ᠡᠯᠡᠰᠦᠨ ᠲᠠᠯᠠᠢ ᠡᠷᠳᠡᠨᠢ ᠶᠢᠨ ᠰᠠᠩ ᠪᠣᠯᠣᠯ᠎ᠠ
2019-08-14 09:42:09
ᠵᠣᠬᠢᠶᠠᠭᠴᠢ᠄ 
ᠭᠤᠸ᠎ᠠ ᠲᠡᠯᠭᠡᠷᠬᠦᠦ ᠪᠣᠣ ᠴᠢᠩ ᠱᠧᠩ
ᠣᠩᠰᠢᠭᠰᠠᠨ ᠣᠳᠠᠭ᠎ᠠ᠄ 
★★★☆☆

    ᠨᠠᠢᠮᠠᠨ ᠬᠤᠰᠢᠭᠤ ᠣᠯᠠᠨ ᠵᠢᠯ ᠤᠨ ᠳᠤᠷᠰᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ ᠠᠳᠬᠤᠵᠤ᠂ ᠠᠵᠤ ᠠᠬᠤᠢ ᠶᠢᠨ ᠤᠢ ᠮᠤᠳᠤᠨ ᠤ ᠤᠢᠢᠵᠢᠭᠤᠯᠤᠯᠳᠠ᠂ ᠤᠮᠠᠷᠠᠳᠤ ᠶᠢᠨ ᠭᠤᠷᠪᠠᠨ ᠤᠷᠤᠨ ᠤ ᠬᠠᠯᠬᠠᠪᠴᠢ ᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ᠂ ᠳᠠᠷᠢᠶᠠᠯᠠᠬᠤ ᠪᠠᠨ ᠵᠤᠭᠰᠤᠵᠤ ᠤᠢᠢᠵᠢᠭᠤᠯᠤᠯᠳᠠ ᠬᠢᠭᠦ ᠲᠦᠷᠦᠯ ᠵᠦᠢᠯ ᠢ ᠬᠦᠴᠦᠳᠠᠢ ᠠᠬᠢᠭᠤᠯᠵᠤ᠂ ᠠᠷᠢᠭᠤᠨ ᠬᠦᠳᠡᠯᠮᠦᠷᠢ ᠰᠡᠴᠡᠨ ᠤᠬᠠᠭᠠᠨ ᠢᠶᠠᠷ ᠢᠶᠠᠨ ᠬᠤᠷᠴᠢᠨ ᠤ ᠡᠯᠡᠰᠦᠷᠬᠡᠭ ᠭᠠᠵᠠᠷ ᠢ ᠨᠣᠮᠢᠨ ᠨᠣᠭᠤᠭᠠᠨ ᠡᠷᠳᠡᠨᠢ ᠶᠢᠨ ᠰᠠᠩ ᠪᠣᠯᠭᠠᠯ᠎ᠠ᠃
    ᠲᠦᠩᠯᠢᠶᠣᠣ ᠬᠤᠲᠠ ᠶᠢᠨ ᠪᠠᠷᠠᠭᠤᠨ ᠡᠮᠦᠨ᠎ᠡ ᠬᠡᠰᠡᠭ᠂ ᠬᠤᠷᠴᠢᠨ ᠤ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠳᠤ ᠪᠠᠶᠢᠷᠢᠯᠡᠬᠰᠠᠨ ᠨᠠᠢᠮᠠᠨ ᠬᠤᠰᠢᠭᠤ 8137.6 ᠲᠡᠭᠰᠢ ᠳᠥᠷᠪᠡᠯᠵᠢᠨ ᠺᠢᠯᠣᠮᠧᠳ᠋ᠷ ᠨᠤᠲᠤᠭ ᠲᠠᠪᠢᠰᠭᠡᠷ ᠲᠠᠢ᠂ ᠤᠯᠤᠰ ᠤᠨ ᠭᠤᠣᠯᠳᠠᠯᠭ᠎ᠠ ᠲᠠᠢ ᠳᠡᠮᠵᠢᠬᠦ ᠶᠠᠳᠠᠭᠤ ᠬᠦᠴᠢᠷᠳᠡᠯᠲᠡᠢ ᠬᠤᠰᠢᠭᠤ ᠮᠥᠷᠲᠡᠭᠡᠨ ᠬᠤᠷᠴᠢᠨ ᠤ ᠡᠯᠡᠰᠦᠷᠬᠡᠭ ᠭᠠᠵᠠᠷ ᠤᠨ ᠲᠠᠴᠢᠷᠳᠠᠯ ᠡᠯᠡᠰᠦᠷᠬᠡᠭᠵᠢᠯ ᠢᠶᠠᠷ ᠬᠠᠮᠤᠭ ᠤᠨ ᠬᠦᠨᠳᠦ ᠨᠣᠴᠢᠲᠠᠢ ᠬᠤᠰᠢᠭᠤ ᠰᠢᠶᠠᠨ ᠤ ᠨᠢᠭᠡ ᠨᠢ ᠪᠠᠶᠢᠭᠰᠠᠨ ᠬᠡᠨᠡᠮ᠃ ᠨᠡᠷᠠ ᠬᠤᠷ᠎ᠠ ᠲᠡᠩᠴᠡᠭᠰᠡᠨ ᠳᠡᠯᠭᠡᠷ ᠵᠣᠨ ᠤ ᠤᠯᠠᠷᠢᠯ ᠳᠤ ᠨᠠᠢᠮᠠᠨ ᠬᠤᠰᠢᠭᠤ ᠪᠠᠷ ᠰᠤᠷᠪᠤᠯᠵᠢᠯᠠᠭ᠎ᠠ ᠬᠢᠵᠦ ᠮᠠᠰᠢᠨ ᠲᠡᠷᠬᠡ ᠪᠠᠷ ᠲᠠᠪᠬᠢᠭᠤᠯᠬᠤ ᠳᠤ ᠵᠠᠮ ᠤᠨ ᠬᠤᠶᠠᠷ ᠲᠠᠯ᠎ᠠ ᠪᠠᠷ ᠤᠢ ᠮᠤᠳᠤ ᠵᠢᠭᠳᠡᠷᠡᠨ᠂ ᠪᠤᠳᠠ ᠪᠤᠲᠠ ᠬᠠᠷᠠᠭᠠᠨ᠎ᠠ ᠪᠤᠷᠭᠠᠰᠤ ᠵᠢᠷᠢᠯᠵᠡᠨ ᠦᠩᠭᠡᠷᠡᠵᠦ᠂ ᠡᠷᠳᠡᠨᠢ ᠰᠢᠰᠢ᠂ ᠨᠠᠷᠢᠮᠤ ᠶᠢᠨ ᠲᠠᠷᠢᠶ᠎ᠠ ᠬᠠᠯᠢᠭᠤᠷᠠᠭᠠᠳ ᠰᠢᠷ᠎ᠠ ᠡᠯᠡᠰᠦ ᠬᠦᠯᠢᠭᠡᠷ ᠮᠠᠩᠬ᠎ᠠ ᠦᠷᠬᠦᠯᠵᠢᠯᠡᠭᠰᠡᠨ ‍ᠦᠩᠬᠡᠷᠡᠭᠰᠡᠨ ᠳᠡᠦᠬᠡ ᠶᠢ ᠮᠠᠷᠳᠠᠭᠳᠠᠭᠤᠯᠬᠤ ᠬᠡᠮᠵᠢᠶᠡᠨ ᠳᠤ ᠬᠦᠷᠴᠡᠢ᠃ ᠨᠠᠢᠮᠠᠨ ᠬᠤᠰᠢᠭᠤ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠣᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 450.8 ᠲᠦᠮᠡᠨ ᠮᠦ ᠪᠡᠶᠡᠯᠡᠭᠦᠯᠵᠤ᠂ ᠭᠠᠵᠠᠷ ᠰᠢᠷᠣᠢ ᠶᠢᠨ ᠡᠯᠡᠰᠦᠷᠬᠡᠭᠵᠢᠯ ᠪᠣᠯᠤᠨ ᠤᠰᠤ ᠬᠥᠷᠥᠰᠥᠨ ᠤ ᠢᠳᠡᠭᠳᠡᠯ ᠢ ᠪᠦᠲᠦᠮᠵᠢᠲᠡᠢ ᠬᠤᠷᠢᠬᠯᠠᠵᠦ᠂ ᠤᠷᠭᠤᠮᠠᠯ ᠤᠨ ᠬᠤᠴᠢᠯᠭ᠎ᠠ ᠲᠦᠷᠭᠡᠨ ᠰᠡᠷᠭᠦᠵᠦ᠂ ᠠᠮᠢᠳᠤ ᠪᠣᠳᠠᠰ ᠤᠨ ᠣᠯᠠᠨ ᠶᠠᠩᠵᠤᠲᠤ ᠰᠢᠨᠵᠢ ᠢᠯᠡᠳᠲᠡ ᠨᠡᠮᠡᠭᠳᠡᠵᠦ ᠢᠷᠡᠯ᠎ᠠ᠃
    ᠤᠯᠠᠨ ᠵᠢᠯ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠪᠠᠷ ᠳᠠᠮᠵᠢᠭᠠᠳ ᠳᠤᠰ ᠬᠤᠰᠢᠭᠤ ᠡᠯᠪᠡᠭ ᠪᠠᠶᠠᠯᠢᠭ ᠤᠢ ᠰᠢᠭᠤᠢ ᠶᠢᠨ ᠡᠬᠢ ᠪᠠᠶᠠᠯᠢᠭ ᠡᠭᠦᠳᠴᠦ᠂ ᠤᠯᠤᠰ ᠪᠠᠶᠢᠭᠤᠯᠤᠭᠳᠠᠬᠤ ᠦᠶ᠎ᠠ ᠳᠤ ᠳᠤᠰ ᠬᠤᠰᠢᠭᠤᠨ ᠤ ᠤᠢ ᠮᠤᠳᠤᠨ ᠤ ᠪᠦᠷᠭᠦᠴᠡ ᠶᠢᠨ ᠨᠤᠷᠮ᠎ᠠ 5.9%᠎ ᠳᠤ ᠬᠦᠷᠴᠦ ᠪᠠᠶᠢᠭᠰᠠᠨ ᠪᠤᠯ 2016 ᠣᠨ ᠤ ᠡᠴᠦᠰ ᠪᠣᠯᠲᠠᠯ᠎ᠠ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ 30.81%᠎ ᠳᠤ ᠬᠦᠷᠴᠦ᠂ ᠤᠷᠭᠤᠭ᠎ᠠ ᠮᠤᠳᠤᠨ ᠤ ᠶᠡᠷᠦᠩᠬᠡᠢ ᠬᠠᠳᠠᠭᠠᠯᠠᠭᠳᠠᠴᠠ ᠶᠢᠨ ᠬᠡᠮᠵᠢᠶ᠎ᠠ 782.9 ᠪᠤᠰᠤᠭ᠎ᠠ ᠲᠦᠷᠪᠡᠯᠵᠢᠨ  ᠮᠧᠲᠷ ᠲᠤ ᠬᠦᠷᠴᠦ᠂ ᠲᠦᠩᠯᠢᠶᠤᠤ ᠬᠤᠳᠠ ᠶᠢᠨ ᠡᠯ᠎ᠠ ᠬᠤᠰᠢᠭᠤ ᠰᠢᠶᠠᠨ ᠤ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ᠡᠭᠦᠨ ᠤ ᠤᠯᠠᠮ ᠠᠴᠠ ᠤᠢ ᠰᠢᠭᠤᠢ ᠶᠢᠨ ᠠᠵᠤ ᠦᠢᠯᠡᠰ ᠳᠠᠰᠤᠷᠠᠯᠳᠠ ᠦᠭᠡᠢ ᠪᠤᠵᠠᠭᠠᠢᠢᠷᠠᠵᠤ᠂ ᠤᠳᠤᠬᠠᠨ ᠳᠤ ᠪᠦᠬᠦ ᠬᠤᠰᠢᠭᠤᠨ ᠤ ᠮᠤᠳᠤᠨ ᠮᠠᠲ᠋ᠧᠷᠢᠶᠠᠯ ᠡᠳ᠋ᠰᠢᠭᠦᠯᠦᠨ ᠪᠤᠯᠪᠠᠰᠤᠷᠠᠭᠤᠯᠬᠤ ᠵᠢᠯ ᠤᠨ ᠴᠢᠳᠠᠪᠤᠷᠢ 30 ᠲᠦᠮᠡᠨ ᠪᠤᠰᠤᠭ᠎ᠠ ᠲᠦᠷᠪᠡᠯᠵᠢᠨ ᠮᠧᠲᠷ ᠲᠤ ᠬᠦᠷᠴᠦ᠂ ᠵᠢᠯ ᠪᠦᠷᠢ 1 ᠳ᠋ᠦᠩᠰᠢᠭᠤᠷ ᠲᠦᠭᠦᠷᠢᠭ ᠤᠨ ᠦᠷᠳᠡᠭ ᠡᠭᠦᠳᠴᠦ ᠪᠤᠢ᠃ ᠡᠯᠡᠰᠦᠷᠭᠡᠭ ᠭᠠᠵᠠᠷ ᠤᠨ ᠪᠤᠳᠠ ᠮᠤᠳᠤᠨ ᠤ ᠳᠠᠯᠠᠪᠠᠢ 115 ᠲᠦᠮᠡᠨ ᠮᠦ ᠳᠤ ᠬᠦᠷᠴᠦ᠂ ᠪᠤᠳᠠ ᠮᠤᠳᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠬᠯᠠᠬᠤ ᠪᠠᠷ ᠳᠠᠮᠵᠢᠨ᠂ ᠡᠯᠡᠰᠦᠷᠭᠡᠭ ᠭᠠᠵᠠᠷ ᠤᠨ ᠤᠯᠠᠨ ᠲᠦᠮᠡᠨ ᠵᠢᠯ ᠪᠦᠷᠢ 5000 ᠭᠠᠷᠤᠢ ᠲᠦᠮᠡᠨ ᠲᠦᠭᠦᠷᠢᠭ ᠤᠨ ᠤᠷᠤᠯᠭ᠎ᠠ ᠤᠯᠵᠤ ᠪᠤᠢ᠃
    ᠳᠤᠰ ᠬᠤᠰᠢᠭᠤ ᠠᠵᠤ ᠠᠬᠤᠢ ᠶᠢᠨ ᠤᠢ ᠶᠢᠨ ᠤᠢᠢᠵᠢᠭᠤᠯᠤᠯᠳᠠ ᠶᠢ ᠤᠯᠠᠨ ᠵᠢᠯ ᠭᠢᠵᠦ ᠡᠯᠪᠡᠭ ᠪᠠᠶᠠᠯᠢᠭ ᠬᠠᠮᠢᠶᠠᠷᠤᠯᠳᠠ ᠶᠢᠨ ᠳᠤᠷᠰᠢᠯᠭ᠎ᠠ ᠬᠤᠷᠠᠮᠳᠤᠭᠤᠯᠤᠭᠰᠠᠨ ᠪᠦᠭᠡᠳ ᠨᠡᠯᠢᠶᠡᠳ ᠰᠠᠶᠢᠨ ᠦᠷ᠎ᠠ ᠪᠦᠳᠦᠮᠵᠢ ᠤᠯᠵᠤ᠂ ᠨᠠᠢᠮᠠᠨ ᠬᠤᠰᠢᠭᠤᠨ ᠤ ᠵᠢᠮᠢᠰ ᠭᠡᠪᠡᠯ ᠵᠠᠬ᠎ᠠ ᠳᠡᠯᠭᠡᠭᠦᠷ ᠳᠡᠭᠡᠷ᠎ᠠ ᠪᠤᠷᠤᠯᠠᠭᠤᠯᠭ᠎ᠠ ᠰᠠᠶᠢᠳᠠᠢ ᠪᠠᠶᠢᠯ᠎ᠠ᠃ ᠤᠢᠢᠷ᠎ᠠ ᠶᠢᠨ ᠵᠢᠯ ᠳᠤ ᠠᠵᠤ ᠠᠬᠤᠢ ᠶᠢᠨ ᠤᠢ ᠶᠢᠨ ᠳᠤᠬᠠᠢ ᠶᠡᠭᠡ ᠬᠡᠮᠵᠢᠶ᠎ᠠ ᠪᠠᠷ ᠤᠬᠠᠭᠤᠯᠤᠭᠰᠠᠨ ᠪᠠ ᠮᠠᠷᠭᠡᠵᠢᠯ ᠤᠨ ᠵᠢᠯᠤᠭᠤᠳᠤᠯᠭ᠎ᠠ ᠦᠢᠯᠡᠴᠢᠯᠡᠭᠡ ᠪᠠᠨ ᠴᠢᠩᠭᠠᠳᠬᠠᠭᠰᠠᠨ ᠢᠶᠠᠷ᠂ ᠡᠯᠡᠰᠦᠷᠭᠡᠭ ᠭᠠᠵᠠᠷ ᠤᠨ ᠠᠵᠤ ᠠᠬᠤᠢ ᠶᠢᠨ ᠤᠢ ᠶᠢᠨ ᠳᠠᠷᠢᠵᠤ ᠤᠷᠭᠤᠭᠤᠯᠬᠤ ᠳᠠᠯᠠᠪᠠᠢ ᠵᠢᠯ ᠪᠦᠷᠢ 3 ᠲᠦᠮᠡᠨ ᠮᠦ ᠠᠴᠠ ᠳᠡᠭᠡᠭᠰᠢ ᠳᠤ ᠬᠦᠷᠴᠦ᠂ ᠪᠦᠬᠦ ᠬᠤᠰᠢᠭᠤᠨ ᠤ ᠡᠯ᠎ᠠ ᠲᠦᠷᠦᠯ ᠤᠨ ᠠᠵᠤ ᠠᠬᠤᠢ ᠶᠢᠨ ᠤᠢ ᠶᠢᠨ ᠳᠠᠯᠠᠪᠠᠢ 30 ᠲᠦᠮᠡᠨ ᠮᠦ ᠳᠤ ᠬᠦᠷᠴᠦ᠂ ᠵᠢᠯ ᠪᠦᠷᠢ 1.5 ᠳ᠋ᠦᠩᠰᠢᠭᠤᠷ ᠲᠦᠭᠦᠷᠢᠭ ᠠᠴᠠ ᠳᠡᠭᠡᠭᠰᠢ ᠦᠷ᠎ᠠ ᠠᠰᠢᠭ ᠢ ᠪᠡᠶᠡᠯᠡᠭᠦᠯᠵᠤ ᠪᠤᠢ᠃
    ᠨᠠᠢᠮᠠᠨ ᠬᠤᠰᠢᠭᠤᠨ ᠤ ᠪᠦᠬᠦ ᠠᠷᠠᠳ ᠤᠨ ᠠᠮᠢ ᠠᠬᠤᠢ ᠪᠠᠨ ᠰᠡᠷᠭᠦᠬᠡᠬᠦ ᠵᠤᠷᠢᠭ ᠬᠢᠭᠡᠳ ᠦᠢᠵᠢᠭᠤᠯᠬᠤ ᠤᠬᠠᠮᠰᠠᠷ ᠦᠨᠳᠦᠷ ᠪᠠᠶᠢᠭ᠎ᠠ ᠶᠢ ᠦᠢ ᠤᠯᠠᠨ ᠨᠠᠢᠮᠠᠨᠴᠤᠳ ᠤᠨ ᠡᠯᠡᠰᠦ ᠶᠢ ᠵᠠᠰᠠᠭᠰᠠᠨ ᠦᠯᠢᠭᠡᠷ ᠵᠢᠱᠢᠶ᠎ᠠ ᠨᠦᠭᠦᠳ ᠬᠡᠷᠡᠴᠢᠯᠡᠵᠦ ᠪᠠᠶᠢᠨ᠎ᠠ᠃ ᠨᠠᠢᠮᠠᠨ ᠬᠤᠰᠢᠭᠤᠨ ᠤ ᠲᠤ ᠴᠧᠩ ᠽᠢ ᠰᠢᠶᠠᠩ ᠤᠨ ᠫᠢᠩ ᠳ᠋ᠢᠩ ᠱᠠᠨ ᠲᠣᠰᠬᠤᠨ ᠤ ᠬᠢᠨ ᠤᠯᠠᠨ ᠢᠶᠠᠨ ᠳᠠᠭᠠᠭᠤᠯᠤᠨ ᠬᠠᠪᠲᠠᠭᠠᠢ ᠭᠦᠢᠯᠡᠰᠦ ᠳᠡᠷᠢᠭᠠᠳ ᠠᠰᠢᠭ ᠤᠷᠤᠯᠭ᠎ᠠ ᠤᠯᠵᠦ᠂ ᠳᠤᠰ ᠳᠤᠰᠬᠤᠨ ᠨᠢ ᠨᠠᠮ ᠤᠨ ᠲᠥᠪ ᠬᠤᠷᠢᠶ᠎ᠠ ᠶᠢᠨ ᠤᠬᠠᠭᠤᠯᠬᠤ ᠬᠡᠯᠲᠡᠰ ᠤᠨ ᠭᠤᠤᠯᠳᠠᠯᠭ᠎ᠠ ᠲᠠᠢ ᠤᠬᠠᠭᠤᠯᠬᠤ ᠨᠡᠶᠢᠲᠡᠯᠢᠭ ᠦᠯᠢᠭᠡᠷ ᠵᠢᠱᠢᠶ᠎ᠡ ᠪᠣᠯᠪᠠ᠃ ᠤᠳᠤᠬᠠᠨ ᠳᠤ ᠲᠦ᠋ ᠴᠧᠩ ᠽᠢ ᠰᠢᠶᠠᠩ ᠤᠨ ᠬᠠᠪᠲᠠᠭᠠᠢ ᠭᠦᠢᠯᠡᠰᠦ ᠪᠤᠯᠤᠨ ᠬᠡᠭᠡᠷ᠎ᠡ ᠶᠢᠨ ᠭᠦᠢᠯᠡᠰᠦ ᠲᠠᠷᠢᠭᠰᠠᠨ ᠬᠡᠮᠵᠢᠶ᠎ᠡ 5 ᠲᠦᠮᠡᠨ ᠮᠦ ᠳᠤ ᠬᠦᠷᠴᠦ᠂ ᠣᠢ ᠰᠢᠭᠤᠢ ᠶᠢᠨ ᠠᠵᠤ ᠦᠢᠯᠡᠰ ᠤᠨ ᠶᠡᠷᠦᠩᠬᠡᠢ ᠥᠷᠲᠡᠭ 1500 ᠲᠦᠮᠡᠨ ᠲᠥᠭᠦᠷᠢᠭ ᠲᠤ ᠬᠦᠷᠴᠦ᠂ ᠲᠠᠷᠢᠶᠠᠴᠢᠳ ᠤᠨ ᠬᠥᠮᠦᠨ ᠳᠤᠮᠳᠠᠴᠢ ᠶᠢᠨ ᠣᠢ ᠮᠤᠳᠤᠨ ᠤ ᠦᠢᠯᠡᠰ ᠤᠨ ᠣᠷᠣᠯᠭ᠎ᠠ ᠨᠢ 1150 ᠲᠥᠭᠦᠷᠢᠭ ᠲᠤ ᠬᠦᠷᠴᠠᠢ︔ ᠬᠡᠬᠡᠷ᠎ᠠ ᠶᠢᠨ ᠭᠦᠢᠯᠡᠰᠦᠨ ᠳᠤ ᠪᠠᠨ ᠲᠤᠰᠤᠯᠢᠭ ᠭᠦᠢᠯᠡᠰᠦᠨ ᠤ ᠮᠦᠴᠢᠷ ᠵᠠᠯᠭᠠᠵᠦ᠂ ᠠᠮᠢ ᠠᠬᠤᠢ ᠪᠠᠨ ᠰᠡᠷᠭᠦᠭᠡᠭᠰᠡᠨ ᠤ ᠰᠠᠭᠤᠷᠢᠨ ᠳᠡᠭᠡᠷ᠎ᠠ ᠠᠵᠤ ᠠᠬᠤᠢ ᠶᠢᠨ ᠠᠰᠢᠭ ᠤᠷᠤᠯᠭ᠎ᠠ ᠬᠦᠷᠲᠡᠭᠰᠡᠨ ᠨᠠᠢᠮᠠᠨ ᠬᠤᠰᠢᠭᠤᠨ ᠤ ᠰᠢᠷ᠎ᠠ ᠬᠤᠭᠤᠯᠠᠢ ᠪᠠᠯᠭᠠᠰᠤᠨ ᠤ ᠭᠦᠢᠯᠡᠰᠦᠨ ᠮᠣᠳᠣᠨ ᠤ ᠲᠠᠯᠠᠪᠠᠢ ᠨᠢᠭᠡᠨᠲᠡ 3.1 ᠲᠦᠮᠡᠨ ᠮᠦ ᠶᠢ ᠳᠠᠪᠠᠵᠠᠢ᠃ ᠲᠤᠰ ᠪᠠᠯᠭᠠᠰᠤᠨ ᠤ ᠲᠣᠰᠣᠯᠢᠭ ᠭᠦᠢᠯᠡᠰᠦᠨ ᠤ ᠮᠥᠴᠢᠷ ᠵᠠᠯᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠨᠠᠢᠮᠠᠨ ᠬᠤᠰᠢᠭᠤᠨ ᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠬᠥᠮᠦᠵᠢᠭᠦᠯᠬᠦ ᠥᠭᠡᠷᠡᠴᠢᠯᠡᠯᠲᠡ ᠵᠢᠴᠢ ᠰᠢᠨ᠎ᠡ ᠶᠢ ᠡᠭᠦᠳᠬᠦ ᠠᠵᠤ ᠦᠢᠯᠡᠰ ᠤᠨ ᠲᠥᠷᠥᠯ ᠵᠦᠢᠯ ᠳᠤ ᠣᠷᠣᠭᠰᠠᠨ ᠪᠠᠶᠢᠨ᠎ᠠ︔ 9.2 ᠲᠦᠮᠡᠨ ᠮᠦ ᠨᠤᠲᠤᠭ ᠪᠡᠯᠴᠢᠭᠡᠷ ᠲᠠᠢ ᠪᠠᠶᠠᠨᠲᠠᠯ᠎ᠠ ᠰᠤᠮᠤᠨ ᠤ ᠮᠠᠨᠳᠤᠭᠤᠯᠬᠤ ᠭᠠᠴᠠᠭ᠎ᠠ ᠳᠤ ᠮᠠᠩᠬᠠᠨ ᠭᠠᠵᠠᠷ 7.6 ᠲᠦᠮᠡᠨ ᠮᠦ ᠶᠢ ᠡᠵᠡᠯᠡᠵᠦ ᠪᠠᠶᠢᠭᠰᠠᠨ᠂ ᠨᠢᠭᠡᠨᠲᠡ ᠪᠦᠬᠦᠨ ᠢ ᠣᠶᠢᠵᠢᠭᠤᠯᠤᠭᠠᠳ ᠤᠳᠤᠬᠠᠨ ᠳᠤ ᠮᠤᠳᠤ ᠵᠠᠶᠢᠯᠠᠬᠤ ᠡᠯᠡᠰᠦᠷᠭᠡᠭ ᠭᠠᠵᠠᠷ ᠤᠯᠳᠠᠬᠤ ᠪᠠᠨ ᠪᠤᠯᠢᠭᠰᠠᠨ ᠪᠠᠶᠢᠳᠠᠯ ᠳᠤᠤᠷ᠎ᠠ᠂ ᠳᠠᠷᠢᠶᠠᠯᠠᠬᠤ ᠪᠠᠨ ᠵᠤᠭᠰᠤᠨ ᠤᠢᠢᠵᠢᠭᠤᠯᠤᠯᠳᠠ ᠬᠢᠭᠦ ᠲᠦᠷᠦᠯ ᠵᠦᠢᠯ ᠢ ᠬᠦᠴᠦᠳᠠᠢ ᠠᠬᠢᠭᠤᠯᠵᠤ ᠪᠠᠶᠢᠨ᠎ᠠ᠃  

ᠣᠷᠴᠢᠭᠤᠯᠤᠭᠴᠢ᠄
ᠨᠠᠶᠢᠷᠠᠭᠤᠯᠤᠭᠴᠢ᠄ ᠠᠷᠢᠭᠤᠨ᠎ᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号