︽ᠦᠷᠳᠡᠭᠡᠨ︾᠎ ᠠᠴᠠ ᠦᠰᠦᠷᠦᠭᠰᠡᠨ ᠤᠴᠢ ᠬᠦᠭᠵᠢᠯᠳᠡ ᠶᠢ ᠳᠠᠶᠢᠴᠢᠯᠠᠨ᠎ᠠ — ᠮᠠᠨ ᠤ ᠤᠷᠤᠨ ᠤ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠶᠢᠨ ᠦᠷ᠎ᠡ ᠪᠦᠲᠦᠮᠵᠢ ᠶᠢᠨ ᠲᠤᠬᠠᠢ ᠰᠢᠷᠪᠢᠯᠳᠡ
2019-10-11 09:01:21
ᠵᠣᠬᠢᠶᠠᠭᠴᠢ᠄ 
ᠦᠷᠴᠠᠶᠢᠬᠤ
ᠣᠩᠰᠢᠭᠰᠠᠨ ᠣᠳᠠᠭ᠎ᠠ᠄ 
★★★☆☆

      — ᠮᠠᠨ ᠤ ᠤᠷᠤᠨ ᠤ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ 172 ᠪᠤᠯᠤᠯ᠎ᠠ᠃
      — ᠮᠠᠨ ᠤ ᠤᠷᠤᠨ ᠳᠤ ᠭᠡᠷ᠎ᠡ ᠪᠠᠷ ᠤᠷᠤᠭᠤᠯᠵᠤ ᠠᠪᠴᠢᠷᠠᠬᠰᠠᠨ ᠠᠺᠠᠳᠧᠮᠢᠴᠢ ᠨᠡᠶᠢᠳᠡ 187 ᠬᠦᠮᠦᠨ ᠪᠤᠢ᠃
      — ᠮᠠᠨ ᠤ ᠤᠷᠤᠨ ᠤ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠪᠦᠯᠬᠦᠮ 1300 ᠰᠢᠬᠠᠮ ᠬᠦᠮᠦᠨ ᠲᠠᠢ ᠪᠤᠯᠵᠠᠢ᠃
      ᠁
      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠤᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠳᠠᠨ ᠪᠤᠯ ᠨᠢᠬᠡᠳᠤᠭᠡᠷ ᠡᠬᠢ ᠪᠠᠶᠠᠯᠢᠭ ᠪᠤᠯᠬᠤ ᠶᠤᠮ᠃ ᠦᠪᠦᠷ ᠮᠤᠩᠭᠤᠯ ᠳᠤ ᠠᠪᠴᠤ ᠬᠡᠯᠡᠪᠡᠯ᠂ ᠠᠺᠠᠳᠧᠮᠢᠴᠢ ᠶᠢᠨ ᠳᠡᠰ ᠤᠨ ᠬᠤᠰᠢᠭᠤᠷᠠᠭᠰᠠᠨ ᠴᠢᠳᠠᠪᠤᠷᠢᠳᠠᠨ ᠤ ᠡᠬᠢ ᠪᠠᠶᠠᠯᠢᠭ ᠢᠶᠠᠷ ᠳᠤᠲᠠᠮᠠᠭ ᠪᠠᠶᠢᠬᠤ ᠨᠢ ᠠᠵᠤ ᠠᠬᠤᠢ ᠨᠡᠶᠢᠭᠡᠮ ᠤᠨ ᠬᠦᠭᠵᠢᠯᠳᠡ ᠶᠢ ᠬᠢᠵᠠᠭᠠᠷᠯᠠᠬᠰᠠᠭᠠᠷ ᠢᠷᠡᠭᠰᠡᠨ ᠪᠤᠭᠤᠮᠢ ᠪᠤᠯᠵᠤ ᠪᠠᠶᠢᠪᠠ᠃ 2008 ᠤᠨ ᠠᠴᠠ ᠨᠠᠭᠠᠰᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠷᠤᠨ ᠤ ᠬᠡᠪᠴᠢᠶᠡᠨ ᠤ ᠳᠡᠭᠡᠳᠦ ᠳᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠳᠠᠨ ᠵᠢᠴᠢ ᠰᠢᠨ᠎ᠡ ᠶᠢ ᠡᠭᠦᠳᠬᠦ ᠡᠩᠨᠡᠭᠡ ᠶᠢ ᠬᠦᠮᠦᠵᠢᠭᠦᠯᠬᠦ ᠶᠢ ᠬᠦᠴᠦᠯᠡᠨ ᠠᠭᠢᠭᠤᠯᠵᠤ᠂ ᠪᠦᠬᠦ ᠤᠷᠤᠨ ᠤ ᠬᠡᠪᠴᠢᠶᠡᠨ ᠳᠤ ︽ᠲᠠᠯ᠎ᠠ ᠨᠤᠳᠤᠭ ᠤᠨ ᠰᠤᠳᠤᠨ ᠴᠢᠳᠠᠪᠤᠷᠢᠳᠠᠨ︾᠎ ᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠮᠠᠨ ᠤ ᠤᠷᠤᠨ ᠳᠤ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠮᠠᠨᠳᠤᠯᠠᠵᠠᠢ᠃
      ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠨᠢ ᠪᠠᠰᠠ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠬᠦᠮ ᠨᠡᠶᠢᠭᠡᠮᠯᠢᠭ ᠢ ᠳᠠᠪᠠᠨ᠂ ᠵᠠᠰᠠᠭ ᠤᠨ ᠤᠷᠳᠤᠨ ᠪᠠ ᠠᠵᠤ ᠠᠬᠤᠢᠢᠯᠠᠯ ᠳᠤ ᠤᠷᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠤᠯᠤᠨ ᠠᠵᠤ ᠠᠬᠤᠢ᠂ ᠤᠶᠤᠨ ᠤ ᠬᠦᠴᠦᠨ ᠪᠤᠯᠤᠨ ᠬᠦᠷᠦᠩᠭᠡ ᠶᠢᠨ ᠤᠶᠠᠯᠳᠤᠯ ᠢ ᠰᠢᠭᠤᠳ ᠪᠡᠶᠡᠯᠡᠭᠦᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠤᠨ ᠬᠤᠪᠢᠶᠠᠷᠢᠯᠠᠯᠳᠠ ᠶᠢᠨ ᠨᠢᠭᠡᠨ ᠰᠢᠨ᠎ᠡ ᠵᠠᠮ ᠢ ᠨᠡᠭᠡᠭᠡᠵᠠᠢ᠃
      ᠮᠠᠨ ᠤ ᠤᠷᠤᠨ ᠤ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠶᠢ ᠭᠤᠤᠯᠳᠠᠭᠤ ᠲᠤᠮᠤ ᠳᠤᠮᠳᠠ ᠬᠡᠯᠪᠡᠷᠢ ᠶᠢᠨ ᠠᠵᠤ ᠠᠬᠤᠢᠢᠯᠠᠯ ᠪᠤᠯᠤᠨ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠢᠴᠢ ᠰᠢᠶᠠᠨ ᠬᠤᠳᠠ ᠲᠤᠭᠤᠷᠢᠭ ᠤᠨ ᠵᠠᠰᠠᠭ ᠤᠨ ᠤᠷᠳᠤᠨ ᠪᠠᠶᠢᠭᠤᠯᠵᠤ᠂ ᠪᠤᠯᠤᠳ ᠲᠡᠮᠦᠷ᠂ ᠬᠤᠪᠤᠷ ᠰᠢᠷᠤᠢ᠂ ᠠᠭᠤᠷᠬᠠᠢ ᠶᠢᠨ ᠦᠢᠯᠡᠰ᠂ ᠵᠡᠪᠰᠡᠭ ᠲᠤᠨᠤᠬᠯᠠᠯ᠂ ᠤᠨᠴᠠ ᠮᠠᠲᠧᠷᠢᠶᠠᠯ᠂ ᠡᠮ ᠤᠨ ᠬᠡᠷᠡᠭᠯᠡᠭᠡᠨ ᠤ ᠤᠷᠭᠤᠮᠠᠯ᠂ ᠤᠨᠴᠠ ᠬᠡᠯᠪᠡᠷᠢ ᠶᠢᠨ ᠮᠠᠰᠢᠨ ᠲᠡᠷᠭᠡ᠂ ᠲᠠᠷᠢᠶᠠᠯᠠᠩ᠂ ᠢᠳᠡᠰᠢᠨ ᠨᠤᠭᠤᠭ᠎ᠠ᠂ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠵᠡᠷᠭᠡ ᠶᠢᠨ ᠮᠠᠨ ᠤ ᠤᠷᠤᠨ ᠤ ᠭᠤᠤᠯᠯᠠᠬᠤ ᠠᠵᠤ ᠦᠢᠯᠡᠰ ᠪᠤᠯᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠦᠷᠢᠶ᠎ᠡ ᠲᠠᠢ ᠬᠤᠯᠪᠤᠬᠳᠠᠵᠤ ᠪᠠᠶᠢᠳᠠᠭ᠃
      ᠤᠯᠠᠭᠠᠨᠴᠠᠪ ᠬᠤᠳᠠ ᠶᠢᠨ ᠬᠦᠢᠳᠡᠨ ᠰᠡᠷᠢᠭᠦᠨ ᠢᠳᠡᠰᠢᠨ ᠨᠤᠭᠤᠭᠠᠨ ᠤ ᠠᠺᠠᠳᠧᠮᠢᠴᠢ ᠶᠢᠨ ᠠᠵᠢᠯᠯᠠᠬᠤ ᠦᠷᠳᠡᠭᠡ ᠨᠢ 2012 ᠤᠨ ᠠᠴᠠ ᠨᠠᠭᠠᠰᠢ 500 ᠭᠠᠷᠤᠢ ᠰᠢᠨ᠎ᠡ ᠲᠦᠷᠦᠯ ᠵᠦᠢᠯ ᠢ ᠤᠷᠤᠭᠤᠯᠤᠨ ᠠᠪᠴᠢᠷᠠᠵᠤ᠂ 6 ᠲᠦᠷᠦᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠯᠵᠤ᠂ 4 ᠡᠭᠦᠳᠦᠯᠳᠡ ᠶᠢᠨ ᠲᠤᠰᠬᠠᠢ ᠠᠰᠢᠭ ᠤᠯᠵᠠᠢ᠃ ᠡᠭᠦᠨ ᠳᠤ ᠤᠯᠠᠷᠢᠭᠤᠯᠤᠨ ᠬᠤᠪᠢᠷᠠᠭᠠᠬᠰᠠᠨ 3 ᠲᠦᠷᠦᠯ ᠤᠨ ᠪᠦᠲᠦᠭᠡᠭᠳᠡᠭᠦᠨ ᠤ ᠡᠵᠡᠩᠨᠡᠯᠳᠡ ᠶᠢᠨ ᠤᠷᠤᠯᠭ᠎ᠠ ᠨᠢ ᠮᠢᠩᠭᠠᠨ ᠲᠦᠮᠡ ᠶᠢ ᠳᠠᠪᠠᠵᠤ᠂ ᠲᠦᠭᠡᠮᠡᠯᠵᠢᠭᠦᠯᠵᠤ ᠪᠤᠯᠬᠤᠢᠢᠴᠠ 2 ᠰᠢᠨ᠎ᠡ ᠲᠦᠷᠦᠯ ᠵᠦᠢᠯ ᠢ ᠰᠤᠩᠭᠤᠵᠤ᠂ 8000 ᠲᠦᠮᠡᠨ ᠲᠦᠭᠦᠷᠢᠭ ᠤᠨ ᠠᠵᠤ ᠠᠬᠤᠢ ᠶᠢᠨ ᠰᠢᠭᠤᠳ ᠤᠷᠤᠯᠭ᠎ᠠ ᠤᠯᠤᠭᠰᠠᠨ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠢ 3000 ᠭᠠᠷᠤᠢ ᠬᠦᠮᠦᠨ ᠤᠳᠠᠭ᠎ᠠ ᠪᠤᠯᠪᠠᠰᠤᠷᠠᠭᠤᠯᠵᠤ᠂ ᠲᠤᠬᠠᠢ ᠶᠢᠨ ᠳᠠᠯᠠᠪᠠᠢ ᠳᠤ 2000 ᠭᠠᠷᠤᠢ ᠬᠦᠮᠦᠨ ᠤᠳᠠᠭ᠎ᠠ ᠶᠢ ᠪᠤᠯᠪᠠᠰᠤᠷᠠᠭᠤᠯᠵᠤ᠂ 500 ᠭᠠᠷᠤᠢ ᠬᠦᠮᠦᠨ ᠢᠶᠠᠷ ᠪᠦᠷᠢᠯᠳᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠨᠴᠠ ᠲᠤᠮᠢᠯᠠᠬᠳᠠᠬᠴᠢ ᠶᠢᠨ ᠡᠩᠨᠡᠭᠡ ᠶᠢ ᠪᠠᠶᠢᠭᠤᠯᠵᠠᠢ᠃
      ᠤᠳᠤᠬᠠᠨ ᠪᠤᠯᠳᠠᠯ᠎ᠠ ᠮᠠᠨ ᠤ ᠤᠷᠤᠨ ᠤ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠨᠢ ᠡᠯ᠎ᠡ ᠲᠦᠷᠦᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ 287 ᠲᠦᠷᠦᠯ ᠢ ᠤᠯᠵᠤ᠂ ᠡᠯ ᠎ᠡ ᠲᠦᠷᠦᠯ ᠤᠨ ᠡᠷᠳᠡᠮ ᠰᠢᠨᠵᠢᠯᠡᠭᠡᠨ ᠤ ᠦᠭᠦᠯᠡᠯ 375 ᠬᠤᠪᠢ ᠨᠡᠶᠢᠳᠡᠯᠡᠵᠤ᠂ 119 ᠲᠦᠷᠦᠯ ᠤᠨ ᠲᠤᠰᠬᠠᠢ ᠠᠰᠢᠭ ᠤᠯᠵᠤ᠂ ᠬᠠᠮᠳᠤᠷᠠᠯᠴᠠᠨ ᠦᠷᠨᠢᠭᠦᠯᠦᠭᠰᠡᠨ ᠲᠦᠷᠦᠯ ᠵᠦᠢᠯ 140 ᠭᠠᠷᠤᠢ ᠲᠦᠷᠦᠯ ᠳᠤ ᠬᠦᠷᠴᠦ᠂ ᠠᠵᠤ ᠠᠬᠤᠢᠢᠯᠠᠯ ᠤᠨ ᠪᠡᠯᠡ ᠤᠷᠤᠭᠤᠯᠤᠯᠳᠠ ᠪᠠᠷ ᠭᠤᠤᠯ ᠴᠤᠬᠴᠠ ᠪᠤᠯᠭᠠᠬᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠤᠨ ᠰᠤᠳᠤᠯᠭᠠᠨ ᠤ ᠵᠠᠷᠤᠳᠠᠯ ᠮᠦᠩᠬᠦ ᠨᠢ 12.6 ᠳ᠋ᠦᠩᠰᠢᠭᠤᠷ ᠲᠦᠭᠦᠷᠢᠭ ᠲᠤ ᠬᠦᠷᠴᠦ᠂ ᠠᠺᠠᠳᠧᠮᠢᠴᠢ ᠶᠢᠨ ᠲᠤᠰᠬᠠᠢ ᠮᠡᠷᠭᠡᠵᠢᠯᠳᠡᠳ ᠡᠯ᠎ᠡ ᠦᠷᠳᠡᠭᠡ ᠪᠠᠶᠢᠭᠤᠯᠤᠬᠰᠠᠨ ᠨᠢᠭᠡᠴᠢ ᠳᠤ 29 ᠲᠦᠷᠦᠯ ᠤᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ ᠦᠭᠴᠠᠢ᠃
      ᠬᠢᠩᠭᠠᠨ ᠠᠶᠢᠮᠠᠭ ᠳᠡᠯᠡᠬᠡᠢ ᠶᠢᠨ ᠰᠡᠷᠢᠭᠦᠨ ᠭᠠᠵᠠᠷ ᠤᠨ ᠤᠰᠤᠨ ᠳᠤᠳᠤᠷᠭ᠎ᠠ ᠶᠢᠨ ᠰᠢᠵᠢᠷ ᠠᠯᠳᠠᠨ ᠲᠠᠷᠢᠮᠠᠯ ᠤᠨ ᠤᠷᠤᠨ ᠳᠤ ᠪᠠᠶᠢᠷᠢᠯᠠᠬᠰᠠᠨ ᠳᠠᠪᠠᠭᠤᠯᠢᠭ ᠨᠦᠬᠦᠴᠡᠯ ᠲᠠᠢ᠃ ᠭᠡᠪᠡᠴᠦ ᠬᠢᠩᠭᠠᠨ ᠠᠶᠢᠮᠠᠭ ᠤᠨ ᠦᠪᠡᠷ ᠢᠶᠠᠨ ᠪᠤᠶᠢᠵᠢᠭᠤᠯᠤᠬᠰᠠᠨ ᠳᠤᠳᠤᠷᠭᠠᠨ ᠤ ᠲᠦᠷᠦᠯ ᠵᠦᠢᠯ ᠳᠤᠲᠠᠮᠠᠭ᠂ ᠲᠠᠷᠢᠮᠠᠯ ᠨᠢ ᠳᠠᠷᠠᠬᠠᠢ ᠪᠤᠳᠠᠷᠬᠠᠢ ᠵᠡᠷᠭᠡ ᠬᠦᠴᠢᠷᠳᠠᠢ ᠪᠠᠶᠢᠳᠠᠯ ᠳᠤ ᠪᠠᠶᠢᠪᠠ᠃ 2018 ᠤᠨ ᠳᠤ ᠬᠢᠩᠭᠠᠨ ᠠᠶᠢᠮᠠᠭ ᠤᠨ ᠶᠤᠸᠠᠨ ᠯᠦᠩ ᠫᠢᠩ ᠤᠨ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠠᠵᠢᠯᠯᠠᠬᠤ ᠦᠷᠳᠡᠭᠡ ᠪᠠᠶᠢᠭᠤᠯᠤᠬᠳᠠᠵᠤ᠂ ᠨᠢᠭᠡ ᠵᠢᠯ ᠪᠤᠯᠤᠭ᠎ᠠ ᠦᠭᠡᠢ ᠪᠠᠷ ᠤᠯᠠᠨ ᠳᠡᠭᠡᠳᠦ ᠳᠡᠰ ᠤᠨ ᠰᠢᠨᠵᠢᠯᠡᠬᠦ ᠤᠬᠠᠭᠠᠨ ᠤ ᠰᠤᠳᠤᠯᠭᠠᠳᠠᠨ ᠢ ᠡᠯᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠳᠠ ᠶᠢᠨ ᠪᠦᠯᠬᠦᠮ ᠪᠠᠶᠢᠭᠤᠯᠵᠤ᠂ ᠬᠢᠩᠭᠠᠨ ᠠᠶᠢᠮᠠᠭ ᠤᠨ ᠲᠤᠬᠠᠢ ᠶᠢᠨ ᠭᠠᠵᠠᠷ ᠤᠨ ᠤᠰᠤᠨ ᠳᠤᠳᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠳᠠᠨ ᠢ ᠬᠦᠮᠦᠵᠢᠭᠦᠯᠵᠤ᠂ ᠬᠢᠩᠭᠠᠨ ᠠᠶᠢᠮᠠᠭ ᠤᠨ ᠤᠰᠤᠨ ᠳᠤᠳᠤᠷᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠵᠡᠷᠭᠡ 3 ᠰᠠᠭᠤᠷᠢᠨ ᠢ ᠪᠠᠶᠢᠭᠤᠯᠵᠤ᠂ ᠲᠦᠪᠯᠡᠷᠡᠩᠭᠦᠢ ᠪᠠᠷ ᠡᠭᠦᠯᠳᠡᠷ ᠤᠨ ᠰᠤᠩᠭᠤᠯᠳᠠ᠂ ᠦᠷ᠎ᠡ ᠶᠢᠨ ᠳᠤᠳᠤᠯᠠᠯᠳᠠ᠂ ᠪᠤᠷᠳᠤᠭᠤᠷ ᠤᠨ ᠪᠦᠲᠦᠮᠵᠢ ᠶᠢᠨ ᠵᠢᠱᠢᠶ᠎ᠡ ᠦᠵᠡᠭᠦᠯᠬᠦ᠂ ᠦᠨᠳᠦᠷ ᠤᠨᠠᠯᠳᠠ ᠪᠤᠶᠢᠵᠢᠭᠤᠯᠤᠯᠳᠠ ᠶᠢᠨ ᠰᠤᠳᠤᠯᠭᠠᠨ᠂ ᠳᠤᠳᠤᠷᠭ᠎ᠠ ᠤᠰᠤ ᠪᠤᠷᠳᠤᠭᠤᠷ ᠨᠢᠭᠡ ᠴᠤᠬᠴᠠᠵᠢᠬᠰᠠᠨ ᠵᠡᠷᠭᠡ ᠰᠤᠳᠤᠯᠭᠠᠨ ᠬᠢᠵᠤ᠂ ᠪᠠᠰᠠ ︽ᠶᠤᠸᠠᠨ ᠮᠧᠩ︾ ᠳᠡᠮᠳᠡᠭᠳᠦ ᠲᠠᠯ᠎ᠠ ᠨᠤᠳᠤᠭ ᠤᠨ ᠳᠤᠳᠤᠷᠭ᠎ᠠ ᠶᠢ ᠪᠤᠶᠢᠵᠢᠭᠤᠯᠤᠨ ᠭᠠᠷᠭᠠᠵᠤ᠂ ᠬᠢᠩᠭᠠᠨ ᠠᠶᠢᠮᠠᠭ ᠤᠨ ᠳᠤᠳᠤᠷᠭ᠎ᠠ ᠶᠢᠨ ᠦᠢᠯᠡᠰ ᠪᠤᠯᠤᠨ ᠠᠵᠤ ᠦᠢᠯᠡᠰ ᠤᠨ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠳᠠᠶᠢᠴᠢᠯᠠᠵᠠᠢ᠃
      ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠦᠷᠳᠡᠭᠡ ᠲᠤᠬᠠᠢ ᠶᠢᠨ ᠭᠠᠵᠠᠷ ᠤᠨ ᠡᠬᠢ ᠪᠠᠶᠠᠯᠢᠭ ᠲᠤ ᠰᠠᠭᠤᠷᠢᠯᠠᠵᠤ᠂ ᠤᠷᠤᠨ ᠬᠡᠪᠴᠢᠶᠡᠨ ᠤ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠭᠵᠢᠯᠳᠡ ᠳᠤ ᠠᠷᠭ᠎ᠠ ᠤᠬᠠᠭᠠᠨ ᠳᠡᠪᠰᠢᠭᠦᠯᠵᠤ᠂ ᠲᠦᠷᠦᠯ ᠵᠦᠢᠯ ᠢᠶᠠᠷ ᠲᠦᠰᠢᠭ ᠪᠤᠯᠭᠠᠵᠤ᠂ ᠠᠵᠤ ᠦᠢᠯᠡᠰ ᠤᠨ ᠭᠤᠬᠴᠤᠭ᠎ᠠ ᠶᠢ ᠳᠠᠰᠤᠷᠠᠯᠳᠠ ᠦᠭᠡᠢ ᠰᠢᠯᠢᠳᠡᠭᠵᠢᠭᠦᠯᠵᠤ᠂ ᠨᠡᠯᠢᠶᠡᠳ ᠲᠤᠪᠤᠶᠢᠮ᠎ᠠ ᠠᠵᠤ ᠠᠬᠤᠢ ᠶᠢᠨ ᠦᠷ᠎ᠡ ᠪᠦᠲᠦᠮᠵᠢ ᠤᠯᠪᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠳᠤᠷᠠᠯᠴᠠᠭ᠎ᠠ ᠶᠢᠨ ᠦᠷ᠎ᠠ ᠪᠦᠲᠦᠮᠵᠢ ᠡᠯᠪᠡᠭ ᠳᠡᠯᠪᠡᠭ᠂ ᠠᠵᠤ ᠦᠢᠯᠡᠰᠵᠢᠯᠡᠭᠰᠡᠨ ᠬᠢᠷᠢ ᠲᠦᠪᠰᠢᠨ ᠢ ᠳᠡᠭᠡᠭᠰᠢᠯᠡᠭᠦᠯᠵᠤ᠂ ᠠᠵᠤ ᠠᠬᠤᠢᠢᠯᠠᠯ ᠤᠨ ᠰᠢᠨ᠎ᠡ ᠶᠢ ᠡᠭᠦᠳᠬᠦ ᠬᠦᠴᠦᠨ ᠢ ᠨᠡᠮᠡᠭᠳᠡᠭᠦᠯᠵᠤ᠂ ᠠᠵᠤ ᠠᠬᠤᠢᠢᠯᠠᠯ ᠤᠨ ᠪᠦᠲᠦᠭᠡᠭᠳᠡᠭᠦᠨ ᠤ ᠳᠡᠰ ᠳᠡᠪᠰᠢᠯᠳᠡ ᠶᠢ ᠠᠭᠢᠭᠤᠯᠪᠡ᠃ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠳᠠᠭᠠᠭᠠᠴᠢᠯᠠᠬᠤ ᠴᠢᠳᠠᠪᠤᠷᠢ ᠶᠢ ᠳᠡᠭᠡᠭᠰᠢᠯᠡᠭᠦᠯᠵᠤ᠂ ᠨᠢᠭᠡ ᠪᠦᠯᠦᠭ ᠳᠡᠭᠡᠳᠦ ᠳᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠳᠠᠨ ᠢ ᠤᠷᠤᠭᠤᠯᠤᠨ ᠠᠪᠴᠢᠷᠠᠭᠰᠠᠨ ᠪᠠ ᠬᠦᠮᠦᠵᠢᠭᠦᠯᠵᠠᠢ᠃
      ᠤᠳᠤᠬᠠᠨ ᠪᠤᠯᠳᠠᠯ᠎ᠠ ᠦᠷᠳᠡᠭᠡ ᠪᠠᠶᠢᠭᠤᠯᠤᠬᠰᠠᠨ ᠪᠠᠶᠢᠭᠤᠯᠭ᠎ᠠ ᠨᠢᠭᠡᠴᠢ ᠪᠤᠯᠤᠨ ᠦᠷᠳᠡᠭᠡᠨ ᠳᠤ ᠤᠷᠤᠯᠴᠠᠬᠰᠠᠨ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠬᠠᠮᠳᠤᠷᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠳᠤᠷᠠᠯᠴᠠᠭᠠᠨ ᠤ ᠪᠤᠭᠤᠮᠳᠠ ᠰᠢᠪᠳᠤᠯᠤᠯᠳᠠ ᠶᠢᠨ ᠨᠡᠶᠢᠳᠡ 330 ᠲᠦᠷᠦᠯ ᠢ ᠬᠢᠯᠠᠯᠵᠠᠳᠠᠯ᠎ᠠ ᠪᠡᠶᠡᠯᠡᠬᠦᠯᠵᠠᠢ᠃ ᠰᠢᠨᠵᠢᠯᠡᠬᠦ ᠤᠬᠠᠭᠠᠨ ᠤ ᠮᠡᠷᠭᠡᠵᠢᠯᠳᠡᠨ ᠤ ᠦᠷᠳᠡᠭᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢ ᠳᠠᠶᠢᠴᠢᠯᠠᠵᠤ᠂ ᠮᠠᠨ ᠤ ᠤᠷᠤᠨ ᠤ ᠠᠺᠠᠳᠧᠮᠢᠴᠢ ᠶᠢᠨ ᠲᠤᠰᠬᠠᠢ ᠮᠡᠷᠭᠡᠵᠢᠯᠳᠡᠨ ᠤ ᠦᠷᠳᠡᠭᠡ ᠶᠢᠨ ᠦᠢᠯᠡᠳᠦᠯ ᠤᠯᠠᠮ ᠢᠶᠠᠷ ᠲᠤᠪᠤᠶᠢᠮ᠎ᠠ ᠪᠤᠯᠵᠤ᠂ ᠦᠷ᠎ᠠ ᠠᠰᠢᠭ ᠨᠢ ᠤᠯᠠᠮ ᠢᠶᠠᠷ ᠦᠨᠳᠦᠷ ᠪᠤᠯᠵᠤ ᠪᠤᠢ᠃

ᠣᠷᠴᠢᠭᠤᠯᠤᠭᠴᠢ᠄
ᠨᠠᠶᠢᠷᠠᠭᠤᠯᠤᠭᠴᠢ᠄ ᠪᠣᠣ ᠮᠧᠢ ᠷᠥᠩ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号