ᠰᠦᠷᠦᠭ ᠤᠨ ᠵᠠᠬ᠎ᠠ ᠠᠴᠠ ᠲᠡᠯᠡᠬᠡᠢ ᠤᠢᠢᠷᠠᠬᠠᠨ
2019-10-27 15:55:18
ᠵᠣᠬᠢᠶᠠᠭᠴᠢ᠄ 
ᠪᠢᠯᠢᠭᠪᠡᠭᠠᠳᠤᠷ
ᠣᠩᠰᠢᠭᠰᠠᠨ ᠣᠳᠠᠭ᠎ᠠ᠄ 
★★★☆☆

            — ᠰᠢᠯᠢ ᠶᠢᠨ ᠭᠤᠤᠯ ᠠᠶᠢᠮᠠᠭ ᠤᠨ ᠲᠤᠭᠠᠴᠢᠯᠠᠭᠰᠠᠨ ᠬᠦᠳᠡᠭᠡ ᠲᠤᠰᠬᠤᠨ ᠤ ᠪᠠᠶᠢᠭᠤᠯᠤᠯᠳᠠ ᠶᠢᠨ ᠲᠤᠬᠠᠢ ᠳᠡᠮᠳᠡᠭᠯᠡᠯ

   ᠤᠢᠢᠷ᠎ᠠ ᠶᠢᠨ ᠡᠳᠦᠷ ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠪᠠᠶᠠᠠᠬᠤᠰᠢᠭᠤ ᠰᠤᠮᠤᠨ ᠤ ᠴᠠᠶᠢᠳᠠᠮ ᠭᠠᠴᠠᠭᠠᠨ ᠤ ᠮᠠᠯᠴᠢᠨ ᠪᠠᠭᠠᠨ᠎ᠠ ᠶᠢ ᠰᠤᠷᠪᠤᠯᠵᠢᠯᠠᠬᠤ ᠳᠤ᠄ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠭᠢᠭᠡᠳ ᠴᠡᠷᠢᠭ ᠤᠨ ᠵᠢᠭᠰᠠᠭᠠᠯ ᠰᠢᠯᠭᠠᠨ ᠦᠵᠡᠬᠦ ᠶᠤᠰᠤᠯᠠᠯ ᠤᠨ ᠠᠬᠤᠢ ᠨᠡᠪᠲᠡᠷᠡᠭᠦᠯᠭᠡ ᠶᠢ ᠰᠦᠷᠦᠭ ᠤᠨ ᠢᠶᠠᠨ ᠵᠠᠬ᠎ᠠ ᠠᠴᠠ ᠭᠠᠷ ᠤᠳᠠᠰᠤᠨ ᠲᠡᠭᠡᠷ᠎ᠡ ᠪᠠᠨ ᠦᠵᠡᠨ ᠰᠤᠨᠢᠷᠬᠠᠭᠰᠠᠨ ᠡ᠂ ᠶᠤᠰᠤᠲᠠᠢ ᠠᠯᠠᠭᠠᠨ ᠲᠡᠭᠡᠷ᠎ᠡ ᠠᠴᠠ ᠪᠠᠨ ᠲᠡᠯᠡᠬᠡᠢ ᠶᠢ ᠬᠠᠷᠠᠨ᠎ᠠ ᠭᠡᠳᠡᠭ ᠮᠦᠨ ᠳ᠋ᠠ︾ ᠭᠡᠵᠦ ᠪᠠᠶᠠᠷᠯᠠᠨ ᠶᠠᠷᠢᠵᠤ ᠪᠢᠯᠡ᠃

   ᠤᠯᠤᠰ ᠤᠨ ᠪᠠᠶᠠᠷ ᠠᠴᠠ ᠡᠮᠦᠨᠡᠬᠡᠨ ᠪᠠᠷᠠᠭᠤᠨ ᠦᠵᠤᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠴᠠᠶᠢᠳᠠᠮ ᠭᠠᠴᠠᠭᠠᠨ ᠳᠤ ᠴᠤ᠋ ᠰᠢᠨ᠎ᠡ ᠲᠤᠬᠢᠶ᠎ᠠ ᠰᠦᠯᠵᠢᠶᠡᠨ ᠤ ᠲᠡᠮᠤᠷ ᠰᠤᠪᠤᠷᠭ᠎ᠠ ᠰᠦᠨᠳᠡᠷᠯᠡᠨ ᠪᠤᠰᠴᠤ ᠠᠳᠡᠬᠢ ᠮᠠᠯᠴᠢᠳ ᠤᠨ ᠤᠶᠤᠨᠳᠤ ᠭᠠᠷ ᠤᠳᠠᠰᠤ ᠪᠠᠷ ᠢᠶᠠᠨ ᠰᠦᠯᠵᠢᠶ᠎ᠡ ᠬᠤᠯᠪᠤᠭᠠᠨ ᠳᠤ ᠰᠠᠭᠠᠳ ᠦᠭᠡᠢ ᠨᠡᠪᠲᠡᠷᠡᠬᠦ ᠰᠠᠷᠠᠭᠤᠯ ᠲᠠᠷᠳᠠᠩ ᠵᠠᠮ ᠨᠡᠭᠡᠭᠡᠭᠳᠡᠯ᠎ᠠ᠃ ᠢᠡᠭᠭᠢᠬᠦ ᠳᠤ ᠵᠠᠷᠢᠮ ᠬᠦᠮᠦᠰ ᠶᠠᠭᠠᠬᠢᠭᠠᠳ ᠭᠡᠵᠦ ᠭᠠᠶᠢᠬᠠᠰᠢᠷᠠᠬᠤ ᠨᠢ ᠯᠠᠪ ᠪᠠᠶᠢᠯᠭᠦᠢ᠂ ᠲᠡᠭᠡᠪᠡᠯ ᠴᠠᠶᠢᠳᠠᠮ ᠭᠠᠴᠠᠭᠠᠨ ᠤ ᠦᠡᠭᠭᠡᠷᠡᠭᠰᠡᠨ ᠬᠢᠭᠡᠳ ᠦᠨᠦᠳᠤᠷ ᠤᠨ ᠬᠤᠪᠢᠷᠠᠯᠳᠠ ᠠᠴᠠ ᠪᠢᠳᠡ ᠡᠭᠦᠨ ᠤ ᠲᠤᠳᠤᠭᠠᠳᠤ ᠨᠠᠷᠢᠨ ᠤᠴᠢᠷ ᠢ ᠬᠠᠷᠠᠶ᠎ᠠ᠃

   ᠭᠠᠭ᠋ᠠᠢ ᠡᠯᠡᠰᠤᠨ ᠤ ᠵᠠᠬ᠎ᠠ ᠶᠢ ᠲᠠᠷᠤᠵᠤ ᠪᠠᠶᠢᠷᠢᠯᠠᠬᠰᠠᠨ ᠪᠠᠶᠠᠨᠬᠤᠰᠢᠭᠤ ᠰᠤᠮᠤᠨ ᠤ ᠴᠠᠶᠢᠳᠠᠮ ᠭᠠᠴᠠᠭ᠎ᠠ ᠪᠤᠯ ᠲᠤᠪᠤ ᠲᠤᠯᠤᠭᠠᠳ ᠤᠯᠠᠨᠳᠠᠢ ᠪᠤᠯᠬᠤᠷ ᠴᠢᠮᠡᠭᠡ ᠬᠤᠯᠪᠤᠭᠠᠨ ᠤ ᠲᠤᠬᠢᠶ᠎ᠠ ᠰᠦᠯᠵᠢᠶ᠎ᠡ ᠪᠠᠶᠢᠭᠠᠯᠢ ᠶᠢᠨ ᠬᠠᠷᠰᠢ ᠰᠠᠭᠠᠳ ᠲᠤ ᠬᠠᠰᠢᠭᠳᠠᠭᠠᠳ᠂ ᠭᠠᠷ ᠤᠳᠠᠰᠤᠨ ᠤ ᠲᠤᠬᠢᠶ᠎ᠠ ᠵᠠᠩᠭᠢ ᠲᠦᠢᠯ ᠤᠨ ᠲᠤᠭᠳᠠᠭᠤᠨ ᠪᠤᠰᠤ ᠪᠠᠶᠢᠵᠤ᠂ ᠠᠳᠡᠬᠢ ᠬᠦᠮᠦᠰ ᠪᠠᠶᠢᠰᠢᠩ ᠤᠨ ᠤᠷᠤᠢ᠂ ᠬᠦᠳᠤᠯ ᠲᠤᠪᠤ ᠡᠷᠢᠵᠦ ᠭᠠᠴᠢᠭᠳᠠᠵᠤ ᠪᠠᠶᠢᠭᠰᠠᠨ ᠦᠵᠡᠭᠳᠡᠯ ᠤᠢᠢᠷᠠᠬᠠᠨ ᠬᠦᠷᠳᠡᠯ᠎ᠠ ᠭᠠᠷᠴᠤ ᠪᠠᠶᠢᠵᠠᠢ᠃

   ︽ᠤᠳᠠᠰᠤ ᠠᠪᠴᠤ ᠲᠤᠰᠬᠤ ᠳᠤ ᠬᠦᠷᠳᠡᠯ᠎ᠠ ᠡᠶᠢᠮᠤ ᠶᠤᠮ ᠴᠢᠨᠢ᠂ ᠭᠠᠷ ᠤᠳᠠᠰᠤ ᠪᠠᠷ ᠢᠶᠠᠨ ᠰᠦᠯᠵᠢᠶ᠎ᠡ ᠬᠤᠯᠪᠤᠭᠠᠨ ᠳᠤ ᠭᠠᠷᠤᠨ᠎ᠠ ᠭᠡᠳᠡᠭ ᠴᠢᠨᠢ ᠨᠡᠩ ᠴᠤ ᠪᠦᠲᠦᠰᠢ ᠦᠭᠡᠢ ᠬᠡᠷᠡᠭ᠂ ᠦᠭᠡᠷ᠎ᠡ ᠪᠠᠷ ᠬᠡᠯᠡᠪᠡᠯ ᠤᠶᠤᠨᠴᠢ ᠭᠠᠷ ᠤᠳᠠᠰᠤᠨ ᠤ ︿ᠡᠷᠳᠡᠮ ᠴᠢᠳᠠᠯ﹀ ᠬᠡᠳᠤᠢ ᠶᠡᠭᠡ ᠪᠠᠶᠢᠯ᠎ᠠ ᠭᠡᠳ ᠮᠠᠨ ᠤ ᠠᠳᠡ ᠪᠤᠯ ︿ᠴᠢᠳᠤᠷᠯᠡᠭᠳᠡᠭᠰᠡᠨ ᠬᠦᠯᠦᠭ﹀ ᠯᠡ ᠭᠡᠵᠦ ᠮᠡᠳᠡ︾ ᠭᠡᠵᠦ ᠴᠠᠶᠢᠳᠠᠮ ᠭᠠᠴᠠᠭᠠᠨ ᠤ ᠨᠠᠮ ᠤᠨ ᠡᠭᠦᠷ ᠤᠨ ᠱᠦᠵᠢ ᠡᠷᠳᠡᠨᠢᠰᠠᠩ ᠦᠡᠭᠭᠡᠷᠡᠭᠰᠡᠨ ᠤ ᠲᠡᠷᠡ ᠬᠦ ᠭᠠᠷ ᠤᠳᠠᠰᠤᠨ ᠤ ᠲᠤᠬᠢᠶ᠎ᠠ ᠮᠠᠭᠤᠳᠠᠢ ᠪᠠᠶᠢᠳᠠᠯ ᠢ ᠡᠷᠭᠢᠴᠡᠭᠦᠯᠵᠦ ᠪᠠᠶᠢᠯ᠎ᠠ᠃

   ᠠᠳᠡᠬᠢ ᠮᠠᠯᠴᠢᠨ ᠡᠷᠦᠬᠡ ᠶᠢᠨ ᠤᠯᠠᠩᠭᠢ ᠨᠢ ᠴᠦᠮ ᠨᠡᠭᠦᠳᠡᠯ ᠬᠤᠯᠪᠤᠭ᠎ᠠ᠂ ᠨᠢᠭᠡᠳᠦᠭᠰᠡᠨ ᠬᠤᠯᠪᠤᠭ᠎ᠠ ᠪᠤᠶᠤ ᠴᠠᠬᠢᠯᠭᠠᠨ ᠬᠤᠯᠪᠤᠭᠠᠨ ᠤ ᠭᠠᠷ ᠤᠳᠠᠰᠤᠨ ᠤ ᠺᠠᠷᠲ ᠲᠠᠢ ᠪᠠᠶᠢᠵᠤ᠂ ᠪᠠᠴᠢᠮ ᠴᠢᠬᠤᠯᠠ ᠤᠴᠢᠷ ᠲᠠᠭᠠᠷᠠᠯᠳᠤᠪᠠᠯ ᠦᠨᠳᠦᠷ ᠭᠠᠵᠠᠷ ᠡᠷᠢᠵᠦ ᠲᠡᠪᠡᠳᠡᠳᠡᠭ᠃ ᠬᠠᠷᠢᠨ ᠡᠨᠡ ᠵᠢᠯ ᠤᠨ 8 ᠰᠠᠷ᠎ᠠ ᠳᠤ ᠰᠢᠯᠢ ᠶᠢᠨ ᠭᠤᠤᠯ ᠠᠶᠢᠮᠠᠬ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠬᠢᠭᠤᠯᠬᠤ ᠶᠠᠪᠤᠴᠠ ᠳᠤ ᠲᠤᠭᠠᠴᠢᠯᠠᠭᠰᠠᠨ ᠬᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ ᠬᠦᠴᠦᠯᠡᠨ ᠨᠠᠶᠢᠳᠠᠪᠤᠷᠢᠵᠢᠭᠤᠯᠵᠤ᠂ ᠴᠠᠶᠢᠳᠠᠮ ᠭᠠᠴᠠᠭᠠᠨ ᠳᠤ ᠴᠤ᠋ ᠰᠢᠨ᠎ᠡ ᠲᠤᠬᠢᠶ᠎ᠠ ᠲᠠᠮᠵᠢᠭᠤᠯᠬᠤ ᠰᠤᠪᠤᠷᠭ᠎ᠠ ᠪᠤᠰᠬᠠᠵᠤ ᠦᠭᠴᠠᠢ᠃

   ᠡᠨᠡ ᠲᠤᠬᠠᠢ ᠲᠤᠰ ᠠᠵᠢᠯ ᠲᠦᠷᠦᠯ ᠢ ᠲᠠᠭᠠᠭᠠᠴᠢᠯᠠᠨ ᠭᠦᠢᠴᠡᠳᠭᠡᠭᠰᠡᠨ ᠨᠢᠭᠡᠴᠢ ᠪᠤᠯᠬᠤ ᠲᠤᠮᠳᠠᠳᠤ ᠤᠯᠤᠰ ᠤᠨ ᠴᠠᠬᠢᠯᠭᠠᠨ ᠬᠤᠯᠪᠤᠭᠠᠨ ᠤ ᠰᠢᠯᠢ ᠶᠢᠨ ᠭᠤᠤᠯ ᠳᠠᠬᠢ ᠬᠤᠪᠢᠶᠠᠷᠢ ᠺᠤᠮᠫᠠᠨᠢ ᠶᠢᠨ ᠶᠡᠷᠦᠩᠬᠡᠢ ᠵᠠᠬᠢᠷᠤᠯ ᠤᠨ ᠲᠤᠰᠠᠯᠠᠭᠴᠢ ᠬᠦᠨᠡᠰᠤᠳᠤ᠄ ︽ᠴᠠᠶᠢᠳᠠᠮ ᠭᠠᠴᠠᠭᠠᠨ ᠳᠤ 4G ᠲᠤᠬᠢᠶᠠᠨ ᠤ ᠰᠤᠪᠤᠷᠭ᠎ᠠ ᠪᠤᠰᠬᠠᠬᠤ ᠠᠵᠢᠯ ᠡᠬᠢᠯᠡᠮᠡᠭᠴᠡ 132 ᠡᠳᠦᠷ ᠤᠨ ᠲᠤᠳᠤᠷ᠎ᠠ 955 ᠺᠢᠯᠤᠮᠧᠳ᠋ᠷ ᠤᠳᠠᠰᠤ ᠲᠠᠳᠠᠵᠤ᠂ 95 ᠰᠠᠴᠤᠷᠠᠭ ᠦᠷᠳᠡᠭᠡ ᠨᠡᠭᠡᠭᠡᠵᠡᠢ᠃ ᠡᠨᠡ ᠨᠢ ᠬᠠᠷᠢᠶ᠎ᠠ ᠤᠷᠤᠨ ᠤ 8974 ᠮᠠᠯᠴᠢᠠ ᠳᠤ ᠦᠢᠯᠡᠴᠢᠯᠡᠭᠡ ᠬᠠᠨᠭ᠍ᠭᠠᠬᠤ ᠨᠦᠬᠦᠴᠡᠯ ᠢ ᠨᠢᠭᠡᠨᠳᠡ ᠪᠦᠷᠢᠯᠳᠦᠭᠦᠯᠪᠡ᠃ ᠲᠠᠷᠠᠭᠠᠴᠢ ᠶᠢᠨ ᠠᠯᠬᠤᠮ ᠳᠤ ᠴᠠᠬᠢᠯᠭᠠᠨ ᠬᠤᠯᠪᠤᠭᠠᠨ ᠤ ᠰᠢᠯᠢ ᠶᠢᠨ ᠭᠤᠤᠯ ᠳᠠᠬᠢ ᠬᠤᠪᠢᠶᠠᠷᠢ ᠺᠤᠮᠫᠠᠨᠢ 800M ᠲᠠᠪᠳᠠᠮᠵᠢᠳᠤ ᠰᠤᠪᠠᠭ ᠤᠨ ᠲᠠᠪᠠᠭᠤᠯᠢᠭ ᠢᠶᠠᠨ ᠠᠰᠢᠬᠯᠠᠨ᠂ ᠬᠡᠳᠤ ᠠᠯᠤᠰ ᠲᠤ ᠨᠡᠪᠲᠡᠷᠡᠬᠦ ᠰᠢᠨ᠎ᠡ ᠮᠡᠷᠭᠡᠵᠢᠯ ᠢᠶᠠᠷ ᠨᠡᠩ ᠦᠷᠭᠡᠨ ᠠᠭᠤᠳᠠᠮ ᠭᠠᠵᠠᠷ ᠤᠷᠤᠨ ᠢ ᠬᠠᠮᠤᠷᠤᠭᠰᠠᠨ ᠴᠢᠮᠡᠭᠡ ᠬᠤᠯᠪᠤᠭᠠᠨ ᠤ ᠲᠤᠤᠷᠵᠢᠯ ᠢ ᠪᠦᠷᠬᠦᠭᠦᠯᠵᠤ᠂ ᠲᠠᠷᠠᠬᠠᠢ ᠪᠤᠳᠠᠷᠬᠠᠢ ᠰᠠᠭᠤᠷᠢᠰᠢᠬᠰᠠᠨ ᠮᠠᠯᠴᠢᠳ ᠲᠤ ᠨᠡᠩ ᠲᠤᠭᠳᠠᠭᠤᠨ ᠨᠡᠩ ᠬᠤᠷᠳᠤᠨ ᠴᠢᠮᠡᠭᠡ ᠬᠤᠯᠪᠤᠭ᠎ᠠ ᠠᠰᠢᠬᠯᠠᠬᠤ ᠨᠦᠬᠦᠴᠡᠯ ᠢ ᠪᠤᠢ ᠪᠤᠯᠭᠠᠵᠤ ᠦᠭᠬᠦ ᠪᠠᠷ ᠪᠠᠶᠢᠨ᠎ᠠ︾ ᠬᠡᠵᠥ ᠲᠡᠨᠢᠯᠴᠠᠭᠤᠯᠤᠯ᠎ᠠ᠃

   2018 ᠤᠨ ᠠᠴᠠ᠂ ᠰᠢᠯᠢ ᠶᠢᠨ ᠭᠤᠤᠯ ᠠᠶᠢᠮᠠᠭ 4G᠎ ᠶᠢᠨ ᠲᠤᠬᠢ᠊ ᠡᠶ᠎ᠡ ᠬᠠᠷᠠᠬᠠᠨ ᠨᠡᠪᠲᠡᠷᠡᠵᠦ ᠲᠡᠶᠢᠯᠤᠭᠡ ᠦᠭᠡᠢ 192 ᠵᠠᠰᠠᠬ ᠵᠠᠬᠢᠷᠭᠠᠨ ᠤ ᠭᠠᠴᠠᠭ᠎ᠠ ᠲᠤᠰᠬᠤᠨ ᠢ ᠤᠯᠤᠰ ᠤᠨ ᠴᠠᠬᠢᠯᠭᠠᠨ ᠴᠢᠮᠡᠭᠡ ᠬᠤᠯᠪᠤᠭ᠎ᠠ ᠶᠢ ᠲᠦᠭᠡᠮᠡᠯᠵᠢᠭᠦᠯᠬᠦ ᠲᠤᠷᠰᠢᠯᠲᠠ ᠶᠢᠨ ᠴᠡᠭ ᠤᠨ ᠠᠵᠢᠯ ᠤᠨ ᠬᠦᠷᠢᠶᠡᠨ ᠳᠤ ᠤᠷᠤᠭᠤᠯᠵᠤ᠂ ᠲᠤᠭᠠᠴᠢᠯᠠᠭᠰᠠᠨ ᠬᠦᠳᠡᠭᠡ ᠲᠤᠰᠬᠤᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠᠷ ᠲᠠᠮᠵᠢᠠ ᠠᠶᠢᠮᠠᠬ ᠤᠨ ᠵᠠᠰᠠᠬ ᠵᠠᠬᠢᠷᠭᠠᠨ ᠤ ᠭᠠᠴᠠᠭ᠎ᠠ ᠲᠤᠰᠬᠤᠨ ᠪᠦᠷᠢ ᠶᠢᠨ 4G᠎ ᠶᠢᠨ ᠲᠤᠬᠢᠶ᠎ᠠ ᠶᠢᠨ ᠪᠦᠷᠬᠦᠴᠡ ᠶᠢᠨ ᠨᠤᠷᠮ᠎ᠠ 55% ᠪᠠᠶᠢᠭᠰᠠᠨ ᠢ ᠲᠡᠭᠡᠭᠰᠢᠯᠡᠭᠦᠯᠤᠭᠡᠳ 70%᠎ ᠳᠤ ᠬᠦᠷᠭᠡᠵᠦ᠂ ᠨᠡᠩ ᠤᠯᠠᠨ ᠮᠠᠯᠴᠢᠨ ᠡᠷᠦᠬᠡ ᠳᠤ ᠠᠰᠢᠬ ᠬᠦᠷᠳᠡᠭᠡᠪᠡ᠃ ᠡᠨᠡ ᠬᠦ ᠰᠠᠭᠤᠷᠢᠨ ᠲᠡᠭᠡᠷ᠎ᠡ ᠡᠨᠡ ᠵᠢᠯ ᠲᠤᠰ ᠠᠶᠢᠮᠠᠭ ᠪᠠᠰᠠ ᠦᠯᠡᠳᠡᠭᠰᠡᠨ 261 ᠵᠠᠰᠠᠬ ᠵᠠᠬᠢᠷᠭᠠᠨ ᠤ ᠭᠠᠴᠠᠭ᠎ᠠ ᠲᠤᠰᠬᠤᠨ ᠤ ᠴᠢᠮᠡᠭᠡ ᠬᠤᠯᠪᠤᠭᠠᠨ ᠤ ᠪᠠᠶᠢᠭᠤᠯᠤᠯᠳᠠ ᠶᠢᠨ ᠠᠵᠢᠯ ᠢ ᠱᠠᠯᠠᠪᠳᠠᠭᠤᠯᠤᠨ ᠬᠢᠵᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠪᠤᠯᠳᠠᠯ᠎ᠠ ᠪᠦᠬᠦᠨ ᠢ ᠬᠢᠵᠦ ᠲᠠᠭᠤᠰᠬᠠᠬᠤ ᠪᠠᠷ ᠱᠠᠯᠠᠪᠳᠠᠭᠤᠯᠤᠨ ᠠᠵᠢᠯᠯᠠᠵᠤ ᠪᠤᠢ᠃

   ᠴᠢᠮᠡᠭᠡ ᠬᠤᠯᠪᠤᠭᠠᠨ ᠤ ᠴᠠᠭ ᠡᠷᠡᠨ ᠳᠤ ᠲᠦᠳᠡᠭᠡᠨ ᠵᠠᠭᠤᠷ᠎ᠠ ᠪᠦᠮᠪᠦᠷᠴᠡᠭ ᠤᠨ ᠲᠡᠷᠳᠡᠭᠡᠬᠢ ᠰᠤᠨᠢᠨ ᠰᠠᠶᠢᠬᠠᠨ ᠢ ᠰᠤᠷᠠᠵᠤ ᠤᠢᠢᠯᠠᠭᠠᠵᠤ ᠪᠤᠯᠳᠠᠭ ᠬᠤᠶᠢᠨ᠎ᠠ᠂ ᠴᠠᠶᠢᠳᠠᠮ ᠭᠠᠴᠠᠭᠠᠨ ᠳᠤ ᠭᠠᠷᠤᠭᠰᠠᠨ ᠡᠨᠡ ᠬᠦ ᠬᠤᠪᠢᠷᠠᠯᠳᠠ ᠵᠦᠪᠬᠡᠨ ᠰᠠᠷ᠎ᠠ ᠭᠠᠷᠤᠢ ᠶᠢᠨ ᠬᠤᠭᠤᠴᠠᠭᠠᠨ ᠳᠤ ᠨᠡᠩ ᠤᠯᠠᠨ ᠮᠠᠯᠴᠢᠨ ᠡᠷᠦᠬᠡ ᠶᠢᠨ ᠠᠮᠢᠳᠤᠷᠠᠯ ᠳᠤ ᠲᠤᠭᠠᠯᠠᠭᠠᠳ ᠪᠠᠷᠠᠰᠢ ᠦᠬᠡᠢ ᠰᠢᠨ᠎ᠡ ᠰᠢᠨ᠎ᠡ ᠵᠦᠢᠯ ᠢ ᠠᠪᠴᠢᠷᠠᠵᠤ ᠦᠭᠪᠠ᠃

   ᠰᠤᠷᠪᠤᠯᠵᠢᠯᠠᠭᠴᠢ ᠤᠢᠢᠷ᠎ᠠ ᠳᠤ ᠠᠬᠢᠭᠠᠳ ᠮᠠᠯᠴᠢᠨ ᠪᠠᠭᠠᠨ᠎ᠠ ᠲᠠᠢ ᠤᠳᠠᠰᠤ ᠪᠠᠷ ᠶᠠᠷᠢᠬᠤ ᠳᠤ ᠲᠡᠷᠡ᠄ ︽ᠤᠳᠤ ᠪᠢ ᠭᠠᠷ ᠤᠳᠠᠰᠤᠨ ᠤ ᠵᠢᠷᠬᠢᠶ᠎ᠡ ᠪᠠᠷ ᠬᠦᠢᠳᠡᠨ ᠬᠦᠮᠦᠷᠭᠡ᠂ ᠠᠵᠢᠯᠴᠢᠨ ᠬᠦᠯᠦᠰᠤᠯᠡᠬᠦ᠂ ᠡᠪᠡᠰᠤ ᠬᠠᠳᠤᠬᠤ᠂ ᠡᠳ᠋ ᠪᠠᠷᠠᠭ᠎ᠠ ᠬᠤᠳᠠᠯᠳᠤᠭᠠᠯᠠᠬᠤ ᠭᠡᠳ 30 ᠭᠠᠷᠤᠢ ᠵᠢᠷᠭᠢᠶ᠎ᠡ ᠶᠢᠨ ᠬᠤᠯᠪᠤᠭᠠᠨ ᠳᠤ ᠬᠡᠰᠢᠭᠦᠨ ᠢᠶᠠᠷ ᠤᠷᠤᠭᠠᠳ ᠪᠠᠶᠢᠨ᠎ᠠ᠂ ᠮᠠᠨᠠᠶᠢᠬᠢᠨ ᠡᠨᠡ ᠨᠠᠮᠤᠷ ᠤᠨ ᠬᠤᠨᠢ ᠮᠠᠯ ᠢᠶᠠᠨ ᠪᠤᠷᠤᠯᠠᠭᠤᠯᠬᠤ᠂ ᠡᠪᠡᠰᠤ ᠪᠤᠷᠳᠤᠭ᠎ᠠ ᠬᠤᠳᠠᠯᠳᠤᠨ ᠠᠪᠴᠤ ᠵᠦᠭᠡᠭᠡᠪᠦᠷᠢᠯᠡᠬᠦ ᠠᠵᠢᠯ ᠢᠶᠠᠨ ᠪᠦᠷᠢ ᠰᠦᠯᠵᠢᠶᠡᠨ ᠤ ᠦᠢᠯᠡᠴᠢᠯᠡᠭᠡᠨ ᠳᠤ ᠲᠦᠰᠢᠭᠯᠡᠠ ᠠᠪ ᠠᠮᠠᠷᠬᠠᠨ ᠲᠦᠪᠬᠢᠨᠡᠭᠦᠯᠴᠢᠭᠡᠯ᠎ᠠ᠂ ᠡᠨᠡ ᠨᠢ ᠴᠠᠭ ᠲᠤ ᠠᠷᠪᠢᠳᠠᠢ ᠮᠦᠷᠳᠡᠭᠡᠨ ᠨᠢᠭᠡ ᠪᠦᠯᠦᠭ ᠵᠠᠷᠤᠳᠠᠯ ᠢ ᠭᠠᠮᠨᠠᠬᠰᠡᠨ ᠰᠢᠤ︾ ᠭᠡᠵᠦ ᠪᠠᠶᠠᠷᠲᠠᠢ ᠶᠠᠷᠢᠵᠤ ᠪᠠᠶᠢᠯ᠎ᠠ᠃

   ᠶᠠᠷᠢᠬᠤ ᠠᠴᠠ ᠬᠠᠷᠢᠨ ᠭᠠᠴᠠᠭ᠎ᠠ ᠰᠤᠮᠤᠨ ᠤ ᠬᠤᠷᠠᠯ ᠴᠤᠭᠯᠠᠭᠠᠨ ᠭᠡᠵᠦ ᠪᠠᠶᠢᠡᠭᠭᠤ ᠨᠠᠭᠠᠰᠢ ᠴᠠᠭᠠᠰᠢ ᠲᠠᠪᠬᠢᠭᠤᠯᠳᠠᠭ ᠡᠷᠳᠡᠨᠢᠰᠠᠩ ᠱᠦᠵᠢ ᠶᠢᠨ ᠬᠢᠨ ᠪᠤᠯ ᠮᠠᠯ ᠤᠨ ᠬᠠᠰᠢᠶ᠎ᠠ᠂ ᠡᠪᠠᠰᠤᠨ ᠫᠸᠡᠭ ᠳᠡᠭᠡᠨ ᠠᠯᠤᠰ ᠡᠵᠡᠮᠰᠢᠯᠳᠤ ᠲᠤᠷᠠᠨ ᠤᠭᠰᠠᠷᠠᠭᠰᠠᠨ ᠪᠠ ᠭᠠᠷ ᠤᠳᠠᠰᠤᠨ ᠤ ᠰᠢᠯᠵᠢᠶ᠎ᠡ ᠪᠠᠷ ᠡᠵᠡᠮᠰᠢᠳᠡᠭ ᠮᠠᠯ ᠤᠰᠤᠯᠠᠬᠤ ᠮᠠᠰᠢᠨ ᠲᠤᠬᠢᠷᠠᠭᠤᠯᠤᠨ ᠬᠡᠷᠡᠭᠯᠡᠵᠤ᠂ ᠬᠦᠳᠠᠯᠮᠤᠷᠢ ᠬᠦᠴᠦᠨ ᠬᠦᠷᠦᠯᠴᠡᠭᠡ ᠮᠠᠭᠤᠳᠠᠢ ᠪᠠᠶᠢᠳᠠᠯ ᠢᠶᠠᠨ ᠲᠤᠬᠢᠲᠠᠢ ᠠᠷᠭᠠᠴᠠᠭᠠᠭᠰᠠᠨ ᠪᠠᠶᠢᠯ᠎ᠠ᠃ ᠪᠠᠰᠠ ᠨᠢᠭᠡ ᠲᠤᠷᠠᠳᠤᠭᠤᠰᠢᠳᠠᠢ ᠵᠦᠢᠯ ᠭᠡᠪᠡᠯ᠂ ᠤᠳᠤ ᠲᠤᠰ ᠭᠠᠴᠠᠭᠠᠨ ᠤ ᠨᠠᠮ ᠤᠨ ᠭᠡᠰᠢᠭᠦᠳ᠂ ᠭᠠᠴᠠᠭᠠᠠ ᠤ ᠠᠷᠠᠳ ᠤᠨ ᠵᠦᠪᠯᠡᠯ ᠤᠨ ᠬᠢᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠭᠠᠷ ᠤᠳᠠᠰᠤᠨ ᠤ ᠰᠢᠯᠵᠢᠶ᠎ᠡ ᠪᠠᠷ ᠨᠠᠮ ᠤᠨ ᠲᠦᠷᠦ ᠶᠢᠨ ᠪᠤᠳᠤᠯᠭ᠎ᠠ ᠶᠢ ᠰᠤᠷᠤᠯᠴᠠᠬᠤ᠂ ᠲᠧᠯᠸᠢᠰ ᠷᠠᠳᠢᠣ᠋ ᠰᠤᠨᠤᠰᠬᠤ ᠬᠠᠯᠠᠮᠰᠢᠯ ᠭᠠᠷᠴᠠᠢ᠃  

ᠣᠷᠴᠢᠭᠤᠯᠤᠭᠴᠢ᠄
ᠨᠠᠶᠢᠷᠠᠭᠤᠯᠤᠭᠴᠢ᠄ ᠰᠠᠴᠣᠷᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号