ᠮᠠᠨ ᠤ ᠤᠷᠤᠨ ᠣᠶᠣᠨᠴᠢᠯᠠᠭᠰᠠᠨ ᠠᠷᠭ᠎ᠠ ᠪᠠᠷᠢᠯ ᠢᠶᠠᠷ ᠬᠠᠣᠯᠢᠵᠢᠯ ᠤᠨ ᠵᠠᠰᠠᠭ ᠤᠨ ᠣᠷᠳᠣᠨ ᠤ ᠪᠠᠶᠢᠭᠤᠯᠣᠯᠳᠠ ᠶᠢ ᠪᠦᠬᠦ ᠳᠠᠯ᠎ᠠ ᠪᠠᠷ ᠠᠬᠢᠭᠤᠯᠵᠣ ᠪᠠᠶᠢᠨ᠎ᠠ
2019-11-03 19:37:12
ᠵᠣᠬᠢᠶᠠᠭᠴᠢ᠄ 
ᠶᠤᠸᠠᠢ ᠶᠢᠩ
ᠣᠩᠰᠢᠭᠰᠠᠨ ᠣᠳᠠᠭ᠎ᠠ᠄ 
★★★☆☆

    ᠮᠠᠨ ᠤ ᠤᠷᠤᠨ ᠲᠤᠮᠤ ᠳ᠋ᠠᠶᠢᠲ᠋ᠠ ᠢᠨᠲ᠋ᠧᠷ ᠰᠦᠯᠵᠢᠶ᠎ᠠ ᠵᠡᠷᠭᠡ ᠣᠳᠣ ᠦᠶ᠎ᠡ ᠶᠢᠨ ᠰᠢᠨ᠎ᠡ ᠮᠡᠷᠭᠡᠵᠢᠯ ᠤᠨ ᠲᠠᠪᠠᠭᠤᠯᠢᠭ ᠢ ᠭᠦᠢᠴᠡᠳ ᠪᠠᠳᠠᠷᠠᠭᠤᠯᠵᠦ᠂ ︽ᠲᠤᠭᠠᠴᠢᠯᠠᠬᠰᠠᠨ ᠬᠠᠤᠯᠢᠵᠢᠯ ᠤᠶᠤᠨᠴᠢ ᠬᠠᠤᠯᠢ ᠴᠠᠭᠠᠵᠠ︾᠎ ᠶᠢᠨ ᠪᠠᠶᠢᠭᠤᠯᠤᠯᠳᠠ ᠪᠠᠷ ᠬᠦᠳᠡᠯᠭᠡᠭᠦᠷ ᠪᠤᠯᠭᠠᠵᠦ᠂ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠭᠦ ︽ᠭᠤᠷᠪᠠᠨ ᠵᠦᠢᠯ ᠤᠨ ᠲᠦᠷᠢᠮ︾᠎ ᠢ ᠨᠠᠶᠢᠳᠠᠪᠤᠷᠢᠵᠢᠭᠤᠯᠬᠤ ᠪᠠᠷ ᠭᠤᠤᠯᠳᠠᠯᠭ᠎ᠠ ᠪᠤᠯᠭᠠᠨ᠂ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠤᠶᠤᠨᠴᠢᠯᠠᠭᠰᠠᠨ ᠨᠢᠭᠡ ᠴᠤᠬᠴᠠᠵᠢᠬᠰᠠᠨ ᠲᠠᠪᠴᠠᠩ ᠢ ᠪᠦᠬᠦ ᠬᠦᠴᠦᠨ ᠢᠶᠠᠷ ᠢᠶᠠᠨ ᠴᠤᠬᠴᠠᠯᠠᠵᠣ᠂ ᠣᠶᠣᠨᠴᠢᠯᠠᠭᠰᠠᠨ ᠠᠷᠭ᠎ᠠ ᠪᠠᠷᠢᠯ ᠢᠶᠠᠷ ᠬᠠᠣᠯᠢᠵᠢᠯ ᠤᠨ ᠵᠠᠰᠠᠭ ᠤᠨ ᠣᠷᠳᠣᠨ ᠤ ᠪᠠᠶᠢᠭᠤᠯᠣᠯᠳᠠ ᠶᠢ ᠪᠦᠬᠦ ᠳᠠᠯ᠎ᠠ ᠪᠠᠷ ᠠᠬᠢᠭᠤᠯᠵᠣ ᠪᠠᠶᠢᠨ᠎ᠠ᠃
    ᠡᠨᠡ ᠵᠢᠯ ᠤᠨ 6 ᠰᠠᠷ᠎ᠠ ᠳᠤ᠂ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠭᠢᠮ ᠤᠨ ᠰᠤᠳᠤᠯᠤᠨ ᠨᠡᠭᠡᠭᠡᠭᠰᠡᠨ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠤᠶᠤᠨᠴᠢᠯᠠᠭᠰᠠᠨ ᠨᠢᠭᠡ ᠴᠤᠬᠴᠠᠵᠢᠭᠰᠠᠨ ᠲᠠᠪᠴᠠᠩ ︽ᠪᠦᠭᠦ ᠤᠯᠤᠰ ᠤᠨ ᠤᠶᠤᠨᠴᠢ ᠬᠠᠤᠯᠢ ᠴᠠᠭᠠᠵᠠ ᠶᠢᠨ ᠠᠷᠪᠠᠨ ᠰᠢᠨ᠎ᠠ ᠶᠢ ᠡᠭᠦᠳᠦᠭᠰᠡᠨ ᠵᠢᠱᠢᠶ᠎ᠠ︾᠎ ᠪᠠᠷ ᠦᠨᠡᠯᠡᠭᠳᠡᠪᠡ᠃ ᠲᠤᠰ ᠲᠠᠪᠴᠠᠩ ᠨᠢ ᠪᠦᠭᠦ ᠠᠵᠢᠯ ᠲᠦᠷᠦᠯ ᠤᠨ ᠲᠤᠮᠤ ᠳ᠋ᠠᠶᠢᠲ᠋ᠠ ᠶᠢᠨ ᠴᠤᠬᠯᠠᠷᠠᠯ ᠵᠢᠴᠢ ᠵᠠᠳᠠᠯᠤᠯᠳᠠ ᠮᠠᠭᠠᠳᠯᠠᠯᠳᠠ᠂ ᠪᠦᠭᠦ ᠶᠠᠪᠤᠴᠠ ᠳᠤ ᠬᠢᠨᠠᠯᠳᠠ ᠲᠠᠯᠪᠢᠨ ᠪᠦᠭᠦ ᠶᠠᠪᠤᠴᠠ ᠳᠤ ᠲᠠᠭᠤ ᠲᠦᠷᠰᠦ ᠰᠢᠩᠭᠡᠭᠡᠯᠳᠡ ᠬᠢᠬᠦ᠂ ᠪᠦᠭᠦ ᠤᠷᠤᠨ ᠬᠠᠮᠳᠤ ᠪᠠᠷ ᠡᠳ᠋ᠯᠡᠵᠦ ᠬᠠᠮᠳᠤ ᠪᠠᠷ ᠵᠤᠬᠢᠴᠠᠭᠤᠯᠬᠤ ᠵᠡᠷᠭᠡ ᠭᠤᠤᠯ ᠴᠢᠳᠠᠪᠭᠢ ᠦᠢᠯᠡᠳᠤᠯ ᠢ ᠪᠦᠷᠢᠯᠳᠦᠭᠦᠯᠵᠦ᠂ ᠪᠦᠭᠦ ᠤᠯᠤᠰ ᠤᠨ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠷᠢᠶᠡᠨ ᠳᠤ ᠦᠪᠤᠷ ᠮᠤᠩᠭᠤᠯ ᠦᠡᠭᠭᠡ ᠬᠡᠷᠡᠯ ᠢ ᠨᠡᠮᠡᠷᠢᠯᠡᠭᠰᠡᠨ ᠪᠠᠶᠢᠨ᠎ᠠ᠃
    ᠤᠷᠳᠤ ᠬᠤᠭᠤᠴᠠᠭᠠᠨ ᠤ ᠲᠤᠷᠰᠢ᠂ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠳᠤ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢᠷᠣᠮᠵᠢᠯ ᠦᠭᠡᠢ᠂ ᠴᠢᠬᠤᠯᠠ ᠵᠠᠰᠠᠬ ᠵᠠᠬᠢᠷᠭᠠᠨ ᠤ ᠰᠢᠢᠳᠪᠤᠷᠢᠳᠤ ᠪᠤᠳᠤᠯᠭ᠎ᠠ ᠳᠤ ᠬᠢᠨᠠᠯᠳᠠ ᠲᠠᠯᠪᠢᠬᠤ ᠪᠦᠲᠦᠮᠵᠢᠳᠠᠢ ᠠᠷᠭ᠎ᠠ ᠬᠡᠮᠵᠢᠶ᠎ᠡ ᠲᠤᠳᠠᠮᠠᠭ᠂ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠬᠢᠨᠠᠨ ᠦᠨᠡᠯᠡᠭᠦ ᠰᠢᠰᠲ᠋ᠧᠮ ᠬᠤᠴᠤᠷᠤᠩᠭᠤᠢ ᠵᠡᠷᠭᠡ ᠠᠰᠠᠭᠤᠳᠠᠯ ᠤᠷᠤᠰᠢᠭᠰᠠᠭᠠᠷ ᠢᠷᠡᠪᠡ᠃ ᠡᠨᠡ ᠭᠦ ᠠᠰᠠᠭᠤᠳᠠᠯ ᠳᠤ ᠴᠢᠭᠯᠡᠭᠦᠯᠵᠦ᠂ ᠮᠠᠨ ᠤ ᠣᠷᠣᠨ ᠢᠳᠡᠪᠭᠢᠳᠠᠢ ᠪᠠᠷ ᠰᠢᠨ᠎ᠠ ᠶᠢ ᠡᠭᠦᠳᠤᠨ ᠰᠦᠪᠡᠭᠴᠢᠯᠡᠵᠦ᠂ ᠤᠶᠤᠨᠴᠢᠯᠠᠭᠰᠠᠨ ᠨᠢᠭᠡ ᠴᠤᠬᠴᠠᠵᠢᠭᠰᠠᠨ ᠲᠠᠪᠴᠠᠩ ᠢ ᠴᠤᠬᠴᠠᠯᠠᠬᠰᠠᠨ ᠪᠦᠭᠡᠳ ᠲᠤᠤᠷ᠎ᠠ ᠨᠢ ᠬᠠᠤᠯᠢ ᠴᠠᠭᠠᠵᠠ ᠬᠠᠤᠯᠢ ᠳᠣᠭᠳᠠᠭᠠᠯ ᠤᠨ ᠬᠡᠷᠡᠭᠯᠡᠯᠳᠡ ᠬᠠᠮᠢᠶᠠᠷᠤᠯᠳᠠ ᠶᠢᠨ ᠲᠠᠪᠴᠠᠩ᠂ ᠤᠯᠠᠨ ᠠᠷᠭ᠎ᠠ ᠪᠠᠷ ᠨᠡᠶᠢᠭᠡᠮ ᠤᠨ ᠵᠦᠷᠢᠴᠡᠯ ᠢ ᠨᠠᠮᠳᠠᠭᠤᠯᠬᠤ ᠲᠠᠪᠴᠠᠩ᠂ ᠴᠢᠬᠤᠯᠠ ᠵᠠᠰᠠᠬ ᠵᠠᠬᠢᠷᠭᠠᠨ ᠤ ᠰᠢᠢᠳᠪᠤᠷᠢᠳᠤ ᠪᠤᠳᠤᠯᠭ᠎ᠠ ᠶᠢᠨ ᠬᠠᠮᠢᠶᠠᠷᠤᠯᠳᠠ ᠶᠢᠨ ᠲᠠᠪᠴᠠᠩ᠂ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠭᠦ ᠠᠵᠢᠯᠯᠠᠭ᠎ᠠ ᠳᠤ ᠬᠢᠨᠠᠯᠳᠠ ᠲᠠᠯᠪᠢᠬᠤ ᠲᠠᠪᠴᠠᠩ᠂ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠬᠢᠨᠠᠨ ᠦᠨᠡᠯᠡᠭᠦ ᠲᠠᠪᠴᠠᠩ ᠵᠡᠷᠭᠡ ᠲᠠᠪᠤᠨ ᠬᠠᠷᠢᠶ᠎ᠠ ᠲᠠᠪᠴᠠᠩ    ᠪᠠᠶᠢᠭᠤᠯᠪᠠ᠃ ᠬᠠᠷᠢᠶ᠎ᠠ ᠲᠠᠪᠴᠠᠩ ᠤᠳ ᠨᠢ ᠲᠤᠰ ᠲᠤᠰ ᠤᠨ ᠢᠶᠠᠨ ᠴᠢᠳᠠᠪᠬᠢ ᠦᠢᠯᠡᠳᠤᠯ ᠢᠶᠠᠨ ᠪᠠᠳᠠᠷᠠᠭᠤᠯᠵᠦ᠂ ︽ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠣᠯᠳᠠ ᠶᠢᠨ ᠬᠡᠷᠡᠭᠵᠢᠭᠦᠯᠬᠦ ᠬᠦᠲᠦᠯᠪᠤᠷᠢ ︵2015 — 2020︶︾᠎ ᠳᠤ ᠲᠤᠬᠳᠠᠭᠠᠬᠰᠠᠨ ᠪᠤᠳᠠᠳᠠᠢ ᠡᠭᠦᠷᠭᠡ ᠶᠢ 8 ᠲᠠᠯ᠎ᠠ ᠠᠴᠠ 129 ᠵᠦᠢᠯ ᠤᠨ ᠠᠷᠭ᠎ᠠ ᠬᠡᠮᠵᠢᠶ᠎ᠡ᠂ 231 ᠵᠦᠢᠯ ᠤᠨ ᠪᠠᠶᠢᠭᠤᠯᠤᠯᠳᠠ ᠶᠢᠨ ᠦᠷ᠎ᠠ ᠪᠦᠲᠦᠭᠡᠯ ᠪᠤᠯᠭᠠᠨ ᠬᠤᠪᠢᠶᠠᠷᠢᠯᠠᠵᠦ᠂ ᠮᠡᠳᠡᠭᠡ ᠵᠠᠩᠭᠢᠵᠢᠯᠳᠠ ᠪᠠᠷ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠪᠠ᠃
    ᠴᠢᠬᠤᠯᠠ ᠵᠠᠰᠠᠬ ᠵᠠᠬᠢᠷᠭᠠᠨ ᠤ ᠰᠢᠢᠳᠪᠤᠷᠢᠳᠤ ᠪᠤᠳᠤᠯᠭ᠎ᠠ ᠪᠠ ︽ᠭᠤᠷᠪᠠᠨ ᠵᠦᠢᠯ ᠤᠨ ᠲᠦᠷᠢᠮ︾᠎ ᠢ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠯ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠬᠤᠶᠠᠷ ᠭᠤᠤᠯᠳᠠᠯᠭ᠎ᠠ ᠪᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠨᠡ ᠵᠢᠯ ᠤᠨ 5 ᠰᠠᠷ᠎ᠠ ᠳᠤ ᠨᠡᠶᠢᠳᠡᠯᠡᠭᠰᠡᠨ ︽ᠴᠢᠬᠤᠯᠠ ᠵᠠᠰᠠᠬ ᠵᠠᠬᠢᠷᠭᠠᠨ ᠤ ᠰᠢᠢᠳᠪᠤᠷᠢᠳᠤ ᠪᠤᠳᠤᠯᠭ᠎ᠠ ᠲᠤᠬᠳᠠᠭᠠᠬᠤ ᠠᠯᠬᠤᠮ ᠳᠠᠷᠠᠭᠠᠯᠠᠯ ᠤᠨ ᠲᠦᠷ ᠬᠡᠷᠡᠭᠵᠢᠭᠦᠯᠭᠦ ᠲᠦᠷᠢᠮ︾᠎ ᠢ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠮᠠᠨ ᠤ ᠣᠷᠣᠨ ᠴᠢᠬᠤᠯᠠ ᠵᠠᠰᠠᠬ ᠵᠠᠬᠢᠷᠭᠠᠨ ᠤ ᠰᠢᠢᠳᠪᠤᠷᠢᠳᠤ ᠪᠤᠳᠤᠯᠭ᠎ᠠ ᠶᠢᠨ ᠬᠠᠮᠢᠶᠠᠷᠤᠯᠳᠠ ᠶᠢᠨ ᠲᠠᠪᠴᠠᠩ ᠪᠠᠶᠢᠭᠤᠯᠵᠦ᠂ 7 ᠬᠢᠨᠠᠯᠳᠠ ᠲᠠᠯᠪᠢᠬᠤ ᠴᠡᠭ᠂ 15 ᠭᠦᠢᠴᠡᠳᠭᠡᠬᠦ ᠲᠤᠭ᠎ᠠ ᠲᠤᠬᠳᠠᠭᠠᠵᠦ᠂ 26 ᠬᠢᠨᠠᠨ ᠦᠨᠡᠯᠡᠭᠦ ᠬᠡᠰᠡᠭ ᠢ ᠡᠨᠡ ᠭᠦ ᠲᠠᠪᠴᠠᠩ ᠳᠤ ᠤᠷᠤᠭᠤᠯᠪᠠ᠃ ᠡᠭᠦᠪᠡᠷ ᠴᠢᠬᠤᠯᠠ ᠵᠠᠰᠠᠬ ᠵᠠᠬᠢᠷᠭᠠᠨ ᠤ ᠰᠢᠢᠳᠪᠤᠷᠢᠳᠤ ᠪᠤᠳᠤᠯᠭ᠎ᠠ ᠳᠣᠭᠳᠠᠭᠠᠬᠤ ᠠᠯᠬᠤᠮ ᠳᠠᠷᠠᠭᠠᠯᠠᠯ ᠢ ᠪᠦᠭᠦ ᠶᠠᠪᠤᠴᠠ ᠳᠤᠨᠢ ᠲᠡᠮᠳᠡᠭᠯᠡᠭᠦ᠂ ᠪᠦᠭᠦ ᠶᠠᠪᠤᠴᠠ ᠳᠤᠨᠢ ᠬᠢᠨᠠᠯᠳᠠ ᠲᠠᠯᠪᠢᠬᠤ ᠪᠠ ᠮᠠᠲᠧᠷᠢᠶᠠᠯ ᠢ ᠲᠠᠩᠰᠠᠯᠠᠬᠤ ᠶᠢ ᠪᠡᠶᠡᠯᠡᠭᠦᠯᠪᠡ᠃ ᠮᠠᠨ ᠤ ᠣᠷᠣᠨ 2017 ᠤᠨ ᠳᠤ ᠬᠦᠬᠡᠬᠤᠳᠠ ᠶᠢ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠶᠢ ᠢᠯᠠ ᠪᠣᠯᠭᠠᠬᠤ᠂ ᠬᠠᠤᠯᠢ ᠬᠡᠷᠡᠭᠵᠢᠭᠦᠯᠭᠦ ᠪᠦᠬᠦ ᠶᠠᠪᠤᠴᠠ ᠶᠢ ᠲᠡᠮᠳᠡᠭᠯᠡᠭᠦ ᠪᠠ ᠴᠢᠬᠤᠯᠠ ᠬᠠᠤᠯᠢ ᠬᠡᠷᠡᠭᠵᠢᠭᠦᠯᠭᠦ ᠲᠤᠬᠳᠠᠭᠠᠯ ᠢ ᠬᠠᠤᠯᠢ ᠳᠣᠭᠳᠠᠭᠠᠯ ᠲᠠᠢ ᠬᠢᠨᠠᠨ ᠬᠠᠷᠭᠤᠭᠤᠯᠬᠤ ︽ᠭᠤᠷᠪᠠᠨ ᠵᠦᠢᠯ ᠤᠨ ᠲᠦᠷᠢᠮ︾᠎ ᠢ ᠬᠡᠷᠡᠭᠵᠢᠭᠦᠯᠭᠦ ᠲᠤᠷᠰᠢᠯᠳᠠ ᠶᠢᠨ ᠴᠡᠭ ᠢᠶᠠᠷ ᠲᠤᠬᠳᠠᠭᠠᠵᠦ᠂ ︽ᠭᠤᠷᠪᠠᠨ ᠵᠦᠢᠯ ᠤᠨ ᠲᠦᠷᠢᠮ︾᠎ ᠢ ᠪᠦᠭᠦ ᠤᠷᠤᠨ ᠳᠤ ᠲᠡᠯᠭᠡᠷᠡᠭᠦᠯᠦᠨ ᠬᠡᠷᠡᠭᠵᠢᠭᠦᠯᠭᠦ ᠪᠠᠳᠤ ᠰᠠᠭᠤᠷᠢ ᠶᠢ ᠲᠠᠯᠪᠢᠵᠠᠢ᠃ ᠡᠭᠦᠨ ᠤ ᠰᠠᠭᠤᠷᠢ ᠳᠡᠭᠡᠷ᠎ᠡ᠂ ᠮᠠᠨ ᠤ ᠣᠷᠣᠨ ᠪᠦᠭᠦ ᠤᠷᠤᠨ ᠤ ᠨᠢᠭᠡᠳᠦᠯᠳᠡᠢ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠳᠤ ᠬᠢᠨᠠᠯᠳᠠ ᠲᠠᠯᠪᠢᠬᠤ ᠲᠠᠪᠴᠠᠩ ᠢ ᠰᠤᠳᠤᠯᠤᠨ ᠨᠡᠭᠡᠭᠡᠵᠦ᠂ ᠲᠠᠪᠴᠠᠩ ᠢᠶᠠᠷ ᠲᠠᠮᠵᠢᠭᠤᠯᠤᠨ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠭᠦ ᠶᠠᠪᠤᠴᠠ ᠶᠢ ᠵᠢᠷᠣᠮᠵᠢᠭᠤᠯᠵᠣ᠂ ᠬᠠᠤᠯᠢ ᠬᠡᠷᠡᠭᠵᠢᠭᠦᠯᠭᠦ ᠪᠦᠭᠦ ᠶᠠᠪᠤᠴᠠ ᠶᠢ ᠢᠯᠡ ᠪᠣᠯᠭᠠᠬᠤ᠂ ᠪᠦᠭᠦ ᠶᠠᠪᠤᠴᠠ ᠳᠤ ᠲᠠᠭᠤ ᠲᠦᠷᠰᠦ ᠰᠢᠩᠭᠡᠭᠡᠯᠳᠡ ᠬᠢᠬᠦ ᠪᠠ ᠴᠢᠬᠤᠯᠠ ᠬᠠᠤᠯᠢ ᠬᠡᠷᠡᠭᠵᠢᠭᠦᠯᠭᠦ ᠲᠤᠬᠳᠠᠭᠠᠯ ᠢ ᠬᠠᠤᠯᠢ ᠳᠣᠭᠳᠠᠭᠠᠯ ᠲᠠᠢ ᠬᠢᠨᠠᠨ ᠬᠠᠷᠭᠤᠭᠤᠯᠬᠤ ᠶᠢ ᠪᠡᠶᠡᠯᠡᠭᠦᠯᠪᠠ᠃ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠳᠤ ᠬᠢᠨᠠᠯᠳᠠ ᠲᠠᠯᠪᠢᠬᠤ ᠲᠠᠪᠴᠠᠩ ᠲᠠᠢ ᠬᠠᠮᠵᠢᠯᠴᠠᠵᠦ᠂ ᠪᠦᠭᠦ ᠤᠯᠤᠰ ᠤᠨ ᠠᠩᠬᠠᠳᠠᠬᠴᠢ ᠨᠡᠭᠦᠳᠡᠯ ᠬᠠᠤᠯᠢ ᠬᠡᠷᠡᠭᠵᠢᠭᠦᠯᠭᠦ ᠦᠵᠦᠭᠦᠷᠯᠢᠭ ᠢ ᠰᠤᠳᠤᠯᠤᠨ ᠨᠡᠭᠡᠭᠡᠵᠦ᠂ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠦᠯᠳᠡ ᠵᠢᠷᠣᠮᠵᠢᠯ ᠦᠭᠡᠢ᠂ ᠮᠡᠳᠡᠭᠡ ᠵᠠᠩᠭᠢᠵᠢᠬᠰᠡᠨ ᠬᠡᠮᠵᠢᠶ᠎ᠠ ᠦᠨᠳᠤᠷ ᠪᠣᠰᠣ ᠵᠡᠷᠭᠡ ᠠᠰᠠᠭᠤᠳᠠᠯ ᠢ ᠰᠢᠢᠳᠪᠤᠷᠢᠯᠡᠪᠡ᠃
    ᠮᠠᠨ ᠤ ᠣᠷᠣᠨ ︽ᠬᠢᠴᠢᠶᠡᠯ ᠤᠨ ᠪᠢᠴᠢᠭ ᠤᠨ ᠬᠡᠯᠪᠡᠷᠢ︾᠎ ᠪᠠᠷ ᠬᠠᠤᠯᠢ ᠬᠡᠷᠡᠭᠵᠢᠭᠦᠯᠬᠦ᠂ ᠦᠨᠡᠮᠯᠡᠯ ᠢᠶᠠᠨ ᠠᠪᠴᠣ ᠬᠠᠤᠯᠢ ᠬᠡᠷᠡᠭᠵᠢᠭᠦᠯᠭᠦ᠂ ᠬᠠᠤᠯᠢ ᠬᠡᠷᠡᠭᠵᠢᠭᠦᠯᠭᠦ ᠶᠠᠪᠤᠴᠠ ᠶᠢ ᠵᠢᠷᠣᠮᠵᠢᠭᠤᠯᠣᠨ ᠬᠠᠮᠢᠶᠠᠷᠬᠤ᠂ ᠬᠠᠤᠯᠢ ᠬᠡᠷᠡᠭᠵᠢᠭᠦᠯᠭᠦ ᠲᠤᠬᠠᠢ ᠶᠢᠨ ᠲᠠᠯᠠᠪᠠᠢ ᠶᠢᠨ ᠪᠦᠭᠦ ᠶᠠᠪᠤᠴᠠ ᠶᠢ ᠲᠡᠮᠳᠡᠭᠯᠡᠭᠦ᠂ ᠬᠠᠤᠯᠢ ᠬᠡᠷᠡᠭᠵᠢᠭᠦᠯᠦᠭᠰᠡᠨ ᠪᠢᠴᠢᠭ ᠢ ᠲᠤᠬᠠᠢ ᠶᠢᠨ ᠲᠠᠯᠠᠪᠠᠢ ᠳᠤᠨᠢ ᠲᠠᠷᠤᠮᠠᠯᠯᠠᠨ ᠭᠠᠷᠭᠠᠬᠤ᠂ ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠭᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠷᠭ᠎ᠠ ᠪᠠᠷ ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠭᠦ ᠰᠠᠯᠠᠭ᠎ᠠ ᠮᠦᠴᠢᠷ ᠤᠨ ᠳᠣᠰ ᠪᠡᠶ᠎ᠠ ᠶᠢᠨ ᠪᠠᠶᠢᠭᠤᠯᠤᠯᠳᠠ ᠶᠢ ᠴᠢᠩᠭᠠᠳᠬᠠᠪᠠ᠃ ᠤᠳᠤᠬᠠᠨ ᠳᠤ᠂ ᠦᠪᠡᠷᠳᠡᠭᠡᠨ ᠵᠠᠰᠠᠬᠤ ᠤᠷᠤᠨ ᠤ 36 ᠵᠠᠰᠠᠬ ᠵᠠᠬᠢᠷᠭᠠᠨ ᠤ ᠬᠠᠤᠯᠢ ᠬᠡᠷᠡᠭᠵᠢᠭᠦᠯᠭᠦ ᠰᠠᠯᠠᠭ᠎ᠠ ᠮᠦᠴᠢᠷ᠂ ᠦᠪᠡᠷᠳᠡᠭᠡᠨ ᠵᠠᠰᠠᠬᠤ ᠤᠷᠤᠨ᠂ ᠠᠶᠢᠮᠠᠬ ᠬᠤᠳᠠ ᠪᠠ ᠬᠤᠰᠢᠭᠤ ᠰᠢᠶᠠᠨ ᠭᠤᠷᠪᠠᠨ ᠱᠠᠳᠤᠨ ᠤ ᠬᠤᠭᠤᠷᠤᠨᠳᠤᠭᠢ ᠲᠤᠭ᠎ᠠ ᠪᠠᠷᠢᠮᠳᠠ ᠶᠢᠨ ᠰᠤᠯᠢᠯᠴᠠᠭ᠎ᠠ ᠶᠢ ᠪᠡᠶᠡᠯᠡᠭᠦᠯᠵᠦ᠂ ᠮᠡᠳᠡᠭᠡ ᠵᠡᠩᠭᠢ ᠶᠢ ᠰᠠᠯᠠᠭ᠎ᠠ ᠮᠦᠴᠢᠷ ᠠᠯᠤᠰᠯᠠᠨ ᠱᠠᠳᠤ ᠲᠠᠪᠠᠵᠦ ᠬᠠᠮᠳᠤ ᠪᠠᠷ ᠡᠳ᠋ᠯᠡᠵᠦ ᠬᠠᠮᠳᠤ ᠪᠠᠷ ᠬᠡᠷᠡᠭᠯᠡᠵᠦ ᠳᠡᠶᠢᠯᠬᠦ ᠪᠣᠯᠭᠠᠪᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠭᠦ ᠰᠠᠯᠠᠭ᠎ᠠ ᠮᠦᠴᠢᠷ ᠪᠠ ᠲᠤᠳᠤᠭᠠᠳᠤ ᠶᠢ ᠬᠠᠮᠠᠭᠠᠯᠠᠬᠤ᠂ ᠰᠢᠭᠦᠨ ᠳᠠᠰᠣᠯᠬᠤ ᠪᠠᠶᠢᠴᠠᠭᠠᠬᠤ ᠰᠠᠯᠠᠭ᠎ᠠ ᠮᠦᠴᠢᠷ ᠯᠦᠭᠡ ᠶᠢᠨ ᠲᠤᠭ᠎ᠠ ᠪᠠᠷᠢᠮᠳᠠ ᠶᠢ ᠬᠠᠮᠳᠤ ᠪᠠᠷ ᠡᠳ᠋ᠯᠡᠵᠦ᠂ ᠠᠵᠢᠯ ᠲᠦᠷᠦᠯ ᠢᠶᠠᠨ ᠬᠠᠮᠳᠤ ᠪᠠᠷ ᠵᠤᠬᠢᠴᠠᠭᠤᠯᠬᠤ ᠶᠢ ᠴᠤ ᠪᠡᠶᠡᠯᠡᠭᠦᠯᠪᠡ᠃
    ᠲᠤᠮᠤ ᠳ᠋ᠠᠶᠢᠲ᠋ᠠ ᠶᠢᠨ ᠬᠡᠷᠡᠭᠯᠡᠯᠳᠡ ᠪᠤᠯ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠪᠤᠳᠠᠳᠤ  ᠦᠷ᠎ᠠ ᠪᠦᠲᠦᠮᠵᠢ ᠶᠢ ᠵᠦᠪ ᠤᠨᠤᠪᠴᠢᠳᠠᠢ᠂ ᠦᠨᠡᠨ ᠪᠤᠳᠠᠳᠠᠢ ᠬᠢᠨᠠᠨ ᠦᠨᠡᠯᠡᠭᠦ ︽ᠬᠦᠮᠦᠷᠭᠡ︾ ᠪᠤᠯᠤᠨ᠎ᠠ᠃ ᠣᠳᠣ ᠮᠠᠨ ᠤ ᠤᠷᠤᠨ ᠤ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠤᠶᠤᠨᠴᠢᠯᠠᠭᠰᠠᠨ ᠨᠢᠭᠡ ᠴᠤᠬᠴᠠᠵᠢᠭᠰᠠᠨ ᠲᠠᠪᠴᠠᠩ ᠤᠨ ᠲᠠᠪᠤᠨ ᠬᠠᠷᠢᠶ᠎ᠠ ᠲᠠᠪᠴᠠᠩ ᠢᠶᠠᠷ ᠲᠦᠰᠢᠭ ᠪᠤᠯᠭᠠᠵᠦ᠂ ᠬᠠᠷᠢᠯᠴᠠᠨ ᠨᠦᠭᠦᠪᠦᠷᠢᠯᠡᠵᠦ᠂ ᠠᠵᠢᠯ ᠲᠦᠷᠦᠯ ᠲᠡᠭᠡᠳᠤ ᠬᠡᠮᠵᠢᠶ᠎ᠠ ᠪᠠᠷ ᠠᠭᠤᠰᠤᠯᠴᠠᠵᠦ᠂ ᠲᠤᠭ᠎ᠠ ᠪᠠᠷᠢᠮᠳᠠ ᠶᠢ ᠴᠤᠬᠯᠠᠷᠠᠭᠤᠯᠣᠨ ᠬᠠᠮᠳᠤ ᠪᠠᠷ ᠡᠳ᠋ᠯᠡᠭᠦ‍ ᠨᠢᠭᠡ ᠴᠤᠬᠴᠠᠵᠢᠬᠰᠠᠨ ᠲᠠᠪᠴᠠᠩ ᠢ ᠪᠦᠷᠢᠯᠳᠦᠭᠦᠯᠪᠠ᠃ ᠡᠯ᠎ᠠ ᠬᠠᠷᠢᠶ᠎ᠠ ᠲᠠᠪᠴᠠᠩ ᠤᠨ ᠦᠷ᠎ᠠ ᠳ᠋ᠦᠡᠭ ᠢ ᠴᠦᠮ ᠬᠤᠪᠢ ᠤᠯᠭᠤᠬᠤ ᠬᠡᠯᠪᠡᠷᠢ ᠪᠠᠷ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠬᠢᠨᠠᠨ ᠦᠨᠡᠯᠡᠭᠦ ᠲᠠᠪᠴᠠᠩ ᠳᠤ ᠨᠢᠭᠡᠳᠦᠯᠳᠡᠢ ᠬᠦᠷᠭᠡᠵᠦ᠂ ᠡᠯ᠎ᠠ ᠱᠠᠳᠤᠨ ᠤ ᠵᠠᠰᠠᠬ ᠤᠨ ᠤᠷᠳᠤᠨ ᠪᠠ ᠰᠠᠯᠠᠭ᠎ᠠ ᠮᠦᠴᠢᠷ ᠤᠨ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠪᠠᠶᠢᠳᠠᠯ ᠢ ᠶᠡᠷᠦᠩᠭᠡᠶᠢᠯᠡᠨ ᠬᠢᠨᠠᠨ ᠦᠨᠡᠯᠡᠵᠦ᠂ ᠦᠡᠭᠭᠡᠷᠡᠭᠰᠡᠨ ᠤ ᠴᠠᠭᠠᠰᠤᠨ ᠮᠠᠲᠧᠷᠢᠶᠠᠯ ᠢᠶᠠᠷ ᠮᠡᠳᠡᠭᠦᠯᠬᠦ᠂ ᠬᠢᠨᠠᠨ ᠦᠨᠡᠯᠡᠭᠦ ᠬᠤᠷᠠᠯ ᠬᠢᠬᠦ ᠵᠡᠷᠭᠡ ᠤᠯᠠᠮᠵᠢᠯᠠᠯᠳᠤ ᠬᠢᠨᠠᠨ ᠦᠨᠡᠯᠡᠭᠦ ᠠᠷᠭ᠎ᠠ ᠬᠡᠯᠪᠡᠷᠢ ᠶᠢ ᠬᠤᠪᠢᠷᠠᠭᠤᠯᠪᠠ᠃
    ᠲᠤᠮᠤ ᠳ᠋ᠠᠶᠢᠲ᠋ᠠ ᠶᠢ ᠬᠡᠷᠡᠭᠯᠡᠨ ᠰᠢᠨᠵᠢᠯᠡᠭᠦ ᠤᠬᠠᠭᠠᠨᠴᠢ ᠵᠦᠪ ᠤᠨᠤᠪᠴᠢᠳᠠᠢ ᠬᠢᠨᠠᠨ ᠦᠨᠡᠯᠡᠵᠦ᠂ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢ ᠬᠢᠨᠠᠨ ᠦᠨᠡᠯᠡᠬᠦ ᠠᠵᠢᠯ ᠢ ︽ᠭᠦᠢᠴᠡᠳᠭᠡᠬᠦ ᠲᠤᠭ᠎ᠠ ᠨᠢ ᠲᠤᠳᠤᠷᠬᠠᠢ᠂ ᠠᠯᠬᠤᠮ ᠶᠠᠪᠤᠴᠠ ᠨᠢ ᠢᠯᠡ᠂ ᠦᠷ᠎ᠠ ᠳ᠋ᠦᠡᠭ ᠨᠢ ᠢᠳᠡᠭᠡᠮᠵᠢᠳᠠᠢ︾ ᠪᠤᠯᠭᠠᠪᠠ᠃ ᠡᠨᠡ ᠨᠢ ᠡᠯ᠎ᠠ ᠱᠠᠳᠤᠨ ᠤ ᠵᠠᠰᠠᠬ ᠤᠨ ᠤᠷᠳᠤᠨ ᠤ ᠰᠢᠰᠲ᠋ᠧᠮ ᠲᠤᠬᠳᠠᠴᠠ᠂ ᠦᠢᠯᠡᠳᠤᠯ ᠪᠦᠲᠦᠮᠵᠢ ᠪᠠ ᠠᠵᠢᠯᠯᠠᠭ᠎ᠠ ᠬᠢᠳᠠᠯ ᠭᠤᠷᠪᠠᠨ ᠲᠠᠯ᠎ᠠ ᠠᠴᠠ ᠬᠠᠤᠯᠢᠵᠢᠯ ᠤᠨ ᠵᠠᠰᠠᠬ ᠤᠨ ᠤᠷᠳᠤᠨ ᠤ ᠪᠠᠶᠢᠭᠤᠯᠤᠯᠳᠠ ᠶᠢᠨ ᠠᠬᠢᠴᠠ ᠶᠢ ᠴᠠᠬ ᠲᠤᠬᠠᠢ ᠳᠤᠨᠢ᠂ ᠪᠦᠲᠦᠮᠵᠢᠳᠠᠢ ᠬᠡᠮᠵᠢᠶᠡᠯᠡᠵᠦ᠂ ᠱᠠᠯᠠᠪᠳᠠᠭᠤᠯᠬᠤ᠂ ᠬᠡᠳᠡᠷᠭᠦ ᠰᠢᠬᠠᠮᠳᠠᠭᠤᠯᠬᠤ᠂ ᠬᠠᠷᠢᠭᠤᠴᠠᠯᠭ᠎ᠠ ᠲᠤᠯᠭᠠᠬᠤ᠂ ᠤᠷᠮᠠᠰᠢᠭᠤᠯᠬᠤ ᠦᠢᠯᠡᠳᠤᠯ ᠢᠶᠠᠨ ᠦᠨᠡᠨᠭᠦ ᠪᠠᠳᠠᠷᠠᠭᠤᠯᠬᠤ ᠶᠢ ᠠᠬᠢᠭᠤᠯᠵᠣ ᠪᠠᠶᠢᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠷᠢᠭᠤᠨ᠎ᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号