ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠡᠷᠴᠢ ᠬᠦᠴᠦᠨ ᠢᠶᠠᠨ ᠪᠠᠳᠠᠷᠠᠭᠤᠯᠤᠨ᠎ᠠ
2019-09-02 09:22:05
ᠵᠣᠬᠢᠶᠠᠭᠴᠢ᠄ 
ᠭᠤᠸ᠎ᠠ
ᠣᠩᠰᠢᠭᠰᠠᠨ ᠣᠳᠠᠭ᠎ᠠ᠄ 
★★★☆☆

      ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠤᠯ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠬᠤᠶᠠᠷ ᠶᠡᠭᠡ ᠦᠨᠳᠦᠰᠦᠨ ᠲᠥᠷᠥ ᠶᠢᠨ ᠪᠣᠳᠣᠯᠭ᠎ᠠ ᠶᠢᠨ ᠨᠢᠭᠡ ᠮᠦᠨ᠃ ᠮᠠᠨ ᠤ ᠤᠷᠤᠨ ᠬᠦᠨᠳᠤ ᠭᠡᠴᠡᠭᠦᠦ ᠨᠠᠷᠢᠨ ᠪᠤᠲᠤᠯᠢᠶᠠᠠᠲᠠᠢ ᠠᠵᠦ ᠠᠬᠤᠢ ᠶᠢᠨ ᠪᠠᠶᠢᠲᠠᠯ ᠤᠨ ᠡᠮᠦᠨ᠎ᠠ᠂ ᠠᠵᠦ ᠠᠬᠤᠢ ᠶᠢᠨ ᠡᠷᠬᠢᠯᠳᠡ ᠶᠡᠷᠦᠩᠭᠡᠢ ᠳᠡᠭᠡᠨ ᠲᠤᠭᠲᠠᠭᠤᠨ᠂ ᠲᠤᠭᠲᠠᠭᠤᠨ ᠤ ᠲᠤᠮᠲᠠ ᠤᠷᠤᠭᠰᠢᠯᠠᠠ ᠲᠠᠪᠰᠢᠬᠤ ᠪᠠᠶᠢᠲᠠᠯ ᠢᠶᠠᠨ ᠪᠠᠳᠤᠯᠠᠵᠤ ᠴᠢᠳᠠᠭᠰᠠᠨ ᠨᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠡᠷᠴᠢ ᠬᠦᠴᠦᠨ ᠪᠠ ᠢᠳᠡᠪᠬᠢ ᠦᠢᠯᠡᠳᠤᠯ ᠠᠴᠠ ᠰᠠᠯᠵᠤ ᠴᠢᠳᠠᠬᠤ ᠦᠬᠡᠢ ᠶᠤᠮ᠃ ᠡᠬᠦᠨ ᠢ ᠲᠠᠬᠡᠷ᠎ᠠ ᠬᠠᠭᠠᠰ ᠵᠢᠯ ᠤᠨ ᠬᠦᠭᠵᠢᠯᠳᠡ ᠲᠠᠪᠰᠢᠯᠳᠠ ᠲᠤᠳᠤᠬᠠᠨ ᠬᠡᠷᠡᠴᠢᠯᠡᠨ᠎ᠠ᠃
      — ᠪᠦᠲᠦᠮᠵᠢᠲᠡᠶ ᠪᠡᠯᠡ ᠣᠷᠣᠭᠤᠯᠤᠯᠲᠠ ᠶᠢ ᠴᠢᠷᠮᠠᠶᠢᠨ ᠥᠷᠭᠡᠳᠬᠡᠪᠡ᠃ ᠲᠠᠬᠡᠷ᠎ᠠ ᠬᠠᠭᠠᠰ ᠵᠢᠯ ᠳᠤ ᠮᠠᠨ ᠤ ᠤᠷᠤᠨ ᠨᠡᠶᠢᠲᠡ 361.22 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ᠂ ᠵᠢᠯ ᠤᠨ ᠲᠠᠷᠬᠠᠭᠠᠯᠲᠠ ᠶᠢᠨ ᠲᠥᠯᠥᠪᠯᠡᠭᠡ ᠶᠢᠨ ᠢᠶᠠᠨ 54%᠎ ᠶᠢ ᠪᠡᠶᠡᠯᠡᠭᠦᠯᠵᠤ᠂ ᠡᠭᠦᠨ ᠳᠤ ᠰᠢᠨ᠎ᠡ ᠪᠠᠷ ᠨᠡᠮᠡᠭᠳᠡᠬᠦᠯᠦᠭᠰᠡᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠲᠠᠷᠬᠠᠭᠠᠯᠳᠠ ᠪᠠᠨ 90%᠎ ᠠᠴᠠ ᠳᠡᠭᠡᠭᠰᠢᠬᠢ ᠶᠢ ᠪᠡᠶᠡᠯᠡᠭᠦᠯᠪᠡ᠃ ᠳᠡᠮᠵᠢᠯᠭᠡ ᠶᠢᠨ ᠬᠦᠷᠢᠶ᠎ᠡ ᠠᠴᠠ ᠦᠵᠡᠪᠡᠯ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠭᠤᠤᠯᠳᠠᠭᠤ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠲᠡᠮᠦᠷ ᠵᠠᠮ ᠪᠠ ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ᠂ ᠨᠡᠶᠢᠭᠡᠮ ᠠᠷᠠᠳ ᠤᠨ ᠠᠮᠢᠳᠤᠷᠠᠯ ᠤᠨ ᠰᠠᠭᠤᠷᠢ ᠲᠥᠬᠦᠭᠡᠷᠦᠮᠵᠢ ᠪᠠ ᠴᠢᠬᠤᠯᠠ ᠶᠡᠭᠡ ᠤᠰᠤᠨ ᠠᠰᠢᠬᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠵᠢᠨᠢᠩ — ᠳ᠋ᠠ ᠲᠦᠩ ᠤᠨ ᠲᠦᠷᠭᠡᠨ ᠤ ᠳᠡᠮᠦᠷ ᠵᠠᠮ ᠵᠡᠷᠭᠡ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠶᠢ ᠬᠦᠴᠦᠲᠡᠶ ᠳᠡᠮᠵᠢᠵᠠᠢ᠃ ᠡᠭᠦᠨ ᠤ ᠬᠠᠮᠲᠤ ᠪᠠᠰᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ 269 ᠳ᠋ᠦᠩᠰᠢᠭᠤᠷ ᠲᠥᠭᠦᠷᠢᠭ ᠪᠠᠭᠤᠯᠭᠠᠵᠤ᠂ ᠵᠠᠰᠠᠮᠠᠯ ᠵᠠᠮ᠂ ᠴᠢᠬᠤᠯᠠ ᠶᠡᠭᠡ ᠤᠰᠤᠨ ᠠᠰᠢᠬᠯᠠᠯᠲᠠ ᠶᠢᠨ ᠢᠨᠵᠧᠨᠧᠷᠢᠩ ᠵᠡᠷᠭᠡ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠶᠢ ᠳᠠᠮᠵᠢᠪᠡ᠃ ᠡᠨᠡ ᠨᠢ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠳᠤᠲᠠᠭᠤᠳᠠᠯ ᠢ ᠨᠥᠬᠦᠪᠥᠷᠢᠯᠡᠨ᠂ ᠪᠦᠲᠦᠮᠵᠢᠲᠡᠶ ᠪᠡᠯᠡ ᠣᠷᠣᠭᠤᠯᠤᠯᠲᠠ ᠶᠢ ᠳᠠᠶᠢᠴᠢᠯᠠᠨ ᠥᠷᠭᠡᠳᠬᠡᠵᠦ᠂ ᠠᠷᠠᠳ ᠤᠨ ᠪᠡᠯᠡ ᠣᠷᠣᠭᠤᠯᠤᠯᠲᠠ ᠶᠢ ᠳᠠᠶᠢᠴᠢᠯᠠᠬᠤ ᠳᠤ ᠢᠳᠡᠪᠬᠢ ᠦᠶ᠋ᠯᠡᠳᠦᠯ ᠦᠵᠡᠭᠦᠯᠵᠠᠢ᠃
      — ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠪᠠ᠃ ᠪᠠᠩᠬᠢ ᠬᠢᠬᠡᠳ ᠵᠢᠭᠡᠯᠡᠯᠭᠡ ᠶᠢᠨ ᠲᠡᠮᠳᠡᠭᠲᠦ ᠶᠢᠨ ᠠᠷᠠᠯᠵᠢᠶᠡᠴᠢᠨ ᠤ ᠬᠦᠨᠵᠡᠬᠡᠢ ᠬᠠᠮᠲᠤᠷᠠᠯᠴᠠᠭ᠎ᠠ ᠪᠠᠷ ᠲᠠᠮᠵᠢᠨ ᠨᠡᠶᠢᠭᠡᠮ ᠤᠨ ᠡᠳ᠋ ᠬᠥᠷᠥᠩᠭᠡ ᠶᠢ ᠥᠷᠭᠡᠨ ᠢᠶᠠᠷ ᠲᠠᠲᠠᠵᠤ᠂ ᠬᠦᠴᠢᠷᠳᠡᠯ ᠢ ᠢᠯᠠᠨ ᠳᠠᠪᠠᠭ᠋ᠤ ᠰᠠᠭᠤᠷᠢ ᠮᠥᠩᠭᠦ ᠶᠢᠨ ᠵᠠᠭᠤᠨ ᠳ᠋ᠦᠩᠰᠢᠭᠤᠷ ᠲᠥᠭᠦᠷᠢᠭ ᠤᠨ ᠬᠡᠪᠴᠢᠶᠡᠨ ᠤ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠤᠰᠢᠶᠠᠭᠰᠠᠨ ᠵᠤᠭᠤᠰ ᠤᠨ ᠬᠡᠮᠵᠢᠶ᠎ᠡ ᠨᠢ 122 ᠳ᠋ᠦᠩᠰᠢᠭᠤᠷ ᠲᠥᠭᠦᠷᠢᠭ ᠲᠤ ᠬᠦᠷᠴᠦ᠂ ᠤᠷᠢᠳ ᠬᠤᠵᠢᠳ ᠮᠧᠩ ᠼᠤᠤ ᠠᠮᠢ ᠠᠬᠤᠶ᠂ ᠤᠯᠠᠭᠠᠨᠬᠠᠳᠠ ᠶᠢᠨ ᠰᠢᠵᠢᠷ ᠠᠯᠲᠠ᠂ ᠵᠢᠶᠦ᠋ᠨ ᠵᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ 5 ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ ᠳᠠᠮᠵᠢᠵᠤ᠂ ᠨᠡᠶᠢᠲᠡ 17.59 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ︔ ᠥᠪᠥᠷ ᠮᠣᠩᠭᠤᠯ ᠤᠨ ᠮᠥᠩᠭᠦᠨ ᠭᠦᠶ᠋ᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ ᠬᠥᠷᠥᠩᠭᠡ ᠮᠥᠩᠭᠦ ᠣᠷᠣᠭᠤᠯᠬᠤ ᠪᠠᠷ ᠲᠠᠮᠵᠢᠨ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠦᠳᠡᠯᠦᠩᠭᠦᠢ ᠰᠠᠭᠤᠷᠢ ᠮᠥᠩᠭᠦ ᠶᠢ ᠪᠠᠶᠢᠭᠤᠯᠵᠤ᠂ ᠥᠪᠥᠷ ᠮᠣᠩᠭᠤᠯ ᠤᠨ ᠠᠭᠤᠷᠬᠠᠢ ᠶᠢᠨ ᠦᠢᠯᠡᠰ ᠤᠨ ᠪᠦᠯᠦᠭᠯᠡᠯ᠂ ᠥᠪᠥᠷ ᠮᠣᠩᠭᠤᠯ ᠤᠨ ᠡᠨᠧᠷᠭᠢ ᠶᠢᠨ ᠪᠠᠯᠠ ᠣᠷᠣᠭᠤᠯᠤᠯᠲᠠ ᠶᠢᠨ ᠪᠦᠯᠦᠭᠯᠡᠯ᠂ ᠱᠤᠸᠠᠩ ᠰᠢᠨ ᠡᠨᠧᠷᠭᠢ ᠬᠢᠮᠢ ᠶᠢᠨ ᠠᠵᠤ ᠦᠶ᠋ᠯᠡᠳᠪᠦᠷᠢ᠂ ᠵᠢᠶᠠᠨ ᠯᠦᠩ ᠠᠮᠢᠳᠤ ᠪᠣᠳᠠᠰ ᠵᠡᠷᠭᠡ 37 ᠠᠵᠤ ᠠᠬᠤᠶᠢᠯᠠᠯ ᠢ ᠳᠠᠮᠵᠢᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠦᠳᠡᠯᠦᠩᠭᠦᠢ ᠰᠠᠭᠤᠷᠢ ᠮᠥᠩᠭᠦ ᠶᠢ 155.71 ᠳ᠋ᠦᠩᠰᠢᠭᠤᠷ ᠲᠥᠭᠦᠷᠢᠭ ᠲᠠᠯᠪᠢᠵᠤ᠂ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠳᠤ ᠬᠦᠴᠢᠷᠲᠡᠶ᠂ ᠪᠠᠯᠠ ᠬᠤᠷᠠᠮᠳᠤᠭᠤᠯᠬᠤ ᠳᠤ ᠦᠨᠡᠲᠡᠶ ᠠᠰᠠᠭᠤᠳᠠᠯ ᠢ ᠪᠦᠳᠦᠮᠵᠢᠳᠠᠢ ᠨᠠᠮᠳᠠᠭᠤᠯᠤᠭᠰᠠᠨ ᠪᠠᠶᠢᠨ᠎ᠠ᠃
      ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠵᠤᠤ ᠪᠢᠩ ᠤᠨ ᠳᠠᠨᠢᠯᠴᠠᠭᠤᠯᠤᠭᠰᠠᠨ ᠢᠶᠠᠷ᠂ ᠮᠠᠨ ᠤ ᠤᠷᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠡᠷᠴᠢ ᠬᠦᠴᠦᠨ ᠢ ᠦᠷᠬᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠬᠡᠷᠡᠭᠯᠡᠬᠦ ᠠᠬᠢᠴᠠ ᠶᠢ ᠲᠦᠷᠭᠡᠳᠬᠡᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠲᠠᠷᠬᠠᠭᠠᠵᠤ ᠳᠠᠭᠤᠰᠬᠠᠬᠤ ᠶᠢ ᠪᠠᠲᠤᠯᠠᠨ᠎ᠠ᠃ ︽ᠡᠳ᠋ ᠤᠨ ᠵᠠᠰᠠᠭ +︾ ᠠᠷᠭ᠎ᠠ ᠶᠢ ᠬᠡᠷᠡᠭᠯᠡᠨ ᠨᠢᠭᠡᠨᠲᠡ ᠪᠠᠶᠢᠭᠤᠯᠤᠭᠰᠠᠨ ᠠᠵᠤ ᠠᠬᠤᠢᠢᠯᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠦᠳᠡᠯᠦᠩᠭᠦᠢ ᠰᠠᠭᠤᠷᠢ ᠮᠥᠩᠭᠦ᠂ ᠠᠵᠤ ᠠᠬᠤᠢᠢᠯᠠᠯ ᠤᠨ ᠬᠦᠴᠢᠷᠳᠡᠯ ᠢ ᠢᠯᠠᠨ ᠳᠠᠪᠠᠭ᠋ᠤ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠠᠵᠢᠯᠯᠠᠭᠤᠯᠤᠨ᠎ᠠ︔ ᠵᠠᠰᠠᠭ ᠤᠨ ᠣᠷᠳᠣᠨ ᠬᠢᠭᠡᠳ ᠨᠡᠶᠢᠭᠡᠮ ᠤᠨ ᠡᠳ᠋ ᠬᠥᠷᠥᠩᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠵᠦ᠂ ᠨᠡᠶᠢᠭᠡᠮ ᠤᠨ ᠪᠡᠯᠡ ᠣᠷᠣᠭᠤᠯᠤᠯᠲᠠ ᠶᠢ ᠳᠠᠶᠢᠴᠢᠯᠠᠨ᠎ᠠ︔ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠮᠥᠩᠭᠦᠨ ᠭᠦᠶ᠋ᠯᠭᠡᠭᠡᠨ ᠤ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠥᠮᠴᠢᠯᠡᠯ ᠤᠨ ᠮᠥᠩᠭᠦᠨ ᠭᠦᠶ᠋ᠯᠭᠡᠭᠡᠨ ᠤ ᠪᠠᠶᠢᠷᠢᠰᠢᠯ ᠢ ᠰᠢᠯᠢᠳᠡᠭᠵᠢᠭᠦᠯᠦᠨ᠂ ᠮᠠᠨ ᠤ ᠤᠷᠤᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠭᠦ ᠬᠦᠴᠦᠨ ᠨᠡᠮᠡᠷᠢᠯᠡᠬᠦ ᠪᠤᠯᠤᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠪᠣᠣ ᠮᠧᠢ ᠷᠥᠩ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号