ᠰᠢᠨ᠎ᠡ ᠰᠤᠷᠭᠤᠭ ᠦᠭᠡᠷ ᠬᠤᠨᠢᠨ ᠮᠢᠬ᠎ᠠ 24 ᠴᠠᠭ ᠤᠨ ᠲᠤᠲᠤᠷ᠎ᠠ ᠬᠡᠷᠡᠭᠯᠡᠭᠴᠢᠳ ᠤᠨ ᠭᠠᠷ ᠲᠤ ᠬᠦᠷᠭᠦ ᠪᠤᠯᠪᠠ
2019-09-08 12:53:41
ᠵᠣᠬᠢᠶᠠᠭᠴᠢ᠄ 
ᠪᠢᠯᠢᠭᠪᠡᠭᠠᠲᠤᠷ
ᠣᠩᠰᠢᠭᠰᠠᠨ ᠣᠳᠠᠭ᠎ᠠ᠄ 
★★★☆☆

    ︽ᠰᠢᠨ᠎ᠡ ᠰᠤᠷᠭᠤᠭ ᠦᠭᠡᠷ ᠬᠤᠨᠢᠨ ᠮᠢᠬ᠎ᠠ 24 ᠴᠠᠭ ᠤᠨ ᠲᠤᠲᠤᠷ᠎ᠠ ᠭᠤᠸᠠᠩᠵᠸᠤ ᠬᠤᠳᠠ ᠶᠢᠨ ᠬᠡᠷᠡᠭᠯᠡᠭᠴᠢ ᠶᠢᠨ ᠭᠠᠷ ᠲᠤ ᠬᠦᠷᠴᠦ ᠲᠡᠶᠢᠯᠬᠦ ᠪᠤᠯᠵᠠᠢ᠃︾ ᠲᠦᠷᠦᠬᠦᠬᠡᠨ 2019 ᠤᠨ ᠤ ᠵᠢᠩ ᠳ᠋ᠦᠡᠭ ᠪᠠᠷᠠᠭᠠᠨ ᠤ ᠲᠠᠮᠵᠢᠭᠤᠯᠭ᠎ᠠ ᠶᠢᠨ ᠦᠭᠡᠷ ᠬᠤᠨᠢᠨ ᠮᠢᠬᠠᠨ ᠤ ᠭᠠᠷᠤᠯᠳᠠ ᠶᠢᠨ ᠤᠷᠤᠨ ᠳᠠᠬᠢ ᠠᠬᠢᠭᠤᠯᠬᠤ ᠬᠤᠷᠠᠯ ᠰᠢᠯᠢᠩᠬᠤᠳᠠ ᠳᠤ ᠶᠠᠪᠤᠭᠳᠠᠵᠤ᠂ ᠵᠢᠩ ᠳ᠋ᠦᠡᠭ ᠪᠠᠷᠠᠭᠠᠨ ᠤ ᠲᠠᠮᠵᠢᠭᠤᠯᠭ᠎ᠠ ᠶᠢᠨ ᠪᠦᠯᠦᠭᠯᠡᠯ ᠤᠨ ᠤᠮᠠᠷᠠᠳᠤ ᠤᠷᠤᠨ ᠤ ᠬᠡᠯᠳᠡᠰ ᠪᠤᠯᠤᠨ ᠰᠢᠯᠢ ᠶᠢᠨ ᠭᠤᠤᠯ ᠠᠶᠢᠮᠠᠭ ᠤᠨ 70 ᠭᠠᠷᠤᠢ ᠦᠭᠡᠷ ᠬᠤᠨᠢᠨ ᠮᠢᠬᠠᠨ ᠤ ᠪᠦᠲᠦᠬᠡᠭᠳᠡᠭᠦᠨ ᠤ ᠠᠵᠤ ᠠᠬᠤᠢᠢᠯᠠᠯ ᠬᠠᠮᠳᠤᠷᠠᠯᠴᠠᠭᠠᠨ ᠤ ᠠᠷᠭ᠎ᠠ ᠵᠠᠮ ᠳᠠᠭᠠᠨ ᠰᠢᠨ᠎ᠡ ᠬᠠᠶᠢᠯᠳᠠ ᠬᠢᠭᠰᠡᠨ ᠢᠶᠠᠷ ᠮᠠᠨ ᠤ ᠤᠷᠤᠨ ᠤ ᠪᠤᠭᠢᠷᠳᠤᠯ ᠦᠬᠡᠢ ᠦᠬᠡᠷ ᠬᠤᠨᠢᠨ ᠮᠢᠬ᠎ᠠ ᠶᠢᠨ ᠠᠷᠠᠯᠵᠢᠶᠠᠨ ᠤ ᠲᠠᠪᠴᠠᠩ ᠨᠡᠩ ᠦᠷᠬᠡᠨ ᠪᠤᠯᠵᠤ᠂ ᠡᠬᠡ ᠤᠯᠤᠰ ᠤᠨ ᠡᠯ᠎ᠠ ᠭᠠᠵᠠᠷ ᠤᠨ ᠬᠢᠨ ᠲᠠᠯ᠎ᠠ ᠨᠤᠳᠤᠭ ᠤᠨ ᠰᠢᠨ᠎ᠡ ᠰᠤᠷᠭᠤᠭ ᠦᠬᠡᠷ ᠬᠤᠨᠢᠨ ᠮᠢᠬ᠎ᠠ ᠶᠢ ᠤᠬᠤᠷᠬᠠᠨ ᠬᠡᠳᠦᠬᠡᠨ ᠴᠠᠭ ᠤᠨ ᠲᠤᠲᠤᠷ᠎ᠠ ᠤᠯᠵᠤ ᠢᠳᠡᠬᠦ ᠪᠤᠯᠪᠠ᠃
    ᠡᠷᠳᠡ ᠢᠵᠠᠭᠤᠷ ᠠᠴᠠ ᠠᠪᠤᠭᠠᠳ ᠠᠭᠤᠳᠠᠮ ᠲᠠᠯ᠎ᠠ ᠪᠠᠶᠠᠨ ᠰᠦᠷᠦᠭ ᠢᠶᠠᠷ ᠢᠶᠠᠨ ᠠᠯᠳᠠᠷ ᠮᠠᠨᠳᠤᠭᠰᠠᠨ ᠰᠢᠯᠢ ᠶᠢᠨ ᠭᠤᠤᠯ ᠤᠨ ᠲᠠᠯ᠎ᠠ ᠨᠤᠲᠤᠭ ᠪᠤᠯ ᠮᠠᠨ ᠤ ᠤᠷᠤᠨ ᠤ ᠰᠢᠮ᠎ᠡ ᠰᠠᠶᠢᠳᠠᠢ ᠦᠬᠡᠷ ᠬᠤᠨᠢᠨ ᠮᠢᠬᠠᠨ ᠤ ᠭᠤᠤᠯ ᠭᠠᠷᠤᠯᠳᠠ ᠶᠢᠨ ᠤᠷᠤᠨ ᠤ ᠨᠢᠭᠡ ᠶᠤᠮ᠃ ᠭᠡᠪᠡᠴᠤ ᠲᠤᠬᠠᠢ ᠶᠢᠨ ᠭᠠᠵᠠᠷ ᠤᠷᠤᠨ ᠤ ᠵᠠᠮ ᠲᠡᠭᠡᠭᠡᠪᠦᠷᠢ᠂ ᠴᠢᠮᠡᠭᠡ ᠨᠡᠪᠲᠡᠷᠡᠯᠭᠡ᠂ ᠡᠳ᠋ᠰᠢᠭᠦᠯᠦᠯᠳᠡ ᠪᠤᠷᠤᠯᠠᠭᠤᠯᠤᠯᠳᠠ ᠵᠡᠷᠭᠡ ᠨᠦᠬᠦᠴᠡᠯ ᠪᠠᠶᠢᠳᠠᠯ ᠤᠨ ᠬᠢᠵᠠᠭᠠᠷᠯᠠᠯ ᠨᠢ ᠲᠠᠸᠠᠷ ᠤᠨ ᠪᠤᠷᠤᠯᠠᠭᠤᠯᠤᠯᠳᠠ ᠶᠢᠨ ᠲᠤᠭ᠎ᠠ ᠬᠡᠮᠵᠢᠶ᠎ᠡ᠂ ᠨᠡᠷ᠎ᠡ ᠠᠯᠳᠠᠷᠰᠢᠯ ᠢ ᠬᠦᠯᠢᠶᠡᠰᠦᠯᠡᠭᠰᠡᠭᠡᠷ ᠢᠷᠡᠵᠡᠢ᠃ ᠦᠨᠦᠳᠦᠷ ᠡᠳ᠋ ᠪᠠᠷᠠᠭᠠᠨ ᠤ ᠲᠠᠮᠵᠢᠭᠤᠯᠭ᠎ᠠ ᠶᠢᠨ ᠺᠤᠮᠫᠠᠨᠢ᠂ ᠠᠵᠤ ᠠᠬᠤᠢᠢᠯᠠᠯ ᠤᠨ ᠦᠢᠯᠡᠴᠢᠯᠡᠭᠡᠨ ᠤ ᠴᠢᠳᠠᠪᠬᠢ ᠤᠯᠠᠮ ᠢᠶᠠᠷ ᠪᠦᠷᠢᠨᠰᠢᠬᠦ ᠶᠢ ᠲᠠᠭᠠᠯᠳᠤᠨ᠂ ᠨᠢᠭᠡ ᠪᠦᠯᠦᠭ ᠡᠬᠢ ᠰᠤᠷᠪᠤᠯᠵᠢ ᠲᠠᠸᠠᠷ ᠶᠡᠭᠡ ᠬᠡᠪᠴᠢᠶ᠎ᠡ ᠪᠠᠷ ᠵᠠᠬ᠎ᠠ ᠲᠡᠯᠬᠡᠬᠦᠷ ᠲᠤ ᠤᠷᠤᠬᠤ ᠳᠤ ᠰᠠᠭᠠᠳ ᠦᠭᠡᠢ ᠪᠤᠯᠪᠠ᠃ ᠰᠢᠯᠢ ᠶᠢᠨ ᠭᠤᠤᠯ ᠤᠨ ᠦᠭᠡᠷ ᠬᠤᠨᠢᠨ ᠮᠢᠬ᠎ᠠ ᠪᠠᠷ ᠭᠤᠤᠯ ᠭᠠᠷᠭᠠᠯᠳᠠ ᠪᠠ ᠬᠠᠨᠭ᠍ᠭᠠᠯᠭ᠎ᠠ ᠶᠢᠨ ᠭᠠᠵᠠᠷ ᠤᠷᠤᠨ ᠪᠤᠯᠭᠠᠭᠰᠠᠨ ᠵᠢᠩ ᠳ᠋ᠦᠡᠭ ᠪᠠᠷᠠᠭᠠᠨ ᠤ ᠲᠠᠮᠵᠢᠭᠤᠯᠭ᠎ᠠ ᠬᠢᠭᠡᠳ ᠪᠤᠷᠤᠯᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠬᠠᠮᠳᠤᠷᠠᠯᠴᠠᠭᠠᠨ ᠤ ᠠᠵᠢᠯᠯᠠᠭ᠎ᠠ ᠨᠢᠳᠤᠨᠤᠨ ᠠᠴᠠ ᠡᠬᠢᠯᠡᠵᠤ ᠶᠠᠪᠤᠭᠳᠠᠭᠰᠠᠨ ᠪᠦᠭᠡᠳ ᠡᠨᠡ ᠵᠢᠯ ᠤᠨ ᠬᠠᠮᠳᠤᠷᠠᠯᠴᠠᠭᠠᠨ ᠳᠠᠭᠠᠨ ᠠᠯᠢ ᠤᠯᠠᠨ ᠰᠢᠨ᠎ᠡ ᠠᠭᠤᠯᠭ᠎ᠠ ᠰᠢᠨ᠎ᠡ ᠴᠢᠳᠠᠪᠬᠢ ᠶᠢ ᠨᠡᠮᠡᠭᠰᠡᠨ ᠪᠠᠶᠢᠨ᠎ᠠ᠃ ᠲᠤᠬᠠᠢᠢᠯᠠᠪᠠᠯ᠂ ᠤᠭ ᠭᠠᠷᠤᠯᠳᠠ ᠶᠢᠨ ᠭᠠᠵᠠᠷ ᠤᠷᠤᠨ ᠤ ᠲᠠᠸᠠᠷ ᠤᠨ ᠡᠳ᠋ᠰᠢᠬᠦᠯᠦᠯᠳᠡ᠂ ᠪᠤᠭᠤᠳᠠᠯ ᠪᠠᠭᠯᠠᠭ᠎ᠠ ᠵᠡᠷᠭᠡ ᠶᠢ ᠨᠢᠭᠡ ᠴᠤᠭᠴᠠᠵᠢᠭᠤᠯᠤᠭᠰᠠᠨ ᠰᠠᠭᠤᠷᠢᠨ ᠲᠡᠭᠡᠷ᠎ᠡ ᠵᠢᠩ ᠳ᠋ᠦᠡᠭ ᠲᠠᠮᠵᠢᠭᠤᠯᠭ᠎ᠠ ᠶᠢᠨ ᠺᠤᠮᠫᠠᠨᠢ ᠨᠢ ᠡᠳ᠋ ᠪᠤᠳᠠᠰ ᠤᠨ ᠲᠠᠮᠵᠢᠭᠤᠯᠭ᠎ᠠ ᠬᠢᠭᠡᠳ ᠲᠠᠸᠠᠷ ᠤᠨ ᠪᠤᠷᠤᠯᠠᠭᠤᠯᠭ᠎ᠠ ᠶᠢᠨ ᠬᠦᠴᠦᠷᠬᠡᠭ ᠶᠡᠭᠡ ᠲᠠᠪᠠᠭᠤᠯᠢᠭ ᠨᠦᠬᠦᠴᠡᠯ ᠮᠤᠨᠳᠠᠭ ᠶᠡᠭᠡ ᠬᠡᠷᠡᠭᠯᠡᠭᠴᠢ ᠶᠢᠨ ᠰᠦᠷᠦᠭᠵᠢᠯ ᠳᠡᠭᠡᠨ ᠲᠦᠰᠢᠭᠯᠡᠨ ᠰᠢᠯᠢ ᠶᠢᠨ ᠭᠤᠤᠯ ᠤᠨ ᠰᠢᠮ᠎ᠡ ᠰᠠᠶᠢᠳᠠᠢ ᠦᠭᠡᠷ ᠬᠤᠨᠢᠨ ᠮᠢᠬ᠎ᠠ ᠶᠢ ᠬᠠᠮᠤᠭ ᠤᠨ ᠲᠦᠷᠭᠡᠨ ᠬᠤᠷᠳᠤᠴᠠ ᠪᠠᠷ᠂ ᠰᠢᠨ᠎ᠡ ᠰᠤᠷᠭᠤᠭ ᠬᠡᠪ ᠢᠶᠠᠷ ᠨᠢ ᠶᠡᠭᠡ ᠬᠤᠳᠠ ᠶᠢᠨ ᠭᠡᠷᠡᠭᠯᠡᠭᠴᠢᠳ ᠤᠨ ᠭᠠᠷ ᠲᠤ ᠬᠦᠷᠬᠡᠬᠦ ᠪᠦᠷᠢᠨ ᠨᠦᠬᠦᠴᠡᠯ ᠢ ᠪᠦᠷᠢᠯᠳᠦᠬᠦᠯᠦᠭᠰᠡᠨ ᠪᠠᠶᠢᠨ᠎ᠠ᠃
    ᠰᠤᠷᠪᠤᠯᠵᠢᠯᠠᠬᠴᠢ ᠵᠢᠩ ᠳ᠋ᠦᠡᠭ ᠬᠤᠳᠠᠯᠳᠤᠭᠠᠨ ᠤ ᠲᠡᠯᠭᠡᠭᠦᠷ ᠤᠨ ︽ᠰᠢᠯᠢ ᠶᠢᠨ ᠭᠤᠤᠯ ᠤᠨ ᠤᠷᠳᠤᠨ︾᠎ ᠤ ᠪᠤᠷᠤᠯᠠᠭᠤᠯᠤᠯᠳᠠ ᠶᠢᠨ ᠬᠠᠷᠢᠭᠤᠴᠠᠯᠭᠠᠳᠠᠨ ᠠᠴᠠ ᠤᠢᠢᠯᠠᠭᠠᠭᠰᠠᠨ ᠢᠶᠠᠷ᠂ 2015 ᠤᠨ ᠤ 11 ᠰᠠᠷ᠎ᠠ ᠳᠤ ᠦᠪᠦᠷ ᠮᠤᠩᠭᠤᠯ ᠤᠨ ᠢ ᠳ᠋ᠦ᠋ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠤᠮᠫᠠᠨᠢ ᠨᠢ ᠵᠢᠩ ᠳ᠋ᠦᠡᠭ ᠺᠤᠮᠫᠠᠨᠢ ᠯᠤᠭ᠎ᠠ ᠬᠠᠮᠳᠤᠷᠠᠯᠴᠠᠭᠠᠨ ᠤ ᠬᠡᠯᠡᠯᠴᠡᠭᠡᠷ ᠲᠤᠬᠢᠷᠠᠯᠴᠠᠵᠤ᠂ ︽ᠵᠢᠩ ᠳ᠋ᠦᠡᠭ ᠬᠤᠳᠠᠯᠳᠤᠭᠠᠨ ᠤ ᠲᠡᠯᠭᠡᠭᠦᠷ ᠤᠨ ᠲᠤᠮᠳᠠᠳᠤ ᠶᠢᠨ ᠤᠨᠴᠠ ᠭᠠᠷᠤᠯᠳᠠ · ᠰᠢᠯᠢ ᠶᠢᠨ ᠭᠤᠤᠯ ᠤᠷᠳᠤᠨ︾᠎ ᠢ ᠡᠷᠬᠢᠯᠡᠨ ᠪᠠᠶᠢᠭᠤᠯᠵᠤ᠂ ᠮᠦᠨ ᠲᠤᠰ ᠵᠢᠯ ᠤᠨ 12 ᠰᠠᠷ᠎ᠠ ᠠᠴᠠ ᠡᠬᠢᠯᠡᠨ ᠰᠢᠯᠢ ᠶᠢᠨ ᠭᠤᠤᠯ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠠᠴᠠ ᠵᠤᠬᠢᠶᠠᠨ ᠪᠠᠶᠢᠭᠤᠯᠵᠤ᠂ ᠵᠢᠩ ᠳ᠋ᠦᠡᠭ ᠺᠤᠮᠫᠠᠨᠢ ᠶᠢᠨ ᠬᠠᠮᠢᠶ᠎ᠠ ᠪᠦᠬᠦᠢ ᠨᠦᠬᠦᠴᠡᠯ ᠪᠠᠷᠢᠮᠵᠢᠶ᠎ᠠ ᠳᠤ ᠨᠡᠶᠢᠴᠡᠭᠰᠡᠨ ᠠᠵᠤ ᠠᠬᠤᠢᠢᠯᠠᠯ ᠢ ᠲᠤᠰ ᠺᠤᠮᠫᠠᠨᠢ ᠶᠢᠨ ᠬᠤᠳᠠᠯᠳᠤᠭᠠᠨ ᠤ ᠡᠯᠧᠺᠲᠷᠣᠨ ᠪᠤᠷᠤᠯᠠᠭᠤᠯᠭ᠎ᠠ ᠶᠢᠨ ᠲᠠᠪᠴᠠᠩ ᠯᠤᠭ᠎ᠠ ᠵᠤᠯᠭᠠᠯᠴᠠᠭᠤᠯᠵᠠᠢ᠃ ᠡᠭᠦᠨ ᠤ ᠰᠠᠭᠤᠷᠢᠨ ᠲᠡᠭᠡᠷ᠎ᠡ᠂ ᠢ ᠳ᠋ᠦ᠋ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠤᠮᠫᠠᠨᠢ ᠨᠢ ᠬᠡᠯᠡᠯᠴᠡᠭᠡᠷ ᠶᠤᠰᠤᠭᠠᠷ ᠵᠢᠩ ᠳ᠋ᠦᠡᠭ ᠬᠤᠳᠠᠯᠳᠤᠭᠠᠨ ᠤ ᠲᠡᠯᠭᠡᠭᠦᠷ ᠤᠨ ︽ᠰᠢᠯᠢ ᠶᠢᠨ ᠭᠤᠤᠯ ᠤᠷᠳᠤᠨ︾᠎ ᠤ ᠪᠦᠬᠦ ᠲᠦᠷᠦᠯ ᠤᠨ ᠲᠠᠸᠠᠷ ᠤᠨ ᠪᠤᠭᠤᠳᠠᠯᠯᠠᠬᠤ᠂ ᠤᠬᠠᠭᠤᠯᠬᠤ᠂ ᠵᠦᠭᠡᠭᠡᠪᠦᠷᠢᠯᠡᠬᠦ ᠵᠢᠴᠢ ᠡᠳᠦᠷ ᠲᠤᠳᠤᠮ ᠤᠨ ᠬᠠᠮᠢᠶᠠᠷᠤᠯᠳᠠ ᠶᠢᠨ ᠠᠵᠢᠯ ᠢ ᠭᠠᠷᠳᠠᠨ ᠭᠦᠢᠴᠡᠳᠭᠡᠪᠡ᠃
    ᠦᠪᠦᠷ ᠮᠤᠩᠭᠤᠯ ᠤᠨ ᠢ ᠳ᠋ᠦ᠋ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠤᠮᠫᠠᠨᠢ ᠶᠢᠨ ᠪᠤᠷᠤᠯᠠᠭᠤᠯᠭ᠎ᠠ ᠡᠵᠡᠩᠨᠡᠯᠳᠡ ᠶᠢᠨ ᠬᠡᠯᠳᠡᠰ ᠤᠨ ᠠᠵᠢᠯᠳᠠᠨ ᠬᠤ᠋ ᠶᠠᠨ ᠰᠢᠶᠠ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠴᠠᠭᠠᠨ ᠰᠠᠷ᠎ᠠ ᠠᠴᠠ ᠡᠮᠦᠨ᠎ᠡ ᠬᠤᠶᠢᠨᠠᠬᠢ ᠭᠤᠪᠢᠭᠤᠯᠭ᠎ᠠ ᠶᠢᠨ ᠪᠠᠶᠢᠳᠠᠯ ᠠᠴᠠ ᠦᠵᠡᠬᠦ ᠳᠤ᠂ 12 ᠰᠠᠷ᠎ᠠ ᠠᠴᠠ 1 ᠰᠠᠷ᠎ᠠ ᠶᠢᠨ ᠬᠤᠭᠤᠷᠤᠨᠲᠤ ᠭᠠᠭᠴᠠ ᠬᠦ ᠦᠬᠡᠷ ᠬᠤᠨᠢᠨ ᠮᠢᠬᠠᠨ ᠤ ᠪᠦᠲᠦᠭᠡᠭᠳᠡᠬᠦᠨ ᠤ ᠭᠤᠪᠢᠭᠤᠯᠭ᠎ᠠ ᠶᠢ ᠡᠳᠦᠷ ᠲᠤ 100 ᠰᠢᠬᠠᠮ ᠵᠠᠬᠢᠶᠠᠯᠠᠭ᠎ᠠ ᠲᠤᠰᠤᠭᠰᠠᠨ᠂ ᠬᠤᠶᠠᠷ ᠰᠠᠷ᠎ᠠ ᠰᠢᠬᠠᠮ ᠤᠨ ᠬᠤᠭᠤᠴᠠᠭᠠᠨ ᠳᠤ 6 ᠲᠤᠨ ᠭᠠᠷᠤᠢ ᠪᠦᠲᠦᠬᠡᠭᠳᠡᠬᠦᠨ ᠢ ᠵᠢᠩ ᠳ᠋ᠦᠡᠭ ᠪᠠᠷᠠᠭᠠᠨ ᠤ ᠲᠠᠮᠵᠢᠭᠤᠯᠭ᠎ᠠ ᠪᠠᠷ ᠵᠠᠬ᠎ᠠ ᠲᠡᠯᠭᠡᠭᠦᠷ ᠲᠤ ᠪᠤᠷᠤᠯᠠᠭᠤᠯᠤᠭᠰᠠᠨ ᠪᠠᠶᠢᠨ᠎ᠠ᠃ ᠨᠢᠳᠤᠨᠤᠨ ᠵᠢᠯ ᠤᠮᠠᠷᠠᠳᠤ ᠤᠷᠤᠨ ᠤ ᠬᠡᠪᠴᠢᠶᠡᠨ ᠤ ᠶᠡᠭᠡ ᠬᠤᠳᠠᠳ ᠲᠤ 24 ᠴᠠᠭ ᠤᠨ ᠲᠤᠲᠤᠷ᠎ᠠ ᠪᠠᠷᠠᠭ᠎ᠠ ᠬᠦᠷᠭᠡᠬᠦ ᠶᠢ ᠪᠡᠶᠡᠯᠡᠬᠦᠯᠵᠦ᠂ ᠡᠨᠡ ᠵᠢᠯ ᠪᠦᠬᠦ ᠤᠯᠤᠰ ᠤᠨ ᠡᠯ᠎ᠠ ᠶᠡᠭᠡ ᠲᠤᠮᠳᠠ ᠬᠤᠳᠠ ᠳᠤ ᠬᠦᠷᠬᠡᠬᠦ ᠬᠠᠷᠠᠯᠳᠠ ᠶᠢ ᠪᠡᠶᠡᠯᠡᠭᠦᠯᠦᠯ᠎ᠡ︾ ᠭᠡᠯ᠎ᠠ᠃
    ᠤᠳᠤᠬᠠᠨ ᠳᠤ ᠲᠤᠰ ᠤᠷᠳᠤᠨ ᠨᠢ ᠲᠤᠬᠠᠢ ᠶᠢᠨ ᠭᠠᠵᠠᠷ ᠤᠨ 52 ᠠᠵᠤ ᠠᠬᠤᠢᠢᠯᠠᠯ ᠯᠤᠭ᠎ᠠ ᠬᠠᠮᠳᠤᠷᠠᠯᠴᠠᠭᠠᠨ ᠤ ᠬᠡᠯᠡᠯᠴᠡᠭᠡᠷ ᠲᠤᠬᠢᠷᠠᠯᠴᠠᠵᠤ᠂ ᠡᠭᠦᠨ ᠳᠤ 38 ᠠᠵᠤ ᠠᠬᠤᠢᠢᠯᠠᠯ ᠨᠢ ᠨᠢᠭᠡᠨᠳᠡ ᠪᠠᠷᠠᠭ᠎ᠠ ᠬᠠᠨᠭ᠍ᠭᠠᠵᠤ᠂ ᠨᠡᠶᠢᠳᠡ 79 ᠶᠡᠭᠡ ᠲᠦᠷᠦᠯ ᠤᠨ 200 ᠰᠢᠬᠠᠮ ᠵᠦᠢᠯ ᠤᠨ ᠲᠠᠸᠠᠷ ᠢ ᠲᠦᠷᠭᠡᠨ ᠪᠤᠷᠤᠯᠠᠭᠤᠯᠭ᠎ᠠ ᠪᠠᠷ ᠰᠢᠯᠢ ᠶᠢᠨ ᠭᠤᠤᠯ ᠠᠶᠢᠮᠠᠭ ᠠᠴᠠ ᠪᠦᠬᠦ ᠤᠯᠤᠰ ᠤᠨ ᠡᠯ᠎ᠠ ᠭᠠᠵᠠᠷ ᠲᠤ ᠬᠦᠷᠭᠡᠬᠦ ᠪᠤᠯᠵᠠᠢ᠃ ᠡᠭᠦᠨ ᠠᠴᠠ ᠭᠠᠳᠠᠨ᠎ᠠ ᠵᠢᠩ ᠳ᠋ᠦᠡᠭ ᠪᠠᠷᠠᠭᠠᠨ ᠤ ᠲᠠᠮᠵᠢᠭᠤᠯᠭ᠎ᠠ ᠶᠢᠨ ᠺᠤᠮᠫᠠᠨᠢ ᠨᠢ ᠰᠢᠯᠢᠩᠬᠤᠳᠠ ᠪᠤᠯᠤᠨ ᠬᠦᠬᠡᠬᠤᠳᠠ ᠶᠢᠨ ᠬᠤᠶᠠᠷ ᠲᠤᠮᠤ ᠠᠭᠠᠷ ᠤᠨ ᠲᠡᠭᠡᠭᠡᠪᠦᠷᠢ ᠶᠢᠨ ᠵᠠᠮ ᠱᠤᠭᠤᠮ ᠢᠶᠠᠷ ᠲᠤᠯᠭᠠᠭᠤᠷᠢᠯᠠᠯ ᠪᠤᠯᠭᠠᠨ᠂ ᠠᠷᠪᠠ ᠭᠠᠷᠤᠢ ᠠᠭᠠᠷ ᠤᠨ ᠲᠡᠭᠡᠭᠡᠪᠦᠷᠢ ᠶᠢᠨ ᠱᠤᠭᠤᠮ ᠢ ᠰᠢᠨ᠎ᠡ ᠪᠠᠷ ᠲᠤᠬᠢᠷᠠᠭᠤᠯᠵᠤ᠂ ᠰᠢᠯᠢ ᠶᠢᠨ ᠭᠤᠤᠯ ᠤᠨ ᠰᠢᠨ᠎ᠡ ᠰᠤᠷᠭᠤᠭ ᠦᠭᠡᠷ ᠬᠤᠨᠢᠨ ᠮᠢᠬ᠎ᠠ ᠶᠢ 24 ᠴᠠᠭ ᠤᠨ ᠲᠤᠳᠤᠷ᠎ᠠ ᠤᠯᠤᠰ ᠤᠨ ᠲᠤᠳᠤᠭᠠᠳᠤ ᠶᠢᠨ ᠡᠯ᠎ᠡ ᠲᠤᠮᠤ ᠬᠤᠳᠠ ᠨᠤᠭᠤᠳ ᠤᠨ ᠬᠤᠳᠠᠯᠳᠤᠨ ᠠᠪᠤᠭᠴᠢ ᠶᠢᠨ ᠭᠠᠷ ᠲᠤ ᠲᠠᠮᠵᠢᠭᠤᠯᠤᠨ ᠬᠦᠷᠭᠡᠭᠦ ᠶᠢ ᠪᠡᠶᠡᠯᠡᠭᠦᠯᠦᠭᠰᠡᠨ ᠪᠠᠶᠢᠨ᠎ᠠ᠃

ᠣᠷᠴᠢᠭᠤᠯᠤᠭᠴᠢ᠄
ᠨᠠᠶᠢᠷᠠᠭᠤᠯᠤᠭᠴᠢ᠄ ᠠᠷᠢᠭᠤᠨ᠎ᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号