ᠮᠠᠨ ᠤ ᠤᠷᠤᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠱᠠᠲᠤᠴᠢ ᠴᠢᠨᠠᠷᠲᠠᠶ ᠰᠢᠨ᠎ᠡ ᠦᠷ᠎ᠡ ᠪᠦᠲᠦᠮᠵᠢ ᠣᠯᠪᠠ
2019-08-11 12:06:48
ᠵᠣᠬᠢᠶᠠᠭᠴᠢ᠄ 
ᠭᠤᠸ᠎ᠠ
ᠣᠩᠰᠢᠭᠰᠠᠨ ᠣᠳᠠᠭ᠎ᠠ᠄ 
★★★☆☆

    ᠳᠡᠭᠡᠷ᠎ᠠ ᠬᠠᠭᠠᠰ ᠵᠢᠯ ᠳᠤ᠂ ᠤᠷᠤᠨ ᠲᠠᠶᠠᠭᠠᠷ ᠢᠶᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠶ᠋ᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ ᠱᠠᠲᠤᠴᠢ ᠴᠢᠨᠠᠷᠲᠠᠶ ᠰᠢᠨ᠎ᠡ ᠦᠷ᠎ᠡ ᠪᠦᠲᠦᠮᠵᠢ ᠣᠯᠤᠭᠰᠠᠨ ᠪᠠᠶᠢᠨ᠎ᠠ᠃
    ᠬᠦᠨᠳᠦ ᠶᠡᠭᠡ ᠠᠶᠤᠯ ᠲᠦᠭᠰᠢᠭᠦᠷᠢ ᠶᠢ ᠡᠮᠬᠢ ᠵᠢᠷᠤᠮ ᠲᠠᠢ ᠪᠠᠷ ᠰᠡᠷᠭᠡᠶᠢᠯᠡᠨ ᠠᠷᠢᠯᠭᠠᠪᠠ᠃ ᠮᠠᠨ ᠤ ᠤᠷᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ᠂ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠠᠬᠢᠴᠠ ᠶᠢ ᠲᠦᠷᠭᠡᠳᠭᠡᠭᠰᠡᠨ ᠪᠠᠶᠢᠨ᠎ᠠ᠃ ᠡᠷᠡᠭᠦᠯ ᠪᠤᠰᠤ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ ᠬᠠᠤᠯᠢ ᠪᠤᠰᠤ ᠪᠠᠷ ᠪᠠᠯᠠ ᠬᠤᠷᠠᠮᠳᠤᠭᠤᠯᠬᠤ ᠶᠢ ᠰᠡᠷᠭᠡᠶᠢᠯᠡᠨ ᠰᠢᠢᠳᠪᠦᠷᠢᠯᠡᠵᠤ᠂ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠦᠤ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠭᠤᠤᠯᠳᠠᠯᠭ᠎ᠠ ᠲᠠᠢ ᠭᠠᠵᠠᠷ ᠣᠷᠣᠨ ᠤ ᠮᠠᠯᠵᠢᠬᠤ ᠲᠠᠷᠢᠶᠠᠯᠠᠬᠤ ᠡᠷᠦᠬᠡ ᠶᠢᠨ ᠠᠷᠠᠳ ᠤᠨ ᠬᠤᠭᠤᠷᠤᠨᠳᠤᠬᠢ ᠵᠢᠭᠡᠯᠡᠯᠭᠡ ᠶᠢᠨ ᠬᠡᠪᠴᠢᠶ᠎ᠡ ᠪᠤᠯᠤᠨ ᠣᠷᠣᠯᠴᠠᠭᠰᠠᠨ ᠮᠠᠯᠵᠢᠬᠤ ᠲᠠᠷᠢᠶᠠᠯᠠᠬᠤ ᠡᠷᠦᠬᠡ ᠶᠢᠨ ᠲᠤᠭ᠎ᠠ ᠬᠡᠮᠵᠢᠶ᠎ᠡ ᠨᠢ ᠵᠢᠯ ᠤᠨ ᠡᠬᠢᠨ ᠤ ᠬᠢ ᠠᠴᠠ ᠢᠯᠡᠳᠲᠡ ᠪᠠᠭᠤᠷᠠᠵᠠᠢ᠃ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢ ᠰᠣᠯᠢᠵᠤ ᠥᠭᠬᠦ ᠶᠢ ᠢᠳᠡᠪᠬᠢᠲᠡᠢ ᠠᠬᠢᠭᠤᠯᠵᠤ᠂ ᠨᠡᠶᠢᠳᠡ 28.3 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢ ᠰᠣᠯᠢᠵᠤ ᠥᠭᠪᠡ᠃
    ᠤᠨᠢᠨ ᠳᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠭᠦᠨᠵᠡᠭᠡᠶ ᠠᠬᠢᠭᠤᠯᠪᠠ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾᠎ ᠳᠤ ᠠᠩᠬᠠᠷᠤᠯ ᠢᠶᠠᠨ ᠲᠥᠪᠯᠡᠷᠡᠭᠦᠯᠤᠨ ︽ᠪᠦᠬᠦᠨ ᠢ ᠪᠠᠷᠢᠮᠵᠢᠶ᠎ᠠ ᠳᠤ ᠬᠦᠷᠭᠡᠬᠦ︾ ᠲᠤᠰᠬᠠᠶ ᠠᠵᠢᠯᠯᠠᠭ᠎ᠠ ᠶᠢ ᠪᠥᠬᠦ ᠬᠦᠴᠦᠨ ᠢᠶᠠᠷ ᠠᠬᠢᠭᠤᠯᠵᠤ᠂ ᠪᠠᠯᠠ ᠣᠷᠣᠭᠤᠯᠤᠯᠲᠠ ᠶᠢ ᠴᠢᠨᠠᠭᠰᠢᠳᠠ ᠨᠡᠮᠡᠭᠳᠡᠭᠦᠯᠤᠨ ᠳᠡᠭᠡᠷ᠎ᠡ ᠬᠠᠭᠠᠰ ᠵᠢᠯ ᠳᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠵᠠᠷᠤᠯᠭ᠎ᠠ 65.8 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 20.8%᠎ ᠪᠠᠷ ᠨᠡᠮᠡᠭᠳᠡᠵᠠᠢ︔ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠲᠤ 140 ᠳ᠋ᠦᠩᠰᠢᠭᠤᠷ ᠲᠥᠭᠦᠷᠢᠭ ᠪᠠᠭᠤᠯᠭᠠᠨ ᠳᠡᠮᠵᠢᠵᠤ᠂ ᠪᠡᠭᠡᠵᠢᠩ ᠬᠤᠲᠠ ᠶᠢᠨ ᠠᠵᠢᠯ ᠲᠥᠷᠥᠯ ᠢᠶᠠᠷ ᠬᠠᠪᠰᠤᠷᠤᠨ ᠲᠡᠳᠬᠦᠬᠦ ᠪᠡᠯᠡ ᠮᠥᠩᠭᠦ ᠶᠢ 11.6 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ︔ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢ 8.8 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠪᠠ ᠲᠥᠷᠥᠯ ᠵᠦᠶ᠋ᠯ ᠤᠨ ᠲᠣᠬᠢᠷᠠᠭᠤᠯᠤᠯᠲᠠ ᠶᠢᠨ ᠵᠠᠷᠯᠠᠯ ᠤᠨ ᠨᠣᠷᠮ᠎ᠠ 100%᠎ ᠳᠤ ᠬᠦᠷᠦᠭᠰᠡᠨ ᠪᠠᠶᠢᠨ᠎ᠠ᠃ ᠮᠠᠨ ᠤ ᠤᠷᠤᠨ ᠵᠢᠯ ᠤᠨ ᠰᠡᠭᠦᠯᠴᠢ ᠪᠣᠯᠲᠠᠯ᠎ᠠ 14 ᠲᠦᠮᠡ ᠭᠠᠷᠤᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ 676 ᠶᠠᠳᠠᠭᠤ ᠬᠦᠴᠢᠷᠳᠡᠯᠳᠠᠢ ᠭᠠᠴᠠᠭ᠎ᠠ ᠳᠤᠰᠬᠤᠨ ᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ ᠲᠡᠰ ᠤᠨ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠤ ᠪᠤᠢ᠃
    ᠣᠷᠴᠢᠨ ᠳᠤᠭᠤᠷᠢᠨ ᠢ ᠬᠠᠮᠠᠭᠠᠯᠠᠵᠤ ᠵᠠᠰᠠᠬᠤ ᠡᠷᠴᠢᠮ ᠢ ᠴᠢᠩᠭᠠᠷᠠᠭᠤᠯᠪᠠ᠃ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠰᠠᠶᠢᠲᠤᠷ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾᠎ ᠢ ᠨᠡᠶᠢᠲᠡᠯᠡᠨ ᠬᠡᠷᠡᠭᠵᠢᠭᠦᠯᠵᠦ᠂ 44 ᠰᠠᠭᠤᠷᠢ ᠨᠡᠭᠦᠷᠡᠰᠤ ᠰᠢᠳᠠᠭᠠᠬᠤ ᠭᠦᠸᠧᠯᠦ ᠶᠢ ᠰᠢᠭᠰᠢᠭᠳᠡᠭᠦᠯᠤᠨ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠵᠩᠡ ᠲᠠᠢ︾ 62 ᠠᠵᠤ ᠠᠬᠤᠢᠢᠯᠠᠯ ᠢ ᠴᠡᠭᠴᠡᠯᠡᠨ ᠵᠠᠰᠠᠵᠤ᠂ ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ 388 ᠲᠥᠷᠥᠯ ᠵᠦᠶ᠋ᠯ ᠢ ᠵᠣᠬᠢᠶᠠᠨ ᠪᠠᠶᠢᠭᠤᠯᠤᠨ ᠬᠡᠷᠡᠭᠵᠢᠭᠦᠯᠪᠠ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 87.2%᠎ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 1.9 ᠬᠤᠪᠢ ᠳᠡᠭᠡᠭᠰᠢᠯᠡᠭᠰᠡᠨ ᠪᠠᠶᠢᠨ᠎ᠠ︔ ᠬᠦᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠶ ᠠᠬᠢᠭᠤᠯᠵᠤ᠂ ︽ᠭᠤᠷᠪᠠᠨ ᠨᠠᠭᠤᠷ︾᠎ ᠤᠨ ᠵᠠᠰᠠᠯᠳᠠ ᠶᠢᠨ ᠠᠵᠢᠯ ᠤᠨ ᠠᠬᠢᠴᠠ ᠶᠢ ᠲᠦᠷᠭᠡᠳᠬᠡᠨ ᠲᠥᠯᠥᠪᠵᠢᠭᠦᠯᠪᠡ ᠪᠠ ᠬᠡᠷᠡᠭᠵᠢᠭᠦᠯᠬᠦ ᠲᠥᠰᠦᠯ ᠢ ᠵᠠᠰᠠᠨ ᠨᠠᠶᠢᠷᠠᠭᠤᠯᠬᠤ ᠠᠵᠢᠯ ᠢ ᠦᠨᠳᠦᠰᠦᠨ ᠳᠡᠭᠡᠨ ᠲᠠᠭᠤᠰᠬᠠᠪᠠ᠃ ᠬᠤᠲᠠ ᠶᠢᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠢᠳᠡᠪᠬᠢᠳᠠᠢ ᠥᠷᠨᠢᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠵᠠᠢ᠃ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ 124 ᠭᠠᠵᠠᠷ ᠳᠡᠭᠡᠷᠡᠬᠢ ᠤᠰᠤᠨ ᠤ ᠬᠢᠨᠠᠨ ᠬᠡᠮᠵᠢᠯᠲᠡ ᠶᠢᠨ ᠴᠡᠭ ᠤᠨ ᠰᠢᠯᠢᠳᠡᠭ ᠤᠰᠤᠨ ᠴᠣᠭᠴᠠ ᠶᠢᠨ ᠬᠠᠷᠢᠴᠠᠯ ᠨᠢ 63.7%᠎ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 14.6 ᠬᠤᠪᠢ ᠳᠡᠭᠡᠭᠰᠢᠯᠡᠭᠰᠡᠨ ᠪᠠᠶᠢᠨ᠎ᠠ︔ ᠴᠢᠨᠠᠷ ᠮᠠᠭᠤ V ᠲᠥᠷᠥᠯ ᠤᠨ ᠤᠰᠤᠨ ᠴᠣᠭᠴᠠ ᠶᠢᠨ ᠬᠠᠷᠢᠴᠠᠯ 14.5% ᠪᠠᠶᠢᠵᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 5.7 ᠬᠤᠪᠢ ᠪᠠᠭᠤᠷᠠᠪᠠ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠥᠬᠦ ᠣᠷᠣᠨ ᠤ ᠲᠠᠷᠢᠶᠠᠯᠠᠩ ᠳᠤ ᠬᠡᠷᠡᠭᠯᠡᠬᠦ ᠭᠠᠵᠠᠷ ᠬᠦᠷᠦᠰᠤᠨ ᠤ ᠪᠤᠬᠢᠷᠳᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠶᠢ ᠲᠠᠭᠤᠰᠬᠠᠨ᠂ ᠬᠦᠨᠳᠦ ᠲᠡᠮᠦᠷᠯᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠭᠰᠡᠨ ᠪᠠᠶᠢᠨ᠎ᠠ᠃ ᠮᠠᠯᠵᠢᠬᠤ ᠳᠠᠷᠢᠶᠠᠯᠠᠬᠤ ᠤᠷᠤᠨ ᠤ ᠠᠮᠢ ᠠᠬᠤᠢ ᠣᠷᠴᠢᠨ ᠳᠤᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 1124 ᠭᠠᠴᠠᠭ᠎ᠠ ᠲᠣᠰᠬᠤᠨ ᠤ ᠣᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠪᠡ᠃

ᠣᠷᠴᠢᠭᠤᠯᠤᠭᠴᠢ᠄
ᠨᠠᠶᠢᠷᠠᠭᠤᠯᠤᠭᠴᠢ᠄ ᠠᠷᠢᠭᠤᠨ᠎ᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号