᠨ ᠵᠠᠷᠤᠳᠠᠯ ᠬᠤᠮᠰᠠ᠂ ᠪᠤᠯᠪᠠᠰᠤᠷᠠᠯ ᠲᠤᠬᠯᠠᠯᠳᠠ ᠶᠢᠨ ᠲᠠᠯᠠᠪᠤᠷ ᠳᠦᠭᠦᠮ ᠪᠦᠳᠦᠭᠦᠯᠢᠭ᠂ ᠲᠤᠬᠯᠠᠬᠴᠢᠳ ᠤᠨ ᠭᠦᠯᠦᠰᠦ ᠤᠯᠭᠤᠮᠵᠢ ᠳᠣᠣᠷ᠎ᠠ ᠵᠡᠷᠭᠡ ᠬᠦᠴᠢᠷᠳᠠᠯ ᠪᠠ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠤᠷᠤᠰᠢᠵᠦ᠂ ᠤᠯᠠᠭᠠᠨᠮᠦ᠋ᠴᠢᠷ ᠤᠨ ᠬᠦᠭᠵᠢᠯᠳᠠ ᠶᠢ ᠬᠦᠨᠳᠦ ᠨᠣᠴᠢᠳᠠᠢ ᠬᠠᠷᠰᠢᠯᠠᠪᠠ᠃ ᠡᠶᠢᠨ ᠬᠦ᠂ ᠣᠷᠣᠨ ᠨᠣᠳᠤᠭ ᠤᠨ ᠬᠠᠤᠯᠢ ᠲᠤᠬᠳᠠᠭᠠᠬᠤ ᠪᠠᠷ ᠲᠠᠮᠵᠢᠭᠤᠯᠵᠦ᠂ ᠤᠯᠠᠭᠠᠨᠮᠦ᠋ᠴᠢᠷ ᠤᠨ ᠦᠢᠯᠡᠰ ᠤᠨ ᠦᠨᠢ ᠤᠳᠠᠭᠠᠨ ᠤ ᠬᠦᠭᠵᠢᠯᠳᠠ ᠶᠢ ᠪᠠᠳᠤᠯᠠᠵᠦ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠤᠯᠠᠭᠠᠨᠮᠦ᠋ᠴᠢᠷ ᠤᠨ ᠬᠦᠭᠵᠢᠯᠳᠠ ᠳᠣᠮᠳᠠᠬᠢ ᠤᠷᠳᠤ ᠬᠤᠭᠤᠴᠠᠭ᠎ᠠ ᠤᠷᠤᠰᠢᠵᠦ ᠪᠠᠶᠢᠭ᠎ᠠ ᠠᠰᠠᠭᠤᠳᠠᠯ ᠪᠠ ᠬᠦᠴᠢᠷᠳᠠᠯ ᠢ ᠰᠢᠢᠳᠪᠤᠷᠢᠯᠡᠭᠦ ᠨᠢ ᠪᠠᠴᠢᠮ ᠰᠢᠢᠳᠪᠦᠷᠢᠯᠡᠬᠦ ᠳᠣᠯᠭᠠᠮ ᠠᠰᠠᠭᠤᠳᠠᠯ ᠪᠣᠯᠵᠠᠢ᠃
    ᠡᠨᠡ ᠬᠦ ᠪᠠᠶᠢᠳᠠᠯ ᠳᠤ ᠴᠢᠭᠯᠡᠭᠦᠯᠦᠨ᠂ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠯᠠᠭᠠᠨᠮᠦ᠋ᠴᠢᠷ ᠤᠨ ᠦᠢᠯᠡᠰ ᠤᠨ ᠬᠦᠭᠵᠢᠯᠳᠠ ᠶᠢᠨ ᠬᠡᠷᠡᠭᠴᠡᠭᠡ ᠳᠤ ᠵᠤᠬᠢᠴᠠᠭᠤᠯᠵᠦ᠂ ᠤᠯᠠᠭᠠᠨᠮᠦ᠋ᠴᠢᠷ ᠤᠨ ᠪᠠᠶᠢᠭᠤᠯᠤᠯᠳᠠ ᠪᠠ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠬᠤ ᠶᠢᠨ ᠲᠦᠯᠦᠭᠡ᠂ 1985 ᠤᠨ ᠳᠤ ᠳᠣᠭᠳᠠᠭᠠᠭᠰᠠᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠠᠵᠢᠯ ᠤᠨ ᠲᠦᠷᠢᠮ︾᠎ ᠢ ᠬᠡᠷᠡᠭᠵᠢᠭᠦᠯᠦᠭᠰᠡᠨ ᠪᠠᠶᠢᠳᠠᠯ ᠢ ᠳ᠋ᠦᠡᠭᠨᠡᠭᠰᠡᠨ ᠰᠠᠭᠤᠷᠢᠨ ᠲᠡᠭᠡᠷ᠎ᠠ᠂ ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ ᠲᠤᠬᠳᠠᠭᠠᠬᠤ ᠬᠠᠮᠢᠶ᠎ᠠ ᠪᠦᠭᠦᠢ ᠠᠵᠢᠯ ᠢ ᠢᠳᠡᠪᠭᠢᠳᠡᠢ ᠭᠠᠷᠳᠠᠨ ᠬᠢᠪᠡ᠃ 2017 ᠤᠨ ᠤ 11 ᠰᠠᠷ᠎ᠠ ᠶᠢᠨ 21᠎ ᠤ ᠡᠳᠦᠷ᠂ ᠶᠡᠷᠦᠩᠭᠡᠢ ᠱᠦᠵᠢ ᠰᠢ ᠶᠢᠨ ᠫᠢᠡᠭ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠭᠰᠡᠨ ᠨᠢ ᠤᠷᠤᠨ ᠨᠤᠳᠤᠬ ᠤᠨ ᠬᠠᠤᠯᠢ ᠲᠤᠬᠳᠠᠭᠠᠬᠤ ᠠᠬᠢᠴᠠ ᠶᠢ ᠴᠠᠭᠠᠰᠢᠳᠠ ᠲᠦᠷᠭᠡᠳᠭᠡᠭᠰᠡᠨ ᠪᠠᠶᠢᠨ᠎ᠠ᠃ 2017 ᠤᠨ ᠤ 12 ᠰᠠᠷ᠎ᠠ ᠶᠢᠨ 28᠎ ᠤ ᠡᠳᠦᠷ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ︽ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠤᠯᠠᠭᠠᠨᠮᠦ᠋ᠴᠢᠷ ᠤᠨ ᠦᠢᠯᠡᠰ ᠤᠨ ᠬᠦᠭᠵᠢᠯᠳᠠ ᠶᠢ ᠲᠦᠷᠭᠡᠳᠭᠡᠭᠦ ᠲᠤᠬᠠᠢ ᠰᠠᠨᠠᠯ︾ ᠨᠡᠶᠢᠳᠡᠯᠡᠭᠰᠡᠨ ᠤ ᠲᠠᠷᠠᠭᠠᠬᠠᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ ︵ᠲᠦᠰᠦᠯ︶︾᠎ ᠢ 2018 ᠤᠨ ᠤ ᠴᠢᠬᠤᠯᠠ ᠬᠠᠤᠯᠢ ᠲᠤᠬᠳᠠᠭᠠᠬᠤ ᠲᠦᠷᠦᠯ ᠵᠦᠢᠯ ᠳᠡᠭᠡᠨ ᠤᠷᠤᠭᠤᠯᠪᠠ᠃ ᠳᠣᠰ ᠵᠢᠯ ᠤᠨ 3 ᠰᠠᠷ᠎ᠠ ᠶᠢᠨ ᠡᠭᠢ ᠪᠠᠷ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ᠂ ᠰᠤᠶᠤᠯ ᠪᠠ ᠵᠢᠭᠤᠯᠴᠢᠯᠠᠯ ᠤᠨ ᠲᠢᠩᠭᠢᠮ ᠤᠨ ᠬᠢᠨ ᠵᠢᠴᠢ ᠡᠷᠳᠡᠮᠳᠡᠨ ᠮᠡᠷᠭᠡᠵᠢᠯᠳᠡᠨ ᠤᠷᠣᠯᠴᠠᠭᠰᠠᠨ ᠬᠠᠤᠯᠢ ᠲᠤᠬᠳᠠᠭᠠᠬᠤ ᠪᠠᠶᠢᠴᠠᠭᠠᠨ ᠰᠤᠳᠤᠯᠬᠤ ᠲᠤᠭᠤᠢᠢᠯᠠᠩ ᠪᠠᠶᠢᠭᠤᠯᠵᠦ᠂ ᠤᠷᠤᠨ ᠤ ᠭᠠᠳᠠᠨ᠎ᠠ ᠵᠢᠴᠢ ᠰᠦᠨᠢᠳ ᠪᠠᠷᠠᠭᠤᠨ ᠬᠤᠰᠢᠭᠤ᠂ ᠤᠡᠭᠨᠢᠭᠤᠳ ᠬᠤᠰᠢᠭᠤ ᠵᠡᠷᠭᠡ ᠭᠠᠵᠠᠷ ᠤᠨ ᠦᠨᠳᠦᠰᠦᠨ ᠱᠠᠳᠤᠨ ᠤ ᠤᠯᠠᠭᠠᠨᠮᠦ᠋ᠴᠢᠷ ᠢᠶᠠᠷ ᠬᠦᠷᠴᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠳᠣ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠡᠷᠳᠡᠮᠳᠡᠨ ᠮᠡᠷᠭᠡᠵᠢᠯᠳᠡᠨ᠂ ᠤᠳᠬ᠎ᠠ ᠤᠷᠠᠯᠢᠭ ᠤᠨ ᠠᠵᠢᠯᠳᠠᠨ᠂ ᠤᠯᠠᠭᠠᠨᠮᠦ᠋ᠴᠢᠷ ᠤᠨ ᠬᠠᠷᠢᠭᠤᠴᠠᠯᠭᠠᠳᠠᠨ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ᠂ ᠮᠠᠯᠴᠢᠨ ᠲᠠᠷᠢᠶᠠᠴᠢᠨ ᠤᠷᠤᠯᠴᠠᠬᠰᠠᠨ ᠶᠠᠷᠢᠯᠴᠠᠬᠤ ᠬᠤᠷᠠᠯ ᠬᠢᠪᠠ᠃ ᠡᠭᠦᠨ ᠠᠴᠠ ᠭᠠᠳᠠᠨ᠎ᠠ᠂ ᠬᠠᠮᠢᠶ᠎ᠠ ᠪᠦᠭᠦᠢ ᠪᠠᠶᠢᠭᠤᠯᠭ᠎ᠠ ᠨᠢᠭᠡᠴᠢ᠂ ᠪᠠᠶᠢᠡᠭᠭᠤ ᠶᠢᠨ ᠬᠤᠷᠢᠶ᠎ᠠ ᠶᠢᠨ ᠬᠠᠤᠯᠢ ᠲᠤᠬᠳᠠᠭᠠᠬᠤ ᠠᠰᠠᠭᠤᠨ ᠯᠠᠪᠯᠠᠭ᠎ᠠ ᠶᠢᠨ ᠵᠦᠪᠯᠡᠭᠴᠢ᠂ ᠴᠢᠳᠠᠪᠤᠷᠢᠳᠠᠨ ᠤ ᠬᠦᠮᠦᠷᠭᠡ ᠶᠢᠨ ᠲᠤᠰᠬᠠᠢ ᠮᠡᠷᠭᠡᠵᠢᠯᠳᠠᠨ᠂ ᠬᠠᠤᠯᠢᠴᠢ ᠪᠠ ᠰᠤᠶᠤᠯ ᠤᠨ ᠡᠷᠳᠡᠮᠳᠡᠳ ‍ᠣᠷᠣᠯᠴᠠᠭᠰᠠᠨ ᠬᠠᠤᠯᠢ ᠲᠤᠬᠳᠠᠭᠠᠬᠤ ᠰᠠᠨᠠᠯ ᠬᠤᠷᠢᠶᠠᠬᠤ ᠶᠠᠷᠢᠯᠴᠠᠬᠤ ᠬᠤᠷᠠᠯ ᠪᠠ ᠨᠤᠳᠠᠯᠠᠨ ᠭᠡᠷᠡᠴᠢᠯᠡᠬᠦ ᠬᠤᠷᠠᠯ ᠬᠢᠵᠦ᠂ ᠡᠯ᠎ᠡ ᠳᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠬᠢᠭᠡᠳ ᠰᠡᠳᠭᠢᠯ ᠤᠨ ᠲᠠᠭᠤᠨ ᠢ ᠨᠢ ᠦᠷᠭᠡᠨ ᠢᠶᠠᠷ ᠰᠤᠨᠤᠰᠪᠠ᠃ ᠡᠨᠡ ᠵᠢᠯ ᠤᠨ 5 ᠰᠠᠷ᠎ᠠ ᠶᠢᠨ 20᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠲᠤᠯᠤᠳᠤᠭᠠᠷ ᠤᠳᠠᠭ᠎ᠠ ᠶᠢᠨ ᠪᠠᠶᠢᠡᠭᠭᠤ ᠶᠢᠨ ᠬᠤᠷᠠᠯ ᠠᠴᠠ ︽ᠲᠦᠷᠢᠮ︾᠎ ᠤᠨ ᠲᠦᠰᠤᠯ ᠢ ᠬᠢᠨᠠᠨ ᠵᠦᠪᠯᠡᠵᠦ ᠪᠠᠳᠤᠯᠠᠬᠤ ᠶᠢᠨ ᠬᠠᠮᠳᠣ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠲᠡᠪᠰᠢᠭᠦᠯᠦᠨ ᠬᠢᠨᠠᠨ ᠵᠦᠪᠯᠡᠭᠦᠯᠵᠦ᠂ ᠲᠦᠷᠢᠮ ᠤᠨ ᠪᠠᠳᠤᠯᠠᠬᠳᠠᠬᠤ ᠶᠠᠪᠤᠴᠠ ᠶᠢ ᠤᠯᠠᠮ ᠲᠦᠷᠭᠡᠳᠭᠡᠪᠡ᠃
    ᠡᠨᠡ ᠣᠳᠠᠭ᠎ᠠ ᠶᠢᠨ ᠪᠠᠳᠣᠯᠠᠭᠰᠠᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ︾᠎ ᠳᠤ᠂ ᠦᠪᠡᠷᠳᠡᠭᠡᠨ ᠵᠠᠰᠠᠬᠤ ᠤᠷᠤᠨ ᠤ ᠪᠤᠳᠠᠳᠣ ᠪᠠᠶᠢᠳᠠᠯ ᠲᠠᠢ ᠣᠶᠠᠯᠳᠣᠭᠤᠯᠣᠨ᠂ ᠣᠯᠠᠭᠠᠨᠮᠦ᠋ᠴᠢᠷ ᠤᠨ ᠳᠣᠳᠣᠭᠠᠳᠣ ᠠᠭᠤᠯᠣᠭᠳᠠᠬᠤᠨ᠂ ᠰᠢᠨᠵᠢ ᠴᠢᠨᠠᠷ᠂ ᠵᠠᠷᠴᠢᠮ᠂ ᠡᠭᠦᠷᠭᠡ ᠴᠢᠳᠠᠪᠬᠢ᠂ ᠭᠡᠰᠢᠭᠦᠨ ᠣᠷᠢᠨ ᠡᠯᠰᠡᠬᠦ ᠪᠣᠯᠣᠨ ᠣᠬᠤᠷᠢᠭᠤᠯᠣᠨ ᠭᠠᠷᠭᠠᠬᠤ ᠳᠣᠭᠳᠠᠴᠠ᠂ ᠵᠠᠷᠣᠳᠠᠯ ᠤᠨ ᠪᠠᠳᠣᠯᠠᠭ᠎ᠠ᠂ ᠮᠡᠷᠭᠡᠵᠢᠯ ᠤᠨ ᠴᠣᠯᠠ ᠬᠢᠨᠠᠨ ᠳᠣᠭᠳᠠᠭᠠᠬᠤ᠂ ᠪᠣᠯᠪᠠᠰᠣᠷᠠᠭᠤᠯᠬᠤ᠂ ᠲᠦᠷᠦᠯ ᠳᠡᠮᠳᠡᠭ ᠢ ᠬᠠᠮᠠᠭᠠᠯᠠᠬᠤ ᠵᠡᠷᠭᠡ ᠳᠠᠯ᠎ᠠ ᠪᠠᠷ 27 ᠵᠦᠢᠯ ᠤᠨ ᠪᠤᠳᠠᠳᠠᠢ ᠲᠤᠬᠳᠠᠭᠠᠯ ᠭᠠᠷᠭᠠᠵᠦ᠂ ᠴᠢᠭᠯᠡᠭᠦᠯᠦᠯᠳᠦ ᠴᠢᠨᠠᠷ᠂ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠦᠰᠢᠳᠠᠢ ᠴᠢᠨᠠᠷ ᠢᠶᠠᠷ ᠮᠠᠰᠢ ᠴᠢᠩᠭ᠎ᠠ ᠪᠣᠯᠵᠣ᠂ ᠤᠯᠠᠭᠠᠨᠮᠦ᠋ᠴᠢᠷ ᠤᠨ ᠡᠯ᠎ᠠ ᠵᠦᠢᠯ ᠤᠨ ᠠᠵᠢᠯ ᠢ ᠵᠢᠷᠦᠮᠵᠢᠭᠤᠯᠵᠣ᠂ ᠲᠦᠷᠢᠮᠵᠢᠭᠦᠯᠬᠦ ᠳᠤ ᠢᠳᠡᠪᠬᠢᠳᠡᠢ ᠦᠢᠯᠡᠳᠦᠯ ᠦᠵᠡᠭᠦᠯᠵᠦ᠂ ᠢᠮᠠᠬᠳᠠ ︽ᠪᠦᠭᠦ ᠤᠯᠤᠰ ᠤᠨ ᠤᠳᠬ᠎ᠠ ᠤᠷᠠᠯᠢᠭ ᠤᠨ ᠹᠷᠤᠨᠲ ᠤᠨ ᠨᠢᠭᠡᠨ ᠲᠤᠭ︾ ᠪᠤᠯᠬᠤ ᠳᠤ ᠬᠠᠤᠯᠢᠵᠢᠯ ᠤᠨ ᠬᠦᠴᠦᠳᠤ ᠪᠠᠳᠤᠯᠠᠭ᠎ᠠ ᠬᠠᠨᠭ᠍ᠭᠠᠬᠤ ᠨᠢ ᠯᠠᠪᠳᠠᠢ᠃

ᠣᠷᠴᠢᠭᠤᠯᠤᠭᠴᠢ᠄
ᠨᠠᠶᠢᠷᠠᠭᠤᠯᠤᠭᠴᠢ᠄ ᠠᠷᠢᠭᠤᠨ᠎ᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号