122 ᠮᠤᠩᠭᠤᠯ ᠬᠢᠳᠠᠳ ᠡᠮᠨᠡᠯᠭᠡ ᠶᠢᠨ ᠬᠤᠷᠢᠶᠠᠨ ᠳᠤ 2.6 ᠲᠦᠮᠡ ᠭᠠᠷᠤᠢ ᠡᠪᠡᠳᠴᠢᠳᠡᠨ ᠤ ᠤᠷᠤ ᠲᠠᠢ ᠪᠠᠶᠢᠵᠦ᠂ ᠳᠤᠮᠳᠠᠴᠢ ᠪᠠᠷ ᠮᠢᠩᠭᠠᠨ ᠬᠦᠮᠦᠨ ᠪᠦᠷᠢ ᠳᠤ ᠨᠤᠭᠳᠠᠬᠤ ᠡᠪᠡᠳᠴᠢᠳᠡᠨ ᠤ ᠤᠷᠤ ᠪᠠᠷ ᠪᠦᠬᠦ ᠤᠯᠤᠰ ᠲᠤ ᠲᠡᠳ᠋ᠯᠡᠯ᠎ᠠ — ᠮᠠᠨ ᠤ ᠤᠷᠤᠨ ᠮᠤᠩᠭᠤᠯ ᠬᠢᠳᠠᠳ ᠡᠮ ᠡᠮᠨᠡᠯᠭᠡ ᠶᠢᠨ ᠦᠢᠯᠡᠰ ᠤᠨ ᠰᠢᠨ᠎ᠠ ᠠᠮᠵᠢᠯᠳᠠ ᠶᠢ ᠪᠢᠴᠢᠭᠯᠡᠵᠤ ᠪᠠᠶᠢᠨ᠎ᠠ
2019-10-06 17:26:40
ᠵᠣᠬᠢᠶᠠᠭᠴᠢ᠄ 
ᠤᠷᠭᠤᠮᠠᠯ
ᠣᠩᠰᠢᠭᠰᠠᠨ ᠣᠳᠠᠭ᠎ᠠ᠄ 
★★★☆☆

   2009 ᠤᠨ ᠳᠤ ᠰᠢᠨ᠎ᠡ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠡᠬᠢᠯᠡᠵᠤ ᠬᠡᠷᠡᠭᠵᠢᠬᠦᠯᠦᠭᠰᠡᠨ ᠠᠴᠠ ᠨᠠᠭᠠᠰᠢ᠂ ᠮᠠᠨ ᠤ ᠤᠷᠤᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠤᠩᠭᠤᠯ ᠬᠢᠳᠠᠳ ᠡᠮ ᠡᠮᠨᠡᠯᠭᠡ ᠶᠢᠨ ᠦᠭᠡᠷᠡᠴᠢᠯᠡᠯᠳᠡ ᠬᠦᠭᠵᠢᠬᠦᠯᠥᠯᠳᠠ ᠶᠢ ᠢᠳᠡᠪᠬᠢᠳᠠᠢ ᠠᠬᠢᠭᠤᠯᠤᠨ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠠᠷᠠᠳ ᠲᠤ ᠠᠰᠢᠭ ᠬᠦᠷᠳᠡᠭᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠦᠷᠭᠡᠳᠬᠡᠵᠠᠢ᠃ ᠰᠢᠰᠲ᠋ᠧᠮ ᠤᠨ ᠪᠠᠶᠢᠭᠤᠯᠤᠯᠳᠠ ᠶᠢ ᠴᠢᠬᠤᠯᠠᠴᠢᠯᠠᠵᠦ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠬᠦ᠂ ᠦᠪᠡᠷᠮᠢᠴᠡ ᠤᠨᠴᠠᠯᠢᠭ ᠢᠶᠠᠨ ᠳᠤᠪᠤᠶᠢᠯᠭᠠᠨ ᠪᠤᠶᠢᠵᠢᠭᠤᠯᠬᠤ ᠶᠢ ᠴᠢᠩᠭᠠᠳᠬᠠᠬᠤ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠳᠠᠪᠠᠭᠤᠯᠢᠭ ᠢ ᠪᠠᠳᠠᠷᠠᠭᠤᠯᠬᠤ᠂ ᠠᠷᠠᠳ ᠲᠤ ᠠᠰᠢᠭ ᠬᠦᠷᠳᠡᠭᠡᠬᠦ ᠦᠷ᠎ᠡ ᠪᠦᠲᠦᠮᠵᠢ ᠶᠢ
ᠦᠷᠭᠡᠳᠭᠡᠬᠦ᠂ ᠮᠤᠩᠭᠤᠯ ᠬᠢᠳᠠᠳ ᠡᠮ ᠡᠮᠨᠡᠯᠭᠡ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠬᠦᠯᠬᠦ ᠵᠡᠷᠭᠡ ᠲᠠᠯ᠎ᠠ ᠪᠠᠷ ᠯᠤᠳᠦ ᠶᠡᠭᠡ ᠠᠮᠵᠢᠯᠳᠠ
ᠤᠯᠪᠠ᠃
   ᠰᠢᠰᠲ᠋ᠧᠮ ᠤᠨ ᠪᠠᠶᠢᠭᠤᠯᠤᠯᠳᠠ ᠶᠢ ᠴᠢᠬᠤᠯᠠᠴᠢᠯᠠᠵᠦ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠬᠦᠯᠪᠠ᠃ ᠠᠷᠠᠳ ᠲᠦᠮᠡᠨ ᠤ ︽ᠡᠪᠡᠳᠴᠢᠨ ᠦᠵᠡᠬᠦᠯᠵᠦ ᠪᠤᠯᠬᠤ︾᠎ ᠶᠢᠨ ᠲᠤᠭᠤᠷᠢᠨ ᠳᠤ ᠮᠤᠩᠭᠤᠯ ᠬᠢᠳᠠᠳ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠢ ᠭᠤᠤᠯᠳᠠᠯᠭ᠎ᠠ ᠲᠠᠢ ᠪᠦᠷᠢᠠᠰᠢᠬᠦᠯᠵᠠᠢ᠃ 2012 ᠤᠨ ᠳᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ 4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠦ᠂ ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠵᠦ᠂ 1100 ᠡᠪᠡᠳᠴᠢᠳᠡᠨ ᠤ ᠤᠷᠤ ᠠᠰᠢᠬᠯᠠᠯᠳᠠ ᠳᠤ ᠤᠷᠤᠵᠦ᠂ ᠵᠢᠯ ᠤᠨ ᠡᠭᠦᠳᠡᠨ ᠡᠮᠨᠡᠯᠭᠡ ᠶᠢᠨ ᠡᠪᠡᠳᠴᠢᠲᠡᠨ ᠢ ᠬᠦᠯᠢᠶᠡᠨ ᠠᠪᠤᠭᠰᠠᠨ ᠬᠡᠮᠵᠢᠶ᠎ᠡ 60 ᠲᠦᠮᠡᠨ ᠬᠦᠮᠦᠨ ᠤᠳᠠᠭ᠎ᠠ ᠳᠤ ᠬᠦᠷᠴᠦ᠂ 2018 ᠤᠨ ᠳᠤ ᠪᠠᠰᠠ 12 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠦ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠦᠲᠦᠭᠡᠨ ᠪᠠᠶᠢᠭᠤᠯᠬᠤ ᠪᠠᠷ ᠲᠦᠯᠦᠪᠯᠡᠵᠠᠢ᠃ 2016 — 2018 ᠤᠨ ᠪᠤᠯᠳᠠᠯ᠎ᠠ ᠦᠪᠡᠷᠳᠡᠭᠡᠨ ᠵᠠᠰᠠᠬᠤ ᠤᠷᠤᠨ ᠪᠠᠰᠠ 55 ᠬᠤᠰᠢᠭᠤ ᠰᠢᠶᠠᠨ ᠤ ᠳᠡᠰ ᠤᠨ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠦᠪᠡᠷᠳᠡᠭᠡᠨ ᠵᠠᠰᠬᠠᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠭᠤᠤᠯᠳᠠᠯᠭ᠎ᠠ ᠲᠠᠢ ᠲᠦᠷᠦᠯ ᠵᠦᠢᠯ ᠳᠤ ᠤᠷᠤᠭᠤᠯᠵᠦ᠂ ᠶᠡᠷᠦᠩᠬᠡᠢ ᠪᠡᠯᠡ ᠤᠷᠤᠭᠤᠯᠤᠯᠳᠠ ᠨᠢ 21.7 ᠳ᠋ᠦᠩᠰᠢᠭᠤᠷ ᠲᠦᠭᠦᠷᠢᠭ ᠲᠤ ᠬᠦᠷᠴᠦ᠂ 95%᠎ ᠨᠢ ᠨᠢᠭᠡᠨᠳᠡ ᠪᠦᠲᠦᠭᠡᠨ ᠪᠠᠶᠢᠭᠤᠯᠬᠤ ᠡᠭᠦᠷᠭᠡ ᠪᠠᠨ ᠪᠡᠶᠡᠯᠡᠬᠦᠯᠵᠠᠢ᠃ ᠪᠦᠬᠦ ᠤᠷᠤᠨ ᠳᠤ ᠤᠳᠤᠬᠠᠨ ᠳᠤ ᠨᠡᠶᠢᠳᠡ 202 ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠲᠠᠢ᠂ ᠡᠭᠦᠨ ᠳᠤ ᠠᠯᠪᠠᠨ ᠠᠴᠠ ᠡᠷᠬᠢᠯᠡᠭᠰᠡᠨ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ 122᠂ ᠮᠤᠩᠭᠤᠯ ᠬᠢᠳᠠᠳ ᠡᠮᠨᠡᠯᠭᠡ ᠶᠢᠨ ᠡᠪᠡᠳᠴᠢᠳᠡᠨ ᠤ ᠤᠷᠤ 26013 ᠪᠠᠶᠢᠵᠦ᠂ ᠳᠤᠮᠳᠠᠴᠢ ᠪᠠᠷ ᠮᠢᠩᠭᠠᠨ ᠬᠦᠮᠦᠨ ᠪᠦᠷᠢ ᠳᠤ 1.029 ᠡᠪᠡᠳᠴᠢᠳᠡᠨ ᠤ ᠤᠷᠤ ᠨᠤᠭᠳᠠᠵᠦ᠂ ᠪᠦᠬᠦ ᠤᠯᠤᠰ ᠤᠨ ᠬᠤᠶᠠᠳᠤᠭᠠᠷ ᠲᠤ ᠪᠠᠶᠢᠷᠢᠯᠠᠵᠠᠢ᠃ ᠨᠡᠶᠢᠭᠡᠮ ᠲᠤᠭᠤᠷᠢᠭ ᠪᠠ ᠰᠤᠮᠤ ᠰᠢᠶᠠᠩ ᠪᠠᠯᠭᠠᠰᠤᠨ ᠳᠤ ᠮᠤᠩᠭᠤᠯ ᠬᠢᠳᠠᠳ ᠡᠮᠨᠡᠯᠭᠡ ᠶᠢᠨ ᠰᠠᠯᠠᠭ᠎ᠠ ᠶᠢ ᠳᠤᠬᠢᠷᠠᠭᠤᠯᠤᠭᠰᠠᠨ ᠨᠤᠷᠮ᠎ᠠ 95%᠎ ᠠᠴᠠ ᠳᠡᠭᠡᠭᠰᠢ ᠳᠤ ᠬᠦᠷᠴᠦ᠂ 65%᠎ ᠠᠴᠠ ᠳᠡᠭᠡᠭᠰᠢᠬᠢ ᠭᠠᠴᠠᠭ᠎ᠠ ᠲᠤᠰᠬᠤᠨ ᠳᠤ ᠮᠤᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡ ᠶᠢ ᠬᠠᠩᠭᠠᠵᠦ ᠴᠢᠳᠠᠬᠤ ᠪᠤᠯᠵᠠᠢ᠃
   ᠦᠪᠡᠷᠮᠢᠴᠡ ᠤᠨᠴᠠᠯᠢᠭ ᠲᠠᠢ ᠪᠤᠶᠢᠵᠢᠭᠤᠯᠬᠤ ᠶᠢ ᠴᠢᠩᠭᠠᠳᠬᠠᠨ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠳᠠᠪᠠᠭᠤᠯᠢᠭ ᠢ ᠤᠯᠠᠮ ᠨᠢᠭᠡ ᠠᠯᠬᠤᠮ ᠳᠤᠪᠤᠶᠢᠯᠭᠠᠵᠠᠢ᠃ ︽ᠡᠪᠡᠳᠴᠢᠨ ᠢᠶᠠᠨ ᠰᠠᠶᠢᠳᠤᠷ ᠦᠵᠡᠬᠦᠯᠬᠦ︾᠎ ᠶᠢᠨ ᠲᠤᠭᠤᠷᠢᠨ ᠳᠤ ᠮᠤᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠳᠠ ᠶᠢ ᠭᠤᠤᠯᠳᠠᠯᠭ᠎ᠠ ᠲᠠᠢ ᠴᠢᠩᠭᠠᠳᠬᠠᠪᠠ᠃ ᠦᠪᠡᠷᠳᠡᠭᠡᠨ ᠵᠠᠰᠠᠬᠤ ᠤᠷᠤᠨ ᠵᠢᠯ ᠪᠦᠷᠢ 2500 ᠲᠦᠮᠡᠨ ᠲᠦᠭᠦᠷᠢᠭ ᠤᠨ ᠪᠡᠯᠡ ᠤᠷᠤᠭᠤᠯᠵᠦ᠂ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠶᠢᠨ ᠡᠮ ᠨᠠᠶᠢᠷᠠᠯᠭ᠎ᠠ᠂ ᠤᠨᠴᠠᠯᠢᠬᠳᠦ ᠲᠤᠰᠬᠠᠢ ᠮᠡᠷᠭᠡᠵᠢᠯ᠂ ᠡᠷᠳᠡᠮ ᠰᠢᠨᠵᠢᠯᠡᠭᠡᠨ ᠤ ᠤᠯᠠᠮᠵᠢᠯᠠᠯ ᠪᠠ ᠪᠠᠷᠢᠮᠵᠢᠶᠠᠵᠢᠭᠰᠠᠨ ᠰᠤᠳᠤᠯᠭᠠᠨ ᠤ ᠠᠵᠢᠯ ᠦᠷᠨᠢᠭᠦᠯᠬᠦ ᠶᠢ ᠳᠡᠮᠵᠢᠵᠠᠢ᠃ ᠤᠨᠴᠠᠭᠠᠢᠢᠯᠠᠨ ᠮᠤᠩᠭᠤᠯ ᠬᠢᠳᠠᠳ ᠡᠮᠨᠡᠯᠭᠡ ᠶᠢᠨ ᠤᠨᠴᠠᠯᠢᠬᠳᠦ ᠤᠨᠤᠰᠢᠯᠠᠨ ᠵᠠᠰᠠᠬᠤ ᠪᠤᠯᠤᠨ ᠤᠯᠠᠮᠵᠢᠯᠠᠯᠳᠦ ᠡᠮ ᠨᠠᠶᠢᠷᠠᠭᠤᠯᠬᠤ ᠲᠠᠯ᠎ᠠ ᠪᠠᠷ ᠠᠭᠤᠳᠠᠯᠤᠨ ᠳᠡᠰ ᠳᠡᠪᠰᠢᠬᠦᠯᠬᠦ ᠶᠢ ᠴᠢᠩᠭᠠᠳᠬᠠᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ 170 ᠦᠪᠡᠷᠮᠢᠴᠡ ᠤᠨᠴᠠᠯᠢᠭ ᠲᠠᠢ ᠪᠦᠭᠡᠳ ᠳᠠᠪᠠᠭᠤᠯᠢᠭ ᠲᠤᠰᠬᠠᠢ ᠮᠡᠷᠭᠡᠵᠢᠯ᠂ 31 ᠮᠤᠩᠭᠤᠯ ᠡᠮ ᠬᠢᠳᠠᠳ ᠡᠮ ᠨᠠᠶᠢᠷᠠᠭᠤᠯᠬᠤ ᠲᠠᠰᠤᠭ ᠪᠠᠶᠢᠭᠤᠯᠪᠠ︔ ︽ᠡᠷᠳᠡᠨ ᠤ ᠲᠤᠯᠭᠤᠷ ᠪᠢᠴᠢᠭ ᠲᠤ ᠰᠠᠭᠤᠷᠢᠯᠠᠭᠰᠠᠨ ᠦᠳᠡᠯᠬᠦ ᠶᠢ ᠤᠳᠠᠭᠠᠰᠢᠷᠠᠭᠤᠯᠬᠤ ᠮᠤᠩᠭᠤᠯ ᠡᠮ ᠤᠨ ᠮᠠᠲ᠋ᠧᠷᠢᠶᠠᠯ ᠤᠨ ᠳᠠᠷᠬᠠᠯᠳᠠ ᠶᠢ ᠪᠠᠶᠢᠴᠠᠭᠠᠬᠤ ᠵᠢᠴᠢ ᠮᠤᠩᠭᠤᠯ ᠡᠮ ᠤᠨ ᠵᠤᠷ ᠤᠨ ᠨᠠᠶᠢᠷᠠᠯᠳᠠ ᠶᠢᠨ ᠮᠡᠳᠡᠭᠡ ᠵᠠᠩᠬᠢ ᠶᠢᠨ ᠬᠦᠮᠦᠷᠭᠡ︾ ᠪᠠᠶᠢᠭᠤᠯᠵᠦ᠂ ᠦᠳᠡᠯᠬᠦ ᠶᠢ ᠤᠳᠠᠭᠠᠰᠢᠷᠠᠭᠤᠯᠬᠤ ᠰᠤᠳᠤᠯᠭᠠᠨ ᠤ ᠴᠢᠭᠯᠡᠯ ᠲᠠᠢ ᠮᠡᠳᠡᠯᠭᠡ ᠶᠢᠨ ᠬᠠᠮᠳᠤ ᠪᠠᠷ ᠡᠳ᠋ᠯᠡᠬᠦ ᠮᠡᠳᠡᠭᠡ ᠵᠠᠩᠬᠢ ᠶᠢᠨ ᠳᠡᠪᠴᠡᠩ ᠢ ᠪᠠᠶᠢᠭᠤᠯᠵᠠᠢ︔ ᠮᠤᠩᠭᠤᠯ ᠡᠮ ᠡᠮᠨᠡᠯᠭᠡ ᠪᠠᠷ ︽ᠰᠢᠷ᠎ᠠ ᠤᠰᠤ︾ ︵ᠦᠶ᠎ᠡ ᠭᠡᠰᠢᠬᠦᠦ︶᠎ ᠶᠢᠨ ᠡᠪᠡᠳᠴᠢᠨ᠂ ᠳᠠᠷᠢᠬᠢ ᠳᠤᠷᠬᠢᠬᠤ ᠵᠡᠷᠭᠡ 3 ᠲᠦᠷᠦᠯ ᠤᠨ ᠡᠮᠴᠢᠯᠡᠭᠡᠨ ᠤ ᠰᠤᠳᠤᠯᠭᠠᠨ ᠤ ᠰᠡᠳᠦᠪ ᠢ ᠤᠯᠤᠰ ᠤᠨ ︽ᠠᠷᠪᠠᠨ ᠨᠢᠭᠡᠳᠦᠭᠡᠷ ᠲᠠᠪᠤᠨ ᠵᠢᠯ︾᠎ ᠤᠨ ᠲᠦᠯᠦᠪᠯᠡᠭᠡ ᠶᠢᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ ᠢᠶᠠᠷ ᠲᠤᠯᠭᠠᠭᠤᠷᠢᠯᠠᠬᠤ ᠲᠦᠯᠦᠪᠯᠡᠭᠡ ᠳᠤ ᠤᠷᠤᠭᠤᠯᠪᠠ︔ ᠭᠤᠷᠪᠠᠨ ᠪᠦᠯᠦᠭ ᠨᠡᠷᠡᠳᠦ ᠠᠬᠠᠮᠠᠳ ᠮᠤᠩᠭᠤᠯ ᠡᠮ ᠡᠮᠨᠡᠯᠭᠡ ᠬᠢᠳᠠᠳ ᠡᠮ ᠡᠮᠨᠡᠯᠭᠡ ᠶᠢᠨ ᠲᠤᠰᠬᠠᠢ ᠮᠡᠷᠭᠡᠵᠢᠯᠳᠡᠨ ᠤ ᠡᠷᠳᠡᠮ ᠰᠢᠨᠵᠢᠯᠡᠭᠡᠨ ᠤ ᠳᠤᠷᠰᠢᠯᠭ᠎ᠠ ᠶᠢ ᠤᠯᠠᠮᠵᠢᠯᠠᠬᠤ ᠠᠵᠢᠯ ᠢ ᠦᠷᠬᠦᠯᠵᠢᠯᠡᠨ ᠦᠷᠨᠢᠬᠦᠯᠵᠦ᠂ 700 ᠭᠠᠷᠤᠢ ᠡᠷᠳᠡᠮ ᠰᠢᠨᠵᠢᠯᠡᠭᠡᠨ ᠤ ᠤᠯᠠᠮᠵᠢᠯᠠᠭᠴᠢ ᠶᠢ ᠬᠦᠮᠦᠵᠢᠬᠦᠯᠵᠠᠢ︔ 3 ᠮᠤᠩᠭᠤᠯ ᠡᠮᠨᠡᠯᠭᠡ ᠶᠢᠨ ᠲᠤᠰᠬᠠᠢ ᠮᠡᠷᠭᠡᠵᠢᠯᠳᠡᠨ ︽ᠤᠯᠤᠰ ᠤᠨ ᠤᠳᠠᠴᠢ︾᠎ ᠶᠢᠨ ᠴᠤᠯᠠ ᠬᠦᠷᠳᠡᠵᠦ᠂ 2 ᠮᠤᠩᠭᠤᠯ ᠬᠢᠳᠠᠳ ᠡᠮᠴᠢ ︽ᠪᠦᠬᠦ ᠤᠯᠤᠰ ᠤᠨ ᠨᠡᠷᠡᠳᠦ ᠬᠢᠳᠠᠳ ᠡᠮᠴᠢ︾᠎ ᠶᠢᠨ ᠴᠤᠯᠠ ᠬᠦᠷᠳᠡᠪᠡ︔ ᠮᠤᠩᠭᠤᠯ ᠬᠢᠳᠠᠳ ᠡᠮᠨᠡᠯᠭᠡ ᠶᠢᠨ ᠦᠢᠯᠡᠰ ᠡᠷᠬᠢᠯᠡᠭᠰᠡᠨ ︵ᠲᠤᠰᠠᠯᠠᠭᠴᠢ︶ ᠡᠮᠴᠢ 18895 ᠬᠦᠮᠦᠨ ᠪᠠᠶᠢᠵᠦ᠂ ᠳᠤᠮᠳᠠᠴᠢ ᠪᠠᠷ ᠮᠢᠩᠭᠠᠨ ᠬᠦᠮᠦᠨ ᠪᠦᠷᠢ ᠳᠤ ᠮᠤᠩᠭᠤᠯ ᠬᠢᠳᠠᠳ ᠡᠮᠨᠡᠯᠭᠡ ᠶᠢᠨ ᠦᠢᠯᠡᠰ ᠡᠷᠬᠢᠯᠡᠭᠰᠡᠨ
︵ᠲᠤᠰᠠᠯᠠᠭᠴᠢ︶ ᠡᠮᠴᠢ 0.577 ᠬᠦᠮᠦᠨ ᠨᠤᠭᠳᠠᠵᠦ᠂ ᠪᠦᠬᠦ ᠤᠯᠤᠰ ᠤᠨ ᠭᠤᠷᠪᠠᠳᠤᠭᠠᠷ ᠲᠤ ᠪᠠᠶᠢᠷᠢᠯᠠᠵᠠᠢ᠃ ᠦᠨᠳᠦᠰᠦᠨ ᠱᠠᠳᠤᠨ ᠤ ᠮᠤᠩᠭᠤᠯ ᠡᠮ ᠡᠮᠨᠡᠯᠭᠡ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠬᠦ ᠢᠨᠵᠧᠨᠧᠷᠢᠩ ᠢ ᠡᠬᠢᠯᠡᠬᠦᠯᠵᠦ᠂ ᠦᠨᠳᠦᠰᠦᠨ ᠱᠠᠳᠤᠨ ᠳᠤ 668 ︽ᠮᠤᠩᠭᠤᠯ ᠡᠮᠨᠡᠯᠭᠡ ᠶᠢᠨ ᠤᠷᠳᠤᠨ ᠬᠢᠳᠠᠳ ᠡᠮᠨᠡᠯᠭᠡ ᠶᠢᠨ ᠤᠷᠳᠤᠨ︾ ᠪᠠᠶᠢᠭᠤᠯᠵᠦ᠂ ᠮᠤᠩᠭᠤᠯ ᠡᠮ ᠡᠮᠨᠡᠯᠭᠡ ᠬᠢᠳᠠᠳ ᠡᠮ ᠡᠮᠨᠡᠯᠭᠡ ᠳᠤ ᠳᠤᠬᠢᠷᠠᠯᠴᠠᠭᠰᠠᠨ ᠮᠡᠷᠭᠡᠵᠢᠯ ᠢ ᠳᠡᠯᠭᠡᠷᠡᠬᠦᠯᠬᠦ ᠶᠢᠨ ᠵᠡᠷᠭᠡ ᠪᠠᠷ ᠮᠤᠩᠭᠤᠯ ᠡᠮ ᠡᠮᠨᠡᠯᠭᠡ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠤᠯᠠᠮ ᠳᠡᠭᠡᠭᠰᠢᠯᠡᠬᠦᠯᠦᠭᠰᠡᠨ ᠪᠠᠶᠢᠨ᠎ᠠ᠃
   ᠠᠷᠠᠳ ᠲᠤ ᠠᠰᠢᠭ ᠬᠦᠷᠳᠡᠭᠡᠬᠦ ᠦᠷ᠎ᠡ ᠪᠦᠲᠦᠮᠵᠢ ᠶᠢ ᠦᠷᠭᠡᠳᠭᠡᠵᠦ᠂ ᠮᠤᠩᠭᠤᠯ ᠬᠢᠳᠠᠳ ᠡᠮ ᠡᠮᠨᠡᠯᠭᠡ ᠶᠢᠨ ᠪᠠᠲᠤᠯᠠᠭ᠎ᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠠᠢ᠃ ᠠᠷᠠᠳ ᠲᠦᠮᠡᠨ ᠤ ︽ᠡᠪᠡᠳᠴᠢᠨ ᠦᠵᠡᠬᠦᠯᠵᠦ ᠳᠡᠶᠢᠯᠬᠦ︾᠎ ᠶᠢᠨ ᠲᠤᠭᠤᠷᠢᠨ ᠳᠤ᠂ ᠡᠮ ᠤᠨ ᠵᠦᠢᠯᠡᠰ ᠤᠨ ᠨᠡᠮᠡᠯᠳᠡ ᠦᠷᠳᠡᠭ ᠢ ᠦᠭᠡᠶᠢᠰᠬᠡᠭᠰᠡᠨ ᠤ ᠳᠠᠷᠠᠭᠠᠭᠢ ᠪᠡᠯᠡ ᠤᠷᠤᠭᠤᠯᠤᠯᠳᠠ ᠶᠢᠨ ᠨᠦᠬᠦᠪᠦᠷᠢ ᠶᠢᠨ ᠲᠤᠭᠳᠠᠴᠠ ᠶᠢ ᠭᠤᠤᠯᠳᠠᠯᠭ᠎ᠠ ᠲᠠᠢ ᠪᠠᠶᠢᠭᠤᠯᠪᠠ᠃ ᠵᠠᠰᠠᠭ ᠤᠨ ᠤᠷᠳᠤᠨ ᠤ ᠪᠠᠲᠤᠯᠠᠭ᠎ᠠ ᠶᠢᠨ ᠬᠠᠷᠢᠭᠤᠴᠠᠯᠭ᠎ᠠ ᠶᠢ ᠳᠤᠳᠤᠷᠬᠠᠢᠢᠯᠠᠵᠦ᠂ ᠠᠯᠪᠠᠨ ᠠᠴᠠ ᠡᠷᠬᠢᠯᠡᠭᠰᠡᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠠᠵᠢᠯᠳᠠᠨ ᠤ ᠵᠠᠷᠤᠳᠠᠯ ᠮᠦᠩᠬᠦ ᠶᠢᠨ ᠨᠦᠬᠦᠪᠦᠷᠢ ᠶᠢ 100%᠂ ᠬᠢᠳᠠᠳ ᠡᠮᠨᠡᠯᠭᠡ ᠶᠢᠨ ᠬᠤᠷᠢᠶ᠎ᠠ ᠶᠢᠨ ᠠᠵᠢᠯᠳᠠᠨ ᠤ ᠵᠠᠷᠤᠳᠠᠯ ᠮᠦᠩᠬᠦ ᠶᠢᠨ ᠨᠦᠬᠦᠪᠦᠷᠢ ᠶᠢ 80%᠎ ᠠᠴᠠ ᠳᠡᠭᠡᠭᠰᠢ ᠪᠤᠯᠭᠠᠪᠠ︔ ᠬᠠᠷᠠᠭᠠᠯᠵᠠᠯ ᠤᠨ ᠠᠷᠭ᠎ᠠ ᠬᠡᠮᠵᠢᠶ᠎ᠡ ᠳᠤᠷᠠᠳᠴᠦ᠂ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠳᠤ ᠡᠮᠨᠡᠬᠦᠯᠪᠡᠯ᠂ ᠡᠮᠨᠡᠯᠭᠡ ᠶᠢᠨ ᠳᠠᠭᠠᠳᠬᠠᠯ ᠤᠨ ᠳᠠᠩᠰᠠᠨ ᠠᠴᠠ ᠲᠠᠶᠢᠯᠬᠤ ᠬᠠᠮᠤᠭ ᠤᠨ ᠳᠤᠤᠷ᠎ᠠ ᠬᠢᠵᠠᠭᠠᠷ ᠢ 20% — 50%᠎ ᠪᠠᠷ ᠪᠠᠭᠤᠷᠠᠭᠤᠯᠵᠦ᠂ ᠳᠠᠩᠰᠠᠨ ᠠᠴᠠ ᠲᠠᠶᠢᠯᠬᠤ ᠬᠠᠷᠢᠴᠠᠯ ᠢ 15% — 20%᠎ ᠪᠠᠷ ᠳᠡᠭᠡᠭᠰᠢᠯᠡᠬᠦᠯᠵᠠᠢ︔ ᠵᠡᠬᠦᠦ ᠲᠦᠭᠡᠨᠡᠯᠭᠡ᠂ ᠰᠤᠷᠤᠭᠤᠯ ᠲᠠᠯᠪᠢᠬᠤ᠂ ᠶᠠᠰᠤ ᠪᠠᠷᠢᠬᠤ᠂ ᠴᠡᠭᠡ ᠶᠢᠨ ᠵᠠᠰᠠᠯ᠂ ᠪᠡᠶ᠎ᠡ ᠰᠡᠳᠬᠢᠴᠡ ᠶᠢᠨ ᠡᠮᠨᠡᠯᠭᠡ ᠵᠡᠷᠭᠡ ᠮᠤᠩᠭᠤᠯ ᠬᠢᠳᠠᠳ ᠡᠮ ᠡᠮᠨᠡᠯᠭᠡ ᠶᠢᠨ ᠤᠯᠠᠮᠵᠢᠯᠠᠯᠳᠦ ᠵᠠᠰᠠᠯ ᠤᠨ ᠮᠡᠷᠭᠡᠵᠢᠯ ᠪᠤᠯᠤᠨ ᠮᠤᠩᠭᠤᠯ ᠬᠢᠳᠠᠳ ᠡᠮ ᠡᠮᠨᠡᠯᠭᠡ ᠶᠢᠨ ᠪᠡᠯᠡᠨ ᠡᠮ᠂ ᠴᠢᠨᠠᠬᠤ ᠡᠮ ᠢ ᠪᠦᠬᠦᠨ ᠢ ᠡᠮᠨᠡᠯᠭᠡ ᠶᠢᠨ ᠳᠠᠭᠠᠳᠬᠠᠯ ᠤᠨ ᠳᠠᠩᠰᠠᠨ ᠠᠴᠠ ᠲᠠᠶᠢᠯᠬᠤ ᠳᠤ ᠬᠠᠮᠤᠷᠤᠨ ᠤᠷᠤᠭᠤᠯᠵᠠᠢ︔ ᠮᠤᠩᠭᠤᠯ ᠡᠮ ᠳᠤ ᠬᠦᠭᠡ ᠲᠦᠷᠦᠯ ᠤᠨ ᠡᠮ ᠤᠨ ᠵᠦᠢᠯᠡᠰ ᠢ ᠳᠠᠩᠰᠠᠨ ᠠᠴᠠ ᠲᠠᠶᠢᠯᠬᠤ ᠲᠦᠷᠦ ᠶᠢᠨ ᠪᠤᠳᠤᠯᠭ᠎ᠠ ᠶᠢ ᠭᠡᠷᠡᠭᠵᠢᠬᠦᠯᠪᠡ︔ 387 ᠲᠦᠷᠦᠯ ᠤᠨ ᠮᠤᠩᠭᠤᠯ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠪᠤᠯᠤᠨ 315 ᠲᠦᠷᠦᠯ ᠤᠨ ᠬᠢᠳᠠᠳ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠳᠤᠬᠢᠷᠠᠭᠤᠯᠬᠤ ᠪᠠ ᠳᠡᠭᠡᠭᠰᠢᠯᠡᠬᠦᠯᠵᠦ᠂ ᠠᠮᠤᠷ ᠲᠦᠪᠰᠢᠨ᠂ ᠦᠷ᠎ᠡ ᠪᠦᠳᠦᠮᠵᠢᠳᠠᠢ᠂ ᠳᠦᠬᠦᠮ ᠳᠦᠳᠡ᠂ ᠦᠨ᠎ᠡ ᠬᠠᠩᠰᠢ ᠳᠤᠤᠷ᠎ᠠ ᠮᠤᠩᠭᠤᠯ ᠬᠢᠳᠠᠳ ᠡᠮ ᠡᠮᠨᠡᠯᠭᠡ ᠶᠢᠨ ᠤᠯᠠᠮᠵᠢᠯᠠᠯᠳᠦ ᠵᠠᠰᠠᠯ ᠢ ᠬᠡᠷᠡᠭᠯᠡᠵᠦ ᠠᠷᠠᠳ ᠲᠦᠮᠡᠨ ᠳᠤ ᠤᠷᠢᠳᠴᠢᠯᠠᠨ ᠰᠡᠷᠭᠡᠶᠢᠯᠡᠵᠦ ᠪᠡᠶ᠎ᠡ ᠪᠠᠨ ᠰᠤᠪᠢᠯᠠᠬᠤ᠂ ᠡᠪᠡᠳᠴᠢᠨ ᠡᠮᠭᠡᠭ ᠢ ᠵᠠᠰᠠᠬᠤ᠂ ᠡᠷᠡᠬᠦᠯ ᠮᠡᠨᠳᠦ ᠶᠢᠨ ᠡᠷᠡᠬᠦᠯᠵᠢᠯ ᠤᠨ ᠦᠢᠯᠡᠴᠢᠯᠡᠭᠡ ᠬᠠᠩᠭᠠᠬᠤ ᠶᠢ ᠬᠦᠳᠦᠯᠦᠨ ᠵᠢᠯᠤᠭᠤᠳᠴᠠᠢ᠃

ᠣᠷᠴᠢᠭᠤᠯᠤᠭᠴᠢ᠄
ᠨᠠᠶᠢᠷᠠᠭᠤᠯᠤᠭᠴᠢ᠄ ᠰᠠᠴᠣᠷᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号