ᠤᠯᠠᠭᠠᠨᠬᠠᠳᠠ ᠬᠤᠳᠠ ᠤᠯᠠᠮᠵᠢᠯᠠᠯᠳᠤ ᠰᠤᠶᠤᠯ ᠬᠢᠭᠡᠳ ᠤᠳᠤᠬᠢᠴᠢ ᠰᠤᠶᠤᠯ ᠤᠨ ᠤᠷᠭᠠᠨᠢᠬ ᠨᠢᠬᠡᠳᠤᠯ ᠢ ᠪᠡᠶᠡᠯᠡᠬᠦᠯᠪᠠ
2019-11-20 10:45:57
ᠵᠣᠬᠢᠶᠠᠭᠴᠢ᠄ 
ᠪᠤᠤ ᠥᠷᠭᠡᠨ
ᠣᠩᠰᠢᠭᠰᠠᠨ ᠣᠳᠠᠭ᠎ᠠ᠄ 
★★★☆☆

      ᠥᠨᠢ ᠤᠳᠠᠭᠠᠨ ᠲᠡᠤᠭᠡ ᠲᠠᠢ ᠭᠡᠷᠡᠯ ᠰᠠᠴᠤᠷᠠᠩᠭᠤᠢ ᠰᠤᠶᠤᠯ ᠲᠠᠢ ᠤᠯᠠᠭᠠᠨᠬᠠᠳᠠ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠥᠮᠡᠨ ᠶᠡᠷᠦᠩᠭᠡᠢ ᠱᠦᠵᠢ ᠰᠢ ᠶᠢᠨ ᠫᠢᠡᠭ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠵᠤ ᠢᠳᠡᠪᠬᠢᠳᠡᠢ ᠨᠠᠶᠢᠳᠠᠪᠤᠷᠢᠵᠢᠭᠤᠯᠵᠤ᠂ ᠬᠥᠨ ᠵᠤᠵᠠᠭᠠᠨ ᠰᠤᠶᠤᠯ ᠢᠷᠭᠡᠨᠰᠢᠯᠳᠤ ᠤᠯᠠᠮᠵᠢᠯᠠᠯᠳᠤ ᠰᠤᠶᠤᠯ ᠢᠶᠠᠨ ᠠᠮᠢᠨ ᠬᠠᠶᠢᠷᠠᠳᠠᠢ ᠥᠪ ᠰᠤᠶᠤᠯ ᠪᠤᠯᠭᠠᠨ ᠲᠡᠭᠡᠳᠤᠯᠠᠨ ᠠᠮᠢᠵᠢᠷᠠᠯ ᠤᠨ ᠬᠦᠴᠦᠨ ᠪᠠ ᠨᠥᠯᠥᠭᠡᠯᠡᠬᠦ ᠬᠦᠴᠦᠨ ᠢ ᠨᠢ ᠥᠷᠭᠡᠳᠭᠡᠵᠤ ᠥᠨᠳᠤᠰᠤᠳᠠᠨ ᠤ ᠤᠯᠠᠮᠵᠢᠯᠠᠯᠳᠤ ᠰᠢᠯᠢᠳᠡᠭ ᠰᠤᠶᠤᠯ ᠢᠶᠠᠨ ᠬᠠᠮᠠᠭᠠᠯᠠᠨ ᠬᠥᠭᠵᠢᠬᠦᠯᠬᠦ ᠰᠢᠨ᠎ᠠ ᠬᠠᠭᠤᠳᠠᠰᠤ ᠶᠢ ᠪᠢᠴᠢᠭᠯᠡᠵᠤ ᠪᠠᠶᠢᠨ᠎ᠠ᠃
      ᠪᠤᠯᠤᠷ ᠪᠤᠯ ᠠᠷᠤ ᠬᠤᠷᠴᠢᠨ ᠬᠤᠰᠢᠭᠤ ᠶᠢᠨ ᠬᠤᠨᠳᠤ ᠪᠠᠯᠭᠠᠰᠤ ᠪᠠᠷ ᠨᠤᠳᠤᠬᠳᠠᠢ᠃ ᠲᠡᠷᠡ ᠬᠤᠳᠠ ᠤᠷᠤᠵᠥ ᠥᠢᠯᠡᠰ ᠪᠤᠰᠬᠠᠵᠥ ᠶᠠᠪᠤᠬᠤ ᠳᠠᠭᠠᠨ᠂ ᠬᠠᠨᠠᠳᠤ ᠮᠤᠩᠭᠤᠯ ᠭᠡᠷ ᠲᠤ ᠡᠭᠡᠰᠢᠭ ᠲᠠᠭᠤᠤ ᠤᠶᠠᠩᠭᠠᠯᠠᠭᠤᠯᠵᠥ᠂ ᠮᠤᠩᠭᠤᠯ ᠲᠡᠷᠯᠢᠭ ᠪᠥᠰᠠ ᠪᠠᠷ ᠢᠶᠠᠨ ᠭᠤᠶᠤᠯᠠᠨ᠂ ᠬᠠᠰᠠᠬ ᠲᠡᠷᠭᠡ ᠴᠥᠷᠬᠡᠯᠡᠭᠦᠯᠵᠦ᠂ ᠤᠨᠤᠬᠰᠠᠨ ᠬᠥᠯᠥᠭ ᠤᠨ ᠬᠤᠷᠳᠤ ᠲᠠᠢ ᠮᠤᠩᠭᠤᠯ ᠬᠤᠷᠢᠮ ᠤᠨ ᠲᠠᠯᠠᠢ ᠪᠠᠶᠠᠨ ᠵᠠᠩ ᠵᠠᠩᠰᠢᠯ ᠤᠨ ᠲᠤᠮᠳᠠ ᠬᠤᠷᠢᠮ ᠤᠨ ᠶᠤᠰᠤᠯᠠᠯ ᠢᠶᠠᠨ ᠨᠤᠳᠤᠬ ᠲᠠᠭᠠᠨ ᠬᠢᠵᠥ᠂ ᠨᠡᠶᠢᠳᠡ ᠤᠯᠠᠨ ᠤ ᠠᠩᠬᠠᠷᠤᠯ ᠢ ᠲᠠᠳᠠᠬᠰᠠᠨ ᠪᠠᠶᠢᠨ᠎ᠠ᠃ ᠪᠤᠯᠤᠷ ᠵᠠᠯᠠᠭᠤ ᠶᠢᠨ ᠬᠢᠭᠰᠡᠨ ᠬᠤᠷᠢᠮ ᠤᠨ ᠶᠤᠰᠤᠯᠠᠯ ᠨᠢ ᠲᠤᠰ ᠬᠤᠰᠢᠭᠤᠨ ᠤ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠢᠶᠠᠷ ᠲᠠᠩᠰᠠᠯᠠᠭᠤᠯᠤᠬᠰᠠᠨ ︽ᠠᠷᠪᠠᠨ ᠰᠤᠮᠤ ᠶᠢᠨ ᠬᠤᠷᠢᠮ︾᠎ ᠤᠨ ᠶᠤᠰᠤᠯᠠᠯ ᠠᠴᠠ ᠥᠨᠳᠤᠰᠤᠯᠠᠯ ᠲᠠᠢ ᠶᠤᠮ᠃ ᠲᠡᠤᠭᠡᠨ ᠮᠠᠲ᠋ᠧᠷᠢᠶᠠᠯ ᠳᠤ ᠲᠡᠮᠳᠡᠭᠯᠡᠭᠰᠡᠨ ᠢᠶᠠᠷ᠂ ︽ᠠᠷᠪᠠᠨ ᠰᠤᠮᠤ ᠶᠢᠨ ᠬᠤᠷᠢᠮ︾᠎ ᠤᠨ ᠶᠤᠰᠤᠯᠠᠯ ᠪᠤᠯ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤ ᠶᠢᠨ ᠠᠷᠪᠠᠨ ᠰᠤᠮᠤᠨ ᠤ ᠮᠤᠩᠭᠤᠯ ᠥᠨᠳᠤᠰᠤᠳᠠᠨ ᠤ ᠤᠯᠠᠮᠵᠢᠯᠠᠯᠳᠤ ᠬᠤᠷᠢᠮ ᠤᠨ ᠶᠤᠰᠤᠯᠠᠯ ᠪᠤᠯᠬᠤ ᠶᠤᠮ᠃ ᠠᠷᠪᠠᠨ ᠰᠤᠮᠤ ᠨᠢ ᠴᠢᠩ ᠤᠯᠤᠰ ᠤᠨ ᠥᠶ᠎ᠠ ᠶᠢᠨ ᠵᠠᠰᠠᠬ ᠵᠠᠬᠢᠷᠭᠠᠨ ᠤ ᠭᠠᠵᠠᠷ ᠤᠷᠤᠨ ᠤ ᠨᠡᠷᠡᠶᠢᠳᠤᠯ ᠪᠠᠶᠢᠵᠥ᠂ ᠤᠳᠤᠬᠠᠨ ᠤ ᠲᠤᠰ ᠬᠤᠰᠢᠭᠤ ᠶᠢᠨ ᠪᠠᠶ᠋ᠬᠠᠦ᠋ᠨᠳᠥᠷ᠂ ᠪᠠᠶᠠᠨᠪᠤᠯᠠᠬ᠂ ᠬᠠᠨᠰᠦ᠋ᠮ᠎ᠠ ᠵᠡᠷᠭᠡ ᠰᠤᠮᠤᠨ ᠤ ᠭᠠᠵᠠᠷ ᠤᠷᠤᠨ ᠢ ᠪᠠᠭᠳᠠᠭᠠᠵᠥ ᠪᠤᠢ᠃ ᠠᠷᠤ ᠬᠤᠷᠴᠢᠨ ᠬᠤᠰᠢᠭᠤ ᠥᠢᠷ᠎ᠠ ᠶᠢᠨ ᠵᠢᠯ ᠳᠤ ᠤᠷᠬᠢᠬᠳᠠᠵᠥ ᠭᠡᠭᠡᠭᠳᠡᠮᠡᠷ ᠪᠤᠯᠤᠬᠰᠠᠨ ︽ᠠᠷᠪᠠᠨ ᠰᠤᠮᠤ ᠶᠢᠨ ᠬᠤᠷᠢᠮ︾᠎ ᠤᠨ ᠶᠤᠰᠤᠯᠠᠯ ᠤᠨ ᠲᠡᠤᠭᠡ ᠰᠤᠳᠤᠷ ᠢ ᠡᠮᠬᠢᠯᠡᠨ ᠴᠤᠬᠯᠠᠭᠤᠯᠵᠤ᠂ ᠨᠢᠬᠡᠨ ᠬᠤᠪᠢ ᠪᠥᠷᠢᠨ ᠢᠵᠢ ᠪᠢᠴᠢᠭ ᠮᠠᠲ᠋ᠧᠷᠢᠶᠠᠯ ᠪᠤᠯᠭᠠᠨ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠢᠶᠠᠷ ᠲᠠᠩᠰᠠᠯᠠᠭᠤᠯᠵᠥ᠂ ᠰᠤᠶᠤᠯ ᠲᠡᠤᠭᠡ ᠶᠢᠨ ᠮᠡᠳᠡᠯᠬᠡ ᠶᠢ ᠰᠢᠨ᠎ᠠ ᠠᠷᠭ᠎ᠠ ᠪᠠᠷᠢᠯ ᠢᠶᠠᠷ ᠤᠯᠠᠮᠵᠢᠯᠠᠵᠥ ᠪᠤᠢ᠃ ᠠᠷᠤ ᠬᠤᠷᠴᠢᠨ ᠬᠤᠰᠢᠭᠤᠨ ᠳᠤ ᠪᠠᠰᠠ᠂ ︽ᠮᠤᠩᠭᠤᠯ ᠬᠠᠨ ᠤᠷᠳᠤᠨ ᠤ ᠲᠠᠭᠤᠤ ᠬᠥᠭᠵᠢᠮ︾᠂ ︽ᠬᠠᠰᠠᠬ ᠲᠡᠷᠭᠡ ᠬᠢᠬᠦ ᠭᠠᠷ ᠤᠷᠠᠯᠠᠯ︾ ᠬᠡᠬᠦ ᠬᠤᠶᠠᠷ ᠵᠦᠢᠯ ᠤᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠪᠠᠶᠢᠬᠤ ᠪᠦᠬᠡᠳ ᠪᠠᠭᠠᠷᠢᠨ ᠪᠠᠷᠠᠭᠤᠨ ᠬᠤᠰᠢᠭᠤᠨ ᠳᠤ ︽ᠬᠡᠰᠡᠷ︾᠂ ᠪᠠᠭᠠᠷᠢᠨ ᠵᠡᠬᠦᠨ ᠬᠤᠰᠢᠭᠤᠨ ᠳᠤ ︽ᠰᠡᠬᠦᠳᠡᠷ ᠰᠢ︾ ᠵᠡᠷᠭᠡ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶ᠋ᠯ ᠤᠳ ᠴᠤᠯᠭᠤᠷᠠᠨ ᠭᠠᠷᠴᠤ ᠰᠤᠶᠤᠯ ᠤᠨ ᠥᠪ ᠢᠶᠠᠨ ᠠᠯᠪᠠᠨ ᠶᠤᠰᠤᠭᠠᠷ ᠲᠠᠩᠰᠠᠯᠠᠭᠤᠯᠤᠨ ᠤᠯᠠᠮᠵᠢᠯᠠᠵᠥ ᠪᠤᠢ᠃
      ᠥᠪᠯᠡᠨ ᠤᠯᠠᠮᠵᠢᠯᠠᠬᠰᠠᠨ ᠴᠢᠳᠠᠪᠤᠷᠢᠳᠠᠨ ᠢ ᠬᠥᠮᠥᠵᠢᠬᠦᠯᠬᠦ ᠪᠤᠯ ᠪᠣᠳᠠᠰ ᠤᠨ ᠪᠣᠰᠤ ᠰᠣᠶᠣᠯ ᠤᠨ ᠦᠪ ᠢ ᠬᠠᠮᠠᠭᠠᠯᠠᠨ ᠬᠥᠭᠵᠢᠬᠦᠯᠬᠦ ᠶᠢᠨ ᠭᠤᠤᠯᠳᠠᠯᠭ᠎ᠠ ᠪᠤᠯᠤᠨ᠎ᠠ᠃ ᠥᠪᠯᠡᠨ ᠤᠯᠠᠮᠵᠢᠯᠠᠬᠰᠠᠨ ᠴᠢᠳᠠᠪᠤᠷᠢᠳᠠᠨ ᠬᠡᠬᠦ ᠠᠴᠠ ᠪᠠᠭᠠᠷᠢᠨ ᠵᠡᠭᠦᠨ ᠬᠤᠰᠢᠭᠤᠨ ᠤ ᠰᠡᠬᠦᠳᠡᠷ ᠰᠢ ᠲᠤᠬᠯᠠᠬᠴᠢ ᠯᠢ ᠭᠦᠸᠧ ᠬᠤᠸᠠ᠂ ᠪᠠᠭᠠᠷᠢᠨ ᠪᠠᠷᠠᠭᠤᠨ ᠬᠤᠰᠢᠭᠤᠨ ᠤ ᠬᠡᠰᠡᠷᠴᠢ ᠵᠢᠮᠪᠠᠵᠠᠮᠰᠤ᠂ ᠠᠷᠤ ᠬᠤᠷᠴᠢᠨ ᠬᠤᠰᠢᠭᠤᠨ ᠤ ᠬᠠᠰᠠᠬ ᠲᠡᠷᠭᠡ ᠬᠢᠬᠦ ᠭᠠᠷ ᠤᠷᠠᠯᠢᠬᠴᠢᠨ ᠪᠠᠶᠠᠨᠴᠠᠭᠠᠨ᠂ ᠮᠤᠩᠭᠤᠯ ᠬᠤᠪᠴᠠᠰᠤ ᠵᠠᠰᠠᠯ ᠤᠨ ᠤᠷᠠᠯᠠᠯᠴᠢ ᠠᠷᠤ ᠬᠤᠷᠴᠢᠨ ᠬᠤᠰᠢᠭᠤᠨ ᠤ ᠪᠠᠯᠭᠠᠷᠮ᠎ᠠ ᠨᠡᠷ ᠢ ᠲᠤᠷᠠᠳᠬᠤ ᠤᠴᠢᠷᠳᠠᠢ᠃ ᠲᠡᠳᠡᠨᠡᠷ ᠪᠤᠯ ᠤᠯᠠᠭᠠᠨᠬᠠᠳᠠ ᠬᠤᠳᠠ ᠶᠢᠨ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠤᠨ ᠤᠯᠠᠮᠵᠢᠯᠠᠬᠴᠢ ᠪᠠᠶᠢᠵᠥ᠂ ᠲᠠᠳᠠᠨ ᠤ ᠬᠠᠪᠰᠤᠷᠤᠯᠭ᠎ᠠ ᠲᠠᠭᠠᠭᠤᠯᠭ᠎ᠠ ᠪᠠᠷ ᠤᠳᠤᠨ ᠤᠯᠠᠨ ᠤᠯᠠᠮᠵᠢᠯᠠᠬᠴᠢ ᠢᠯᠡᠷᠡᠵᠥ᠂ ᠰᠠᠷᠠᠨ᠂ ᠸᠴᠢᠷᠪᠠᠲᠤ᠂ ᠠᠯᠲᠠᠠᠸ᠋ᠴᠢᠷ᠂ ᠰᠤᠩᠳᠤᠢ ᠵᠡᠷᠭᠡ ᠤᠷᠤᠨ ᠤ ᠳᠡᠰ ᠤᠨ ᠪᠣᠳᠠᠰ ᠤᠨ ᠪᠣᠰᠤ ᠰᠣᠶᠣᠯ ᠤᠨ ᠦᠪ ᠤᠨ ᠲᠦᠷᠦᠯ ᠵᠦᠢᠯ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ 69᠂ ᠨᠣᠷᠪᠤᠪᠠᠽᠠᠷ᠂ ᠵᠢᠮᠪᠠᠵᠠᠮᠰᠤ᠂ ᠰᠡᠴᠡᠨᠲᠦ᠂ ᠰᠦᠷᠭᠡᠷᠡᠯ ᠵᠡᠷᠭᠡ ᠤᠯᠠᠭᠠᠠᠨᠬᠳᠠ ᠬᠤᠳᠠ ᠶᠢᠨ ᠲᠡᠰ ᠤᠨ ᠪᠣᠳᠠᠰ ᠤᠨ ᠪᠣᠰᠤ ᠰᠣᠶᠣᠯ ᠤᠨ ᠦᠪ ᠤᠨ ᠲᠦᠷᠦᠯ ᠵᠦᠢᠯ ᠤᠨ ᠲᠦᠯᠦᠭᠡᠯᠡᠬᠦ ᠴᠢᠨᠠᠷᠲᠠᠢ ᠤᠯᠠᠮᠵᠢᠯᠠᠭᠴᠢ 659 ᠬᠥᠮᠥᠵᠢᠭᠳᠡᠪᠠ᠃
      ᠤᠯᠠᠭᠠᠨᠬᠠᠳᠠ ᠬᠤᠳᠠ ᠪᠣᠳᠠᠰ ᠤᠨ ᠪᠤᠰᠤ ᠰᠣᠶᠣᠯ ᠤᠨ ᠥᠪ ᠢ ᠡᠷᠢᠨ ᠴᠤᠬᠯᠠᠭᠤᠯᠵᠤ ᠡᠮᠬᠢᠳᠬᠡᠨ ᠲᠢᠭᠯᠡᠵᠤ ᠤᠯᠠᠮᠵᠢᠯᠠᠵᠤ ᠬᠦᠭᠵᠢᠬᠦᠯᠬᠦ ᠠᠵᠢᠯ ᠤᠨ ᠡᠷᠴᠢᠮ ᠢᠶᠠᠨ ᠴᠢᠩᠭᠠᠳᠬᠠᠬᠤ ᠵᠤᠷᠢᠯᠭ᠎ᠠ ᠠᠴᠠ 2016 ᠣᠨ ᠤ 3 ᠰᠠᠷ᠎ᠠ ᠳᠤ᠂ ᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠢ ᠪᠠᠶᠢᠭᠤᠯᠵᠤ᠂ ᠠᠷᠤ ᠬᠤᠷᠴᠢᠨ ᠬᠤᠰᠢᠭᠤ᠂ ᠬᠡᠰᠢᠭᠲᠡᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠠᠤᠬᠠᠨ ᠬᠤᠰᠢᠭᠤ ᠴᠤ ᠤᠷᠢᠳ ᠬᠤᠵᠢᠳ ᠪᠣᠳᠠᠰ ᠤᠨ ᠪᠤᠰᠤ ᠰᠣᠶᠣᠯ ᠤᠨ ᠥᠪ ᠤᠨ ᠲᠥᠪ ᠪᠤᠶᠤ ᠪᠣᠳᠠᠰ ᠤᠨ ᠪᠤᠰᠤ ᠰᠣᠶᠣᠯ ᠤᠨ ᠥᠪ ᠤᠨ ᠠᠯᠪᠠᠨ ᠭᠡᠷ ᠢ ᠪᠠᠶᠢᠭᠤᠯᠵᠤ᠂ ᠲᠤᠰᠬᠠᠶ ᠠᠵᠢᠯᠳᠠᠨ ᠲᠤᠬᠢᠷᠠᠭᠤᠯᠤᠨ ᠰᠣᠶᠣᠯ ᠤᠨ ᠥᠪ ᠤᠨ ᠠᠵᠢᠯ ᠢ ᠬᠠᠷᠢᠭᠤᠴᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠵᠠᠢ᠃ ᠲᠡᠳᠡ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠳᠡᠭᠡᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ᠂ ᠵᠤᠤ ᠤᠳᠠ ᠶᠢᠨ ᠠᠷᠠᠳ ᠤᠨ ᠳᠠᠭᠤᠤ ᠶᠢᠨ ᠤᠷᠤᠯᠳᠤᠭᠠᠨ᠂ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠤᠨ ᠳᠡᠯᠭᠡᠨ ᠦᠵᠡᠭᠦᠯᠭᠡ ᠵᠡᠷᠭᠡ ᠬᠡᠯᠪᠡᠷᠢ ᠪᠠᠷ ᠤᠯᠠᠨ ᠲᠥᠮᠡᠨ ᠳᠡᠭᠡᠨ ᠤᠯᠠᠮᠵᠢᠯᠠᠨ ᠲᠡᠯᠭᠡᠷᠡᠭᠦᠯᠵᠥ ᠪᠤᠢ᠃
      ᠤᠯᠠᠭᠠᠨᠬᠠᠳᠠ ᠬᠤᠳᠠ ᠶᠢᠨ ᠬᠤᠯᠪᠤᠬᠳᠠᠯ ᠪᠥᠬᠦᠢ ᠰᠠᠯᠠᠭ᠎ᠠ ᠮᠥᠴᠢᠷ ᠤᠨ ᠬᠢᠨ ᠥᠨᠳᠤᠰᠤᠨ ᠱᠠᠳᠤᠨ ᠳᠤ ᠬᠥᠨᠵᠡᠬᠡᠶᠢᠷᠡᠬᠦ᠂ ᠪᠤᠳᠠᠳᠠᠢ ᠳᠤ ᠥᠢᠷᠡᠳᠤᠬᠤ᠂ ᠰᠤᠷᠭᠠᠭᠤᠯᠢ ᠶᠢᠨ ᠬᠥᠷᠢᠶᠠᠨ ᠳᠤ ᠤᠷᠤᠬᠤ᠂ ᠨᠡᠶᠢᠭᠡᠮ ᠲᠤᠭᠤᠷᠢᠬ ᠲᠤ ᠤᠷᠤᠬᠤ ᠬᠡᠯᠪᠡᠷᠢ ᠪᠠᠷ ᠨᠡᠶᠢᠳᠡ ᠤᠯᠠᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠥᠭᠵᠢᠬᠦᠯᠬᠦ ᠤᠬᠠᠮᠰᠠᠷ ᠢ ᠲᠡᠭᠡᠭᠰᠢᠯᠡᠬᠦᠯᠵᠥ᠂ ᠤᠯᠠᠭᠠᠨᠬᠠᠳᠠ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠪ ᠤᠨ ᠬᠢᠨ ︽ᠰᠡᠬᠦᠳᠡᠷ ᠰᠢ︾᠎ ᠶᠢ ᠤᠯᠠᠭᠠᠨᠬᠠᠳᠠ ᠶᠢᠨ ᠲᠤᠷᠰᠢᠯᠲᠠ ᠶᠢᠨ ᠬᠡᠤᠬᠡᠳ ᠤᠨ ᠴᠡᠴᠡᠷᠯᠢᠭ ᠲᠤ ᠲᠤᠬᠯᠠᠭᠤᠯᠵᠥ᠂ ᠬᠡᠤᠬᠡᠳ ᠤᠳ ᠲᠤ ᠰᠤᠨᠢᠷᠬᠠᠭᠤᠯᠵᠠᠢ︔ ᠪᠠᠭᠠᠷᠢᠨ ᠪᠠᠷᠠᠭᠤᠨ ᠬᠤᠰᠢᠭᠤ ᠶᠢᠨ ᠪᠤᠳᠠᠰ ᠤᠨ ᠪᠤᠰᠤ ᠰᠤᠶᠤᠯ ᠤᠨ ᠥᠪ ᠤᠨ ᠬᠠᠮᠠᠭᠠᠯᠠᠨ ᠬᠥᠭᠵᠢᠬᠦᠯᠬᠦ ᠲᠥᠪ ᠨᠢ ᠰᠢᠷᠠᠮᠦ᠋ᠷᠠᠨ ᠰᠤᠮᠤᠨ ᠤ ᠬᠤᠷᠠᠬᠤ ᠲᠥᠪ ᠰᠤᠷᠭᠠᠭᠤᠯᠢ ᠪᠠᠷ ᠬᠥᠨᠵᠡᠬᠡᠶᠢᠷᠡᠨ ᠮᠤᠩᠭᠤᠯ ᠥᠨᠳᠤᠰᠤᠳᠠᠨ ᠤ ᠬᠤᠪᠴᠠᠰᠤ ᠵᠠᠰᠠᠯ ᠤᠷᠠᠯᠠᠨ ᠤᠶᠤᠬᠤ ᠤᠷ᠎ᠠ ᠮᠡᠷᠭᠡᠰᠢᠯ᠂ ᠡᠮᠡᠭᠡᠯ ᠬᠢᠬᠦ ᠮᠡᠷᠭᠡᠵᠢᠯ ᠢ ᠤᠯᠠᠮᠵᠢᠯᠠᠨ ᠪᠠᠭᠰᠢ ᠰᠤᠷᠤᠬᠴᠢᠳ ᠤᠨ ᠬᠠᠯᠠᠭᠤᠨ ᠬᠥᠷᠢᠶᠠᠯᠠᠯ ᠢ ᠤᠯᠵᠥ ᠪᠠᠶᠢᠨ᠎ᠠ᠃
      ᠤᠯᠠᠭᠠᠬᠠᠠᠳᠠ ᠬᠤᠳᠠ ᠨᠢ ᠬᠤᠷᠴᠢᠨ ᠰᠤᠶᠤᠯ᠂ ᠪᠠᠭᠠᠷᠢᠨ ᠰᠤᠶᠤᠯ ᠵᠡᠷᠭᠡ ᠮᠤᠩᠭᠤᠯ ᠥᠨᠳᠤᠰᠤᠳᠠᠨ ᠤ ᠤᠯᠠᠮᠵᠢᠯᠠᠯᠳᠤ ᠰᠤᠶᠤᠯ ᠲᠡᠤᠭᠡ ᠪᠠᠷ ᠢᠶᠠᠨ ᠲᠠᠶᠠᠭᠠᠷ ᠲᠤ ᠮᠡᠳᠡᠷᠡᠭᠳᠡᠭᠰᠡᠨ ᠶᠤᠮ᠃ ᠪᠥᠷᠢᠨ ᠪᠤᠰᠤ ᠪᠥᠷᠢᠳᠭᠡᠯ ᠢᠶᠠᠷ᠂ 2006 ᠣᠨ ᠠᠴᠠ ᠨᠠᠭᠠᠰᠢ᠂ ᠤᠯᠠᠭᠠᠨᠬᠠᠳᠠ ᠬᠤᠲᠠ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠵᠦ᠂ ᠪᠦᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠰᠠᠭᠤᠷᠢ ᠲᠤᠭ᠎ᠠ᠂ ᠲᠠᠷᠬᠠᠯᠲᠠ ᠶᠢᠨ ᠪᠠᠶᠢᠳᠠᠯ ᠢ ᠰᠢᠰᠲ᠋ᠧᠮ ᠲᠠᠢ ᠲᠡᠮᠳᠡᠭᠯᠡᠵᠥ᠂ ᠣᠳᠣᠬᠠᠨ ᠳᠤ ᠨᠢᠭᠡᠨᠲᠡ ᠨᠡᠯᠢᠶᠡᠳ ᠲᠡᠭᠦᠯᠳᠡᠷᠵᠢᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠦᠶ᠋ᠯᠡᠰ ᠤᠨ ᠨᠡᠷᠡᠰ ᠤᠨ ᠵᠢᠭᠰᠠᠭᠠᠯᠲᠠ ᠶᠢᠨ ᠰᠢᠰᠲ᠋ᠧᠮ ᠢ ᠪᠠᠶᠢᠭᠤᠯᠪᠠ᠃ ᠡᠭᠦᠨ ᠳᠤ᠂ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶ᠋ᠯ 5᠂ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶ᠋ᠯ 66᠂ ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶ᠋ᠯ 150᠂ ᠬᠤᠰᠢᠭᠤ ᠰᠢᠶᠠᠨ ᠲᠣᠭᠤᠷᠢᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠶ᠋ᠯ 660᠎ ᠳᠤ ᠬᠥᠷᠴᠤ ᠥᠪ ᠰᠤᠶᠤᠯ ᠤᠨ ᠤᠤᠷ ᠴᠢᠨᠠᠷ ᠢ ᠭᠠᠶᠢᠬᠠᠭᠤᠯᠵᠥ ᠬᠡᠷᠡᠯ ᠬᠢᠯᠪᠠᠭ᠎ᠠ ᠶᠢ ᠰᠠᠴᠤᠷᠠᠭᠤᠯᠵᠤ ᠪᠠᠶᠢᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠪᠣᠣ ᠮᠧᠢ ᠷᠥᠩ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号