ᠴᠢᠪᠠᠭ᠎ᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ 100 ᠭᠠᠷᠤᠢ ᠵᠢᠯ ᠤᠨ ᠲᠡᠤᠭᠡ ᠲᠠᠢ ᠮᠤᠩᠭᠤᠯ ᠥᠬᠢᠳ ᠎ ᠤᠨ ᠰᠤᠷᠭᠠᠭᠤᠯᠢ ᠶᠢᠨ ᠬᠢᠴᠢᠶᠠᠯ ᠬᠥᠮᠥᠵᠢᠯ ᠢ ᠰᠡᠷᠬᠦᠬᠡᠵᠡᠢ
2019-11-18 11:47:38
ᠵᠣᠬᠢᠶᠠᠭᠴᠢ᠄ 
ᠪᠤᠤ ᠥᠷᠭᠡᠨ
ᠣᠩᠰᠢᠭᠰᠠᠨ ᠣᠳᠠᠭ᠎ᠠ᠄ 
★★★☆☆

    ᠰᠤᠷᠪᠤᠯᠵᠢᠯᠠᠬᠴᠢ 11 ᠰᠠᠷ᠎ᠠ ᠶᠢᠨ ᠡᠬᠢ ᠪᠠᠷ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤᠨ ᠤ ᠴᠢᠪᠠᠭ᠎ᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ ᠪᠠᠷ ᠬᠥᠷᠴᠤ ᠰᠤᠷᠪᠤᠯᠵᠢᠯᠠᠬᠤ ᠲᠤᠮᠳᠠ ᠪᠠᠨ᠂ ᠲᠤᠰ ᠰᠤᠷᠭᠠᠭᠤᠯᠢ ᠶᠢᠨ ᠪᠡᠶ᠎ᠠ ᠶᠢᠨ ᠲᠠᠮᠢᠷ ᠤᠨ ᠲᠠᠯᠠᠪᠠᠢ ᠶᠢᠨ ᠬᠠᠵᠠᠭᠤᠳᠠᠬᠢ ᠬᠤᠶᠠᠷ ᠲᠠᠪᠬᠤᠷ ᠠᠰᠠᠷ ᠲᠤ᠂ ᠴᠡᠩᠭᠡᠷ ᠥᠡᠭᠭᠡ ᠶᠢᠨ ᠨᠢᠬᠡᠳᠤᠯᠳᠠᠢ ᠬᠤᠪᠴᠠᠰᠤ ᠡᠮᠦᠰᠦᠭᠰᠡᠨ ᠠᠷᠪᠠ ᠰᠢᠬᠠᠮ ᠦᠬᠢᠨ ᠰᠤᠷᠤᠬᠴᠢ ᠤᠶᠤᠳᠠᠯ ᠤᠨ ᠮᠠᠰᠢᠨ ᠤ ᠬᠠᠵᠠᠭᠤ ᠳᠤ ᠰᠠᠭᠤᠨ ᠦᠢᠯᠡ ᠤᠳᠠᠰᠤᠨ ᠤ ᠠᠵᠢᠯ ᠳᠤ ᠶᠠᠭᠠᠷᠠᠵᠥ ᠪᠠᠶᠢᠬᠤ ᠲᠠᠢ ᠲᠠᠭᠠᠷᠠᠯᠳᠤᠯ᠎ᠠ᠃ ᠰᠤᠶᠤᠯ ᠤᠨ ᠮᠥᠷ ᠢ ᠬᠥᠬᠡᠬᠡᠵᠥ ᠶᠠᠪᠤᠭ᠎ᠠ ᠥᠨᠳᠤᠷ ᠲᠤᠮᠳᠠᠳᠤ ᠶᠢᠨ ᠰᠤᠷᠤᠭᠴᠢᠳ ᠪᠢᠷ ᠴᠠᠭᠠᠰᠤ ᠲᠠᠢ ᠨᠤᠴᠤᠯᠳᠤᠬᠤ ᠥᠬᠡᠢ ᠬᠠᠷᠢᠨ ᠶᠠᠭᠠᠬᠢᠭᠠᠳ ᠦᠢᠯᠡ ᠤᠶᠤᠳᠠᠯ ᠳᠤ ᠶᠠᠭᠠᠷᠠᠴᠢᠬᠠᠪᠠ︖ ᠤᠤᠯ ᠨᠢ᠂ ᠡᠳᠡᠭᠡᠷ ᠰᠤᠷᠤᠬᠴᠢᠳ ᠲᠤᠰ ᠰᠤᠷᠭᠠᠭᠤᠯᠢ ᠶᠢᠨ ︽ᠥᠬᠢᠳ ᠤᠨ ᠤᠯᠠᠮᠵᠢᠯᠠᠯᠳᠤ ᠭᠤᠸ᠎ᠠ ᠲᠠᠭᠠᠰᠢᠶᠠᠯ ᠤᠨ ᠬᠥᠮᠥᠵᠢᠯ︾᠎ ᠤᠨ ᠬᠢᠴᠢᠶᠠᠯ ᠤᠷᠤᠵᠥ ᠪᠠᠶᠢᠭ᠎ᠠ ᠠᠵᠢ᠃
   ︽ᠥᠬᠢᠳ ᠤᠨ ᠤᠯᠠᠮᠵᠢᠯᠠᠯᠳᠤ ᠭᠤᠸ᠎ᠠ ᠲᠠᠭᠠᠰᠢᠶᠠᠯ ᠤᠨ ᠬᠥᠮᠥᠵᠢᠯ︾ ᠬᠡᠵᠤ ᠰᠤᠨᠤᠰᠤᠭᠠᠳ ᠬᠠᠵᠠᠭᠤ ᠳᠤ ᠵᠠᠮᠴᠢᠯᠠᠨ ᠶᠠᠪᠤᠭ᠎ᠠ ᠲᠤᠰ ᠰᠤᠷᠭᠠᠭᠤᠯᠢ ᠶᠢᠨ ᠲᠡᠳ᠋ ᠵᠠᠬᠢᠷᠤᠯ ᠰᠢᠨᠠᠳᠤᠶᠠᠭ᠎ᠠ ᠪᠠᠭᠰᠢ ᠠᠴᠠ ᠰᠤᠨᠢᠭᠤᠴᠢᠯᠠᠨ ᠠᠰᠠᠭᠤᠪᠠᠯ᠂ ︽ᠮᠠᠨ ᠤ ᠰᠤᠷᠭᠠᠭᠤᠯᠢ ᠳᠤ ᠥᠬᠢᠳ ᠤᠨ ᠤᠯᠠᠮᠵᠢᠯᠠᠯᠳᠤ ᠭᠤᠸ᠎ᠠ ᠲᠠᠭᠠᠰᠢᠶᠠᠯ ᠤᠨ ᠬᠥᠮᠥᠵᠢᠯ ᠤᠨ ᠵᠢᠭᠠᠨ ᠰᠤᠷᠭᠠᠯᠳᠠ ᠶᠢᠨ ᠬᠢᠴᠢᠶᠠᠯᠯᠡᠭᠡ ᠶᠢ ᠨᠡᠭᠡᠭᠡᠭᠡᠳ ᠨᠢᠬᠡᠨᠳᠠ 2 ᠵᠢᠯ ᠭᠠᠷᠤᠢ ᠪᠤᠯᠵᠥ   ᠪᠤᠢ᠂ ᠤᠳᠤ ᠮᠠᠨ ᠤ ᠰᠤᠷᠭᠠᠭᠤᠯᠢ ᠶᠢᠨ ᠵᠢᠩᠭᠢᠨᠢ ᠬᠢᠴᠢᠶᠠᠯ ᠬᠥᠮᠥᠵᠢᠯ ᠤᠨ ᠠᠭᠤᠯᠭ᠎ᠠ ᠪᠤᠯᠭᠠᠨ ︿ᠮᠤᠩᠭᠤᠯᠵᠢᠨ ᠭᠤᠸ᠎ᠠ ᠥᠬᠢᠳ ᠤᠨ ᠬᠥᠮᠥᠵᠢᠯ ᠵᠦᠢ﹀ ᠬᠡᠬᠦ ᠬᠢᠴᠢᠶᠠᠯ ᠤᠨ ᠲᠡᠪᠳᠠᠷ ᠤᠨ ᠠᠭᠤᠯᠭ᠎ᠠ ᠶᠢ ᠰᠢᠰᠲ᠋ᠧᠮ ᠲᠠᠢ ᠵᠢᠭᠠᠵᠤ᠂ ᠥᠬᠢᠳ ᠤᠨ ᠰᠤᠷᠭᠠᠭᠤᠯᠢ ᠶᠢᠨ ᠬᠢᠴᠢᠶᠠᠯ ᠬᠥᠮᠥᠵᠢᠯ ᠤᠨ ᠵᠢᠭᠠᠨ ᠰᠤᠷᠭᠠᠯᠳᠠ ᠶᠢ ᠲᠥᠷᠢᠮᠵᠢᠬᠦᠯᠥᠯ ᠤᠨ ᠵᠠᠮ ᠳᠤ ᠤᠷᠤᠭᠤᠯᠤᠬᠰᠠᠨ ᠪᠠᠶᠢᠨ᠎ᠠ᠃ ᠡᠨᠡ ᠨᠢ ᠮᠥᠨ ᠴᠤ ᠪᠥᠬᠦ ᠤᠷᠤᠨ ᠤ ᠴᠤᠷ ᠤᠨ ᠭᠠᠭᠴᠠ ᠥᠬᠢᠳ ᠤᠨ ᠤᠯᠠᠮᠵᠢᠯᠠᠯᠳᠤ ᠭᠤᠸ᠎ᠠ ᠲᠠᠭᠠᠰᠢᠶᠠᠯ ᠤᠨ ᠬᠥᠮᠥᠵᠢᠯ ᠤᠨ ᠬᠢᠴᠢᠶᠠᠯ ᠪᠤᠯᠬᠤ ᠶᠤᠮ︾ ᠬᠡᠵᠥ ᠲᠠᠨᠢᠯᠴᠠᠭᠤᠯᠵᠥ ᠪᠢᠯᠠ᠃
    ︽ᠮᠤᠩᠭᠤᠯᠵᠢᠨ ᠭᠤᠸ᠎ᠠ ᠥᠬᠢᠳ ᠤᠨ ᠬᠥᠮᠥᠵᠢᠯ ᠵᠦᠢ︾᠎ ᠶᠢᠨ ᠤᠷᠤᠰᠢᠯ ᠤᠨ ᠠᠭᠤᠯᠭ᠎ᠠ ᠳᠤ᠂ ᠵᠤᠰᠥᠳᠤ ᠶᠢᠨ ᠴᠢᠭᠤᠯᠭᠠᠨ ᠤ ᠬᠠᠷᠠᠴᠢᠨ ᠪᠠᠷᠠᠭᠤᠨ ᠬᠤᠰᠢᠭᠤᠨ ᠤ ᠴᠢᠨ ᠸᠠᠩ ᠬᠥᠡᠭᠰᠠᠩᠨᠤᠷᠪᠤ ᠶᠢᠨ 1903 ᠤᠨ ᠤ 12 ᠰᠠᠷ᠎ᠠ ᠶᠢᠨ 28᠎ ᠤ ᠡᠳᠤᠷ ᠪᠠᠶᠢᠭᠤᠯᠤᠬᠰᠠᠨ ︽ᠲᠥᠪ ᠴᠢᠭᠡᠴᠢ ᠶᠢ ᠬᠥᠮᠥᠵᠢᠬᠦᠯᠬᠦ — ᠢᠤᠢ ᠵᠸᠡᠭ ᠥᠬᠢᠳ ᠤᠨ ᠰᠤᠷᠭᠠᠭᠤᠯᠢ︾ ᠪᠤᠯ ᠮᠤᠩᠭᠤᠯ ᠥᠨᠳᠤᠰᠤᠳᠠᠨ ᠤ ᠬᠠᠮᠤᠬ ᠡᠷᠳᠡ ᠪᠠᠶᠢᠭᠤᠯᠤᠬᠰᠠᠨ ᠥᠬᠢᠳ ᠤᠨ ᠰᠤᠷᠭᠠᠭᠤᠯᠢ ᠪᠤᠯᠤᠨ᠎ᠠ ᠬᠡᠵᠥ ᠲᠤᠳᠤᠷᠬᠠᠢ ᠪᠢᠴᠢᠵᠥ ᠪᠠᠶᠢᠯ᠎ᠠ᠃ ᠨᠡᠶᠢᠭᠡᠮ ᠤᠨ ᠬᠥᠭᠵᠢᠯᠳᠠ ᠪᠠ ᠪᠤᠰᠤᠳ ᠰᠤᠶᠤᠯ ᠤᠨ ᠥᠷᠭᠡᠵᠢᠯ ᠨᠡᠪᠴᠢᠯᠳᠠ ᠠᠴᠠ ᠪᠤᠯᠵᠥ᠂ ᠤᠯᠠᠮᠵᠢᠯᠠᠯᠳᠤ ᠰᠤᠤ ᠤᠬᠠᠭᠠᠨ᠂ ᠮᠤᠩᠭᠤᠯ ᠰᠡᠳᠬᠢᠬᠦᠢ ᠪᠠᠯᠠᠷᠬᠠᠢᠢᠰᠢᠨ ᠬᠡᠭᠡᠭᠳᠡᠵᠥ᠂ ᠥᠬᠢᠳ ᠤᠨ ᠰᠤᠷᠭᠠᠭᠤᠯᠢ ᠴᠤ ᠠᠶᠠᠨᠳᠠᠭᠠᠨ ᠪᠠᠯᠠᠷᠬᠠᠢᠢᠰᠢᠨ ᠬᠡᠭᠡᠭᠳᠡᠭᠰᠡᠨ ᠪᠠᠶᠢᠨ᠎ᠠ᠃ ᠬᠡᠪᠡᠴᠤ ᠥᠢᠷ᠎ᠠ ᠶᠢᠨ 50 ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠳᠤ ᠮᠠᠰᠢ ᠤᠯᠠᠨ ᠥᠬᠢᠳ ᠤᠨ ᠰᠤᠷᠭᠠᠭᠤᠯᠢ ᠰᠡᠷᠬᠦᠭᠡᠭᠳᠡᠨ ᠪᠠᠶᠢᠭᠤᠯᠤᠬᠳᠠᠬᠰᠠᠨ ᠪᠤᠶᠤ ᠰᠢᠨ᠎ᠠ ᠪᠠᠷ ᠪᠠᠶᠢᠭᠤᠯᠤᠬᠳᠠᠵᠠᠢ᠃ ᠡᠳᠡᠭᠡᠷ ᠰᠤᠷᠭᠠᠭᠤᠯᠢ ᠶᠢᠨ ᠨᠡᠶᠢᠳᠠ ᠶᠢᠨ ᠤᠨᠴᠠᠯᠢᠬ ᠨᠢ ᠠᠷᠠᠳ ᠢᠷᠭᠡᠳ ᠤᠨ ᠬᠡᠪ ᠴᠢᠨᠠᠷ ᠢ ᠲᠡᠭᠡᠭᠰᠢᠯᠡᠬᠦᠯᠬᠦ ᠳᠤ ᠥᠬᠢᠳ ᠤᠨ ᠬᠥᠮᠥᠵᠢᠯ ᠢ ᠴᠢᠬᠤᠯᠠᠴᠢᠯᠠᠵᠥ᠂ ᠥᠬᠢᠳ ᠤᠨ ᠪᠡᠶ᠎ᠠ ᠪᠠᠨ ᠲᠠᠭᠠᠭᠠᠵᠥ ᠪᠥᠬᠦ ᠲᠠᠯ᠎ᠠ ᠪᠠᠷ ᠬᠥᠭᠵᠢᠬᠦ ᠶᠢ ᠮᠠᠰᠢ ᠠᠩᠬᠠᠷᠳᠠᠬ ᠪᠤᠯᠤᠬᠰᠠᠨ ᠬᠡᠵᠥ ᠨᠠᠷᠢᠯᠢᠬ ᠵᠦᠢᠴᠢᠯᠠᠨ ᠪᠢᠴᠢᠭᠯᠡᠭᠰᠡᠨ ᠪᠠᠶᠢᠨ᠎ᠠ᠃
    ᠲᠤᠬᠳᠠᠭᠠᠬᠤᠶ᠎ᠠ ᠰᠤᠷᠳᠠᠯ᠂ ᠲᠠᠭᠤᠷᠢᠰᠬᠤᠶ᠎ᠠ ᠰᠤᠶᠤᠯ᠃ ᠰᠢᠨᠠᠳᠤᠶᠠᠭ᠎ᠠ ᠪᠠᠭᠰᠢ ᠶᠢᠨ ᠨᠠᠶᠢᠷᠠᠭᠤᠯᠤᠨ ᠵᠤᠬᠢᠶᠠᠬᠰᠠᠨ ︽ᠮᠤᠩᠭᠤᠯᠵᠢᠨ ᠭᠤᠸ᠎ᠠ ᠥᠬᠢᠳ ᠤᠨ ᠬᠥᠮᠥᠵᠢᠯ ᠵᠥᠢ︾᠎ ᠶᠢᠨ ᠠᠭᠤᠯᠭ᠎ᠠ ᠨᠢ ᠥᠪᠡᠷ ᠢ ᠪᠠᠨ ᠲᠠᠨᠢᠬᠤᠢ᠂ ᠥᠪᠡᠷ ᠢ ᠪᠠᠨ ᠨᠠᠩ ᠰᠢᠯᠢᠳᠡᠭᠵᠢᠬᠦᠯᠬᠦᠢ᠂ ᠭᠡᠭᠡᠷᠡᠯ ᠳᠤ ᠬᠥᠷᠬᠦᠢ ᠬᠡᠬᠦ ᠭᠤᠷᠪᠠᠨ ᠪᠥᠯᠥᠭ ᠢᠶᠠᠷ ᠪᠥᠷᠢᠯᠳᠥᠵᠡᠢ᠃ 2017 ᠤᠨ ᠤ 5 ᠰᠠᠷ᠎ᠠ ᠳᠤ᠂ ᠲᠤᠰ ᠰᠤᠳᠤᠯᠭᠠᠨ ᠤ ᠲᠥᠷᠥᠯ ᠢ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠤ ᠰᠤᠳᠤᠯᠭᠠᠠ ᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠬᠦᠯᠭᠡ ᠶᠢᠨ 2017 ᠤᠨ ᠤ ᠬᠢᠴᠢᠶᠠᠯ ᠬᠥᠮᠥᠵᠢᠯ ᠤᠨ ᠰᠡᠳᠤᠪ ᠢᠶᠠᠷ ᠵᠥᠪᠰᠢᠶᠡᠷᠡᠨ ᠲᠤᠬᠳᠠᠭᠠᠵᠥ᠂ ᠲᠤᠮᠳᠠᠳᠤ ᠰᠤᠷᠭᠠᠭᠤᠯᠢ ᠶᠢᠨ ᠦᠬᠢᠨ ᠰᠤᠷᠤᠭᠴᠢ ᠶᠢᠨ ᠤᠯᠠᠮᠵᠢᠯᠠᠯᠳᠤ ᠭᠤᠸ᠎ᠠ ᠰᠠᠶᠢᠬᠠᠨ ᠤ ᠥᠵᠡᠯᠳᠠ ᠶᠢᠨ ᠰᠤᠷᠭᠠᠨ ᠬᠥᠮᠥᠵᠢᠯ ᠢ ᠡᠷᠴᠢᠮᠵᠢᠬᠦᠯᠬᠦ ᠶᠢ ᠵᠤᠷᠢᠭᠵᠢᠭᠤᠯᠤᠭᠰᠠᠨ ᠪᠠᠶᠢᠨ᠎ᠠ᠃
    ᠥᠪᠡᠷᠳᠡᠭᠡᠨ ᠵᠠᠰᠠᠬᠤ ᠤᠷᠤᠨ ᠤ ᠰᠤᠷᠭᠠᠨ ᠬᠥᠮᠥᠵᠢᠯ ᠤᠨ ᠬᠤᠯᠪᠤᠬᠳᠠᠯ ᠪᠥᠬᠦᠢ ᠰᠠᠯᠠᠭ᠎ᠠ ᠮᠥᠴᠢᠷ ᠤᠨ ᠵᠤᠷᠢᠬᠵᠢᠭᠤᠯᠤᠯ ᠲᠠᠮᠵᠢᠯᠬᠡ ᠲᠤᠤᠷ᠎ᠠ᠂ ᠴᠢᠪᠠᠭ᠎ᠠ ᠶᠢᠨ ᠬᠤᠶᠠᠳᠤᠭᠠᠷ ᠲᠤᠮᠳᠠᠳᠤ ᠰᠤᠷᠭᠠᠭᠤᠯᠢ ︽ᠥᠬᠢᠳ ᠤᠨ ᠤᠯᠠᠮᠵᠢᠯᠠᠯᠳᠤ ᠭᠤᠸ᠎ᠠ ᠲᠠᠭᠠᠰᠢᠶᠠᠯ ᠤᠨ ᠬᠥᠮᠥᠵᠢᠯ︾᠎ ᠤᠨ ᠬᠢᠴᠢᠶᠠᠯ ᠬᠥᠮᠥᠵᠢᠯ ᠤᠨ ᠬᠠᠷᠠᠯᠳᠠ ᠪᠠ ᠪᠠᠶᠢᠷᠢᠯᠠᠭᠤᠯᠤᠯᠳᠠ ᠪᠠᠨ ᠨᠠᠩ ᠪᠤᠳᠠᠳᠠᠶᠢᠵᠢᠭᠤᠯᠤᠨ ᠡᠷᠴᠢᠮᠵᠢᠬᠦᠯᠵᠥ᠂ ᠥᠪᠡᠷ ᠢ ᠪᠠᠨ ᠲᠠᠨᠢᠵᠥ ᠥᠢᠯᠠᠭᠠᠬᠤ᠂ ᠥᠨᠳᠤᠰᠤᠳᠠᠨ ᠤ ᠵᠠᠩ ᠲᠠᠳᠬᠠᠯ ᠢᠶᠠᠨ ᠨᠠᠩ ᠬᠥᠨᠵᠡᠬᠡᠢ ᠥᠢᠯᠠᠭᠠᠵᠥ ᠤᠯᠠᠮᠵᠢᠯᠠᠬᠤ᠂ ᠥᠬᠡ ᠬᠡᠯᠡ ᠥᠢᠯᠡ ᠠᠵᠢᠯᠯᠠᠭ᠎ᠠ ᠡᠮᠥᠰᠭᠡᠯ ᠵᠡᠬᠦᠯᠳᠠ ᠶᠢᠨ ᠲᠦᠷᠢᠮᠵᠢᠯ ᠪᠠ ᠪᠡᠶ᠎ᠠ ᠪᠠᠨ ᠲᠠᠭᠠᠭᠠᠬᠤ ᠬᠥᠮᠥᠵᠢᠯ ᠢᠶᠠᠷ ᠭᠤᠤᠯᠳᠠᠭᠤᠯᠵᠥ᠂ ᠥᠬᠢᠨ ᠰᠤᠷᠤᠬᠴᠢ ᠶᠢᠨ ᠲᠤᠷ᠎ᠠ ᠪᠠᠬ᠎ᠠ ᠶᠢ ᠥᠨᠳᠤᠰᠤᠯᠠᠨ ᠤᠶᠤᠳᠠᠯ᠂ ᠤᠷᠠᠨ ᠵᠢᠷᠤᠬ᠂ ᠤᠷᠠᠨ ᠪᠢᠴᠢᠯᠭᠡ᠂ ᠭᠡᠷᠡᠯ ᠵᠢᠷᠤᠬ᠂ ᠶᠡᠷᠢᠶ᠎ᠠ ᠢᠯᠡᠳᠭᠡᠯ᠂ ᠮᠤᠷᠢᠨ ᠬᠤᠭᠤᠷ᠂ ᠪᠥᠵᠢᠭ ᠵᠡᠷᠭᠡ ᠲᠤᠷ᠎ᠠ ᠪᠠᠬ᠎ᠠ ᠶᠢᠨ ᠬᠢᠴᠢᠶᠠᠯ ᠲᠤᠬᠢᠷᠠᠭᠤᠯᠤᠨ ᠬᠢᠴᠢᠶᠠᠯᠯᠡᠭᠡ ᠬᠢᠵᠥ ᠪᠤᠢ︔ ᠥᠨᠳᠤᠷ ᠲᠤᠮᠳᠠᠳᠤ ᠶᠢᠨ ᠬᠤᠶᠠᠳᠤᠭᠠᠷ ᠤᠨ ᠤ ᠬᠤᠭᠤᠴᠠᠭᠠᠨ ᠳᠤ ᠦᠬᠢᠨ ᠰᠤᠷᠤᠬᠴᠢ ᠶᠢᠨ ᠶᠢᠷᠳᠢᠨᠴᠤ ᠶᠢᠨ ᠥᠵᠡᠯᠳᠠ᠂ ᠥᠷᠳᠡᠭ ᠤᠨ ᠥᠵᠡᠯᠳᠠ᠂ ᠠᠮᠢᠳᠤᠷᠠᠬᠤᠢ ᠶᠢᠨ ᠥᠵᠡᠯᠳᠠ ᠵᠢᠴᠢ ᠬᠠᠷᠢᠭᠤᠴᠠᠯᠭᠠᠳᠤ ᠤᠪᠤᠷ ᠢ ᠬᠥᠨᠵᠡᠬᠡᠶᠢᠷᠡᠬᠦᠯᠬᠦ ᠪᠠᠷ ᠭᠤᠤᠯᠳᠠᠭᠤᠯᠤᠨ᠂ ᠲᠤᠷ᠎ᠠ ᠪᠠᠬ᠎ᠠ ᠶᠢᠨ ᠬᠢᠴᠢᠶᠠᠯ ᠢ ᠥᠷᠬᠦᠯᠵᠢᠯᠡᠨ ᠠᠳᠬᠤᠵᠥ ᠪᠤᠢ︔ ᠥᠨᠳᠤᠷ ᠲᠤᠮᠳᠠᠳᠤ ᠶᠢᠨ ᠭᠤᠷᠪᠠᠳᠤᠭᠠᠷ ᠤᠨ ᠤ ᠬᠤᠭᠤᠴᠠᠭᠠᠨ ᠳᠤ ᠡᠷᠬᠢᠮ ᠲᠡᠭᠡᠳᠤ ᠥᠵᠡᠯ ᠰᠤᠷᠳᠠᠯ ᠲᠠᠢ᠂ ᠢᠳᠡᠭᠡᠯ ᠪᠢᠰᠢᠷᠡᠯ ᠲᠠᠢ᠂ ᠤᠷᠤᠯᠳᠤᠯᠭ᠎ᠠ ᠬᠥᠬᠡᠬᠡᠴᠡᠯᠳᠤᠯ ᠲᠠᠢ᠂ ᠤᠯᠤᠰ ᠥᠨᠳᠤᠰᠤᠳᠠᠨ ᠳᠡᠭᠡᠨ ᠲᠡᠭᠡᠳᠤ ᠬᠡᠮᠵᠢᠶᠠᠨ ᠤ ᠬᠠᠷᠢᠭᠤᠴᠠᠯᠭᠠᠳᠤ ᠰᠡᠳᠬᠢᠯᠭᠡ ᠲᠠᠢ ᠰᠤᠤ ᠤᠬᠠᠭᠠᠨᠳᠤ ᠡᠷᠬᠢᠮᠰᠥᠭ ᠭᠤᠸ᠎ᠠ ᠥᠬᠢᠨ ᠪᠤᠯᠵᠥ ᠬᠥᠮᠥᠵᠢᠭᠳᠡᠬᠦ ᠳᠤ ᠪᠠᠳᠤ ᠰᠠᠭᠤᠷᠢ ᠲᠠᠯᠪᠢᠬᠤ ᠪᠠᠷ ᠬᠠᠷᠠᠯᠳᠠ ᠪᠤᠯᠭᠠᠨ ᠬᠥᠴᠥᠯᠠᠨ ᠴᠢᠷᠮᠠᠶᠢᠵᠥ ᠪᠠᠶᠢᠨ᠎ᠠ᠃  

ᠣᠷᠴᠢᠭᠤᠯᠤᠭᠴᠢ᠄
ᠨᠠᠶᠢᠷᠠᠭᠤᠯᠤᠭᠴᠢ᠄ ᠠᠷᠢᠭᠤᠨ᠎ᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号