ᠲᠦᠯ ᠤᠨ ᠮᠠᠶᠢᠯᠠᠭᠠᠨ ᠳᠤ ᠲᠦᠮᠡᠨ ᠤ ᠮᠠᠩᠨᠠᠢ ᠲᠠᠨᠡᠶᠢᠨ᠎ᠠ
2020-03-12 09:43:19
ᠵᠣᠬᠢᠶᠠᠭᠴᠢ᠄ 
ᠦ᠋ ᠴᠢᠩ ᠯᠠᠨ
ᠣᠩᠰᠢᠭᠰᠠᠨ ᠣᠳᠠᠭ᠎ᠠ᠄ 
★★★☆☆

      ᠡᠸᠡᠩᠬᠢ ᠬᠤᠰᠢᠭᠤᠨ ᠤ ᠪᠠᠶᠡᠡᠳᠠᠯ᠎ᠠ ᠰᠢᠶᠠᠩ ᠤᠨ ᠮᠠᠯᠴᠢᠨ ᠰᠦ᠋ ᠯᠢ ᠬᠤᠢ ᠨᠢᠳᠤᠨᠤᠨ ᠡᠪᠤᠯ ᠬᠢᠨᠭ᠍ᠭᠠᠨ ᠠᠶᠢᠮᠠᠭ ᠠᠴᠠ 60 ᠰᠠᠶᠢᠨ ᠡᠬᠦᠯᠳᠡᠷ ᠤᠨ ᠭᠡᠭᠡᠯ ᠲᠠᠢ ᠬᠤᠨᠢ ᠬᠤᠳᠡᠯᠳᠤᠨ ᠤᠷᠤᠭᠤᠯᠤᠡᠡᠰᠡᠨ ᠶᠤᠮ᠃ ᠴᠠᠭᠠᠨ ᠰᠠᠷ᠎ᠠ ᠠᠴᠠ ᠨᠠᠭᠠᠰᠢ ᠲᠠᠳᠡᠨ ᠤ ᠬᠢᠨ ᠲᠦᠯ ᠲᠤᠰᠴᠤ ᠡᠬᠢᠯᠡᠭᠰᠡᠨ ᠪᠦᠬᠡᠳ ᠲᠤᠰᠤᠭᠰᠠᠨ ᠲᠦᠯ ᠢᠶᠠᠨ 100%᠎ ᠪᠠᠷ ᠮᠡᠨᠳᠤ ᠪᠤᠶᠢᠵᠢᠭᠤᠯᠵᠤ ᠪᠤᠢ᠃ ᠰᠦ᠋ ᠯᠢ ᠬᠤᠢ ᠲᠠᠢ ᠠᠳᠠᠯᠢ ᠪᠠᠷ ᠬᠦᠯᠦᠨ ᠪᠤᠶᠢᠷ ᠤᠨ ᠬᠡᠰᠡᠭ ᠮᠠᠯᠴᠢᠳ ᠬᠠᠪᠤᠷ ᠡᠷᠳᠡ ᠶᠢᠨ ᠲᠦᠯ ᠲᠤᠰᠬᠤ ᠶᠠᠭᠠᠷᠠᠯᠳᠠᠢ ᠡᠷᠢᠨ ᠳᠤ ᠤᠷᠤᠵᠤ᠂ ᠡᠯ᠎ᠠ ᠭᠠᠵᠠᠷ ᠤᠨ ᠬᠢᠨ ᠤᠷᠤᠨ ᠨᠤᠳᠤᠭ ᠤᠨ ᠪᠤᠳᠠᠳᠤ ᠪᠠᠶᠢᠳᠠᠯ ᠢᠶᠠᠨ ᠦᠨᠳᠤᠰᠤᠯᠡᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠴᠢᠩᠭ᠎ᠠ ᠰᠡᠷᠬᠡᠶᠢᠯᠡᠨ ᠡᠵᠡᠮᠳᠡᠬᠦ ᠶᠢᠨ ᠬᠠᠮᠳᠤ ᠲᠦᠯ ᠲᠤᠰᠴᠦ ᠪᠤᠶᠢᠵᠢᠭᠤᠯᠬᠤ ᠠᠵᠢᠯ ᠤᠨ ᠡᠮᠬᠢ ᠵᠢᠷᠤᠮ ᠲᠠᠢ ᠪᠠᠷ ᠶᠠᠪᠤᠭᠳᠠᠬᠤ ᠶᠢ ᠪᠠᠳᠤᠯᠠᠵᠤ᠂ ᠬᠤᠷᠠᠭ᠎ᠠ ᠢᠰᠢᠬᠡ ᠶᠢᠨ ᠮᠠᠶᠢᠯᠠᠭᠠᠨ ᠬᠤᠳᠠᠯᠠ ᠤᠯᠠᠠ ᠢ ᠪᠠᠶᠠᠰᠬᠠᠨ᠎ᠠ᠃
      ᠡᠸᠡᠩᠬᠢ ᠬᠤᠰᠢᠭᠤᠨ ᠤ ᠤᠯᠠᠩᠬᠢ ᠮᠠᠯᠴᠢᠳ ᠵᠤᠷᠰᠢᠯ ᠶᠤᠰᠤᠭᠠᠷ ᠨᠢᠳᠤᠨᠤᠨ ᠡᠪᠤᠯ ᠴᠦᠬᠡᠨ ᠪᠤᠰᠤ ᠮᠠᠯ ᠰᠦᠷᠦᠭ ᠢᠶᠠᠨ ᠨᠤᠳᠤᠭ ᠰᠢᠯᠵᠢᠬᠦᠯᠵᠤ ᠡᠪᠤᠯᠵᠢᠬᠦᠯᠦᠭᠰᠡᠨ ᠠᠵᠢ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠲᠤᠰ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠨ ᠴᠢᠩᠭᠠᠳᠬᠠᠬᠤ ᠶᠢᠨ ᠬᠠᠮᠳᠤ ᠮᠠᠯᠴᠢᠳ ᠤᠨ ᠮᠠᠯ ᠤᠨᠤᠭ᠎ᠠ ᠪᠠᠨ ᠨᠤᠳᠤᠭ ᠲᠠᠭᠠᠨ ᠠᠪᠴᠢᠷᠠᠨ ᠲᠦᠯ ᠲᠤᠰᠴᠦ ᠪᠤᠶᠢᠵᠢᠭᠤᠯᠬᠤ ᠠᠵᠢᠯ ᠢ ᠢᠳᠡᠪᠬᠢᠳᠡᠢ ᠠᠬᠢᠭᠤᠯᠵᠤ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠭᠠᠨ ᠵᠢᠯᠤᠭᠤᠳᠬᠤ ᠭᠠᠵᠡᠷ ᠤᠨ ᠬᠢᠨ ᠬᠦᠯᠤᠨ ᠪᠤᠶᠢᠷ ᠬᠤᠳᠠ ᠶᠢᠨ ᠶᠡᠷᠤᠩᠭᠡᠢ ᠪᠠᠶᠢᠷᠢᠯᠠᠭᠤᠯᠤᠯᠳᠡ ᠶᠢ ᠦᠡᠳᠤᠰᠤᠯᠡᠵᠤ᠂ ᠮᠠᠯ ᠰᠦᠷᠦᠭ ᠢᠶᠠᠨ ᠨᠤᠳᠤᠭ ᠲᠠᠭᠠᠨ ᠠᠪᠴᠢᠷᠠᠬᠤ ᠳᠤ ᠦᠡᠭᠭᠡᠷᠡᠬᠦ ᠭᠠᠵᠡᠷ ᠤᠷᠤᠨ ᠯᠤᠭ᠎ᠠ ᠶᠢᠨ ᠬᠠᠷᠢᠯᠴᠠᠭ᠎ᠠ ᠶᠢ ᠰᠢᠯᠤᠭᠤᠳᠬᠠᠨ ᠵᠠᠮ ᠲᠡᠭᠡᠭᠡᠪᠤᠷᠢ ᠶᠢᠨ ᠰᠠᠭᠠᠤᠨ ᠦᠭᠡᠢ ᠪᠠᠶᠢᠬᠤ ᠶᠢ ᠪᠡᠳᠤᠯᠡᠪᠡ᠃ ᠬᠤᠰᠢᠭᠤᠨ ᠤ ᠰᠢᠭᠤᠤᠨ ᠬᠠᠷᠢᠶ᠎ᠠ ᠰᠠᠯᠠᠭ᠎ᠠ ᠮᠦᠴᠢᠷ ᠤᠨ ᠬᠢᠨ ᠡᠯ᠎ᠠ ᠪᠠᠶᠢᠴᠠᠭᠠᠬᠤ ᠦᠷᠳᠡᠭᠡ ᠴᠡᠭ ᠤᠨ ᠪᠠᠶᠢᠴᠠᠭᠠᠵᠤ ᠲᠠᠮᠳᠡᠭᠯᠡᠬᠦ ᠪᠠ ᠠᠷᠢᠭᠤᠤᠡᠬᠠᠬᠤ ᠵᠡᠷᠭᠡ ᠠᠵᠢᠯ ᠢ ᠰᠠᠶᠢᠳᠤᠷ ᠬᠢᠪᠡ᠃ ᠡᠯ᠎ᠠ ᠰᠤᠮᠤ ᠪᠠᠯᠭᠠᠰᠤ ᠶᠢᠨ ᠬᠢᠨ ᠨᠤᠳᠤᠭ ᠲᠠᠭᠠᠨ ᠪᠤᠴᠬᠠᠰᠡᠨ ᠮᠠᠯᠴᠢᠤᠨ ᠲᠤ ︽ᠨᠢᠭᠡ ᠡᠷᠤᠭᠡ ᠨᠢᠭᠡ ᠠᠷᠭ᠎ᠠ︾᠎ ᠶᠢᠨ ᠲᠦᠪᠬᠢᠨᠡᠬᠦᠯᠬᠦ ᠠᠷᠭ᠎ᠠ ᠶᠢ ᠭᠡᠷᠡᠭᠵᠢᠬᠦᠯᠵᠤ᠂ ᠮᠠᠯᠴᠢᠳ ᠢ ᠰᠠᠭᠤᠷᠢᠰᠢᠯ ᠳᠤᠨᠢ 14 ᠡᠳᠤᠷ ᠲᠤᠰᠠᠭᠠᠷᠯᠠᠬᠤ ᠠᠷᠭ᠎ᠠ ᠭᠡᠮᠵᠢᠶ᠎ᠠ ᠠᠪᠴᠤ᠂ ᠵᠦᠭᠡᠭᠡᠪᠤᠷᠢ ᠶᠢᠨ ᠮᠡᠰᠢᠨ ᠲᠠᠷᠭᠡ ᠪᠤᠯᠤᠨ ᠲᠦᠷ ᠴᠠᠭ ᠤᠨ ᠲᠦᠪᠬᠢᠨᠡᠬᠦᠯᠦᠭᠰᠡᠨ ᠲᠠᠯᠠᠪᠤᠷ ᠤᠨ ᠠᠷᠢᠭᠤᠤᠡᠬᠠᠬᠤ ᠠᠵᠢᠯ ᠢ ᠰᠠᠶᠢᠳᠤᠷ ᠬᠢᠵᠤ᠂ ᠬᠠᠪᠤᠷ ᠤᠨ ᠲᠦᠯ ᠲᠤᠰᠬᠤ ᠠᠵᠢᠯ ᠤᠨ ᠤᠷᠤᠡᠡᠰᠢᠳᠡᠢ ᠶᠠᠪᠤᠡᠡᠳᠠᠬᠤ ᠶᠢ ᠪᠡᠳᠤᠯᠠᠭᠰᠠᠨ ᠪᠠᠶᠢᠨ᠎ᠠ᠃
      ᠬᠠᠭᠤᠴᠢᠨ ᠪᠠᠷᠭᠤ ᠬᠤᠰᠢᠭᠤᠨ ᠳᠤ 93 ᠲᠦᠮᠡᠨ ᠮᠠᠯ ᠤᠨᠤᠭ᠎ᠠ ᠲᠠᠢ ᠪᠠᠶᠢᠵᠤ᠂ ᠵᠢᠱᠢᠯᠳᠡ ᠪᠠᠷ ᠡᠨᠡ ᠬᠠᠪᠤᠷ 55 ᠲᠦᠮᠡᠨ ᠲᠦᠯ ᠲᠤᠰᠬᠤ ᠪᠤᠯᠤᠨ᠎ᠠ᠃ ᠲᠤᠰ ᠬᠤᠰᠢᠭᠤ ᠨᠢ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠠ ᠰᠤᠮᠤ ᠪᠠᠯᠭᠠᠰᠤ᠂ ᠭᠠᠴᠠᠭ᠎ᠠ ᠲᠤᠰᠬᠤᠨ᠂ ᠨᠠᠶᠢᠭᠡᠮ ᠲᠤᠭᠤᠷᠢᠭ ᠵᠢᠴᠢ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠵᠤᠬᠢᠶᠠᠨ ᠪᠠᠶᠢᠭᠤᠯᠵᠤ᠂ ᠪᠤᠳᠡᠰ ᠤᠨ ᠬᠠᠨᠭ᠍ᠭᠠᠯᠭ᠎ᠠ ᠶᠢ ᠪᠠᠳᠤᠯᠠᠬᠤ᠂ ᠲᠠᠵᠢᠭᠡᠯ ᠪᠤᠷᠳᠤᠭ᠎ᠠ ᠶᠢᠨ ᠨᠦᠭᠡᠴᠠ ᠶᠢ ᠨᠡᠮᠡᠭᠳᠡᠬᠦᠯᠬᠦ᠂ ᠬᠠᠰᠢᠶ᠎ᠠ ᠰᠡᠷᠡᠪᠴᠢ ᠶᠢ ᠪᠠᠬᠢᠯᠠᠨ ᠲᠤᠯᠠᠭᠠᠯᠠᠬᠤ ᠵᠡᠷᠭᠡ ᠪᠠᠷ ᠲᠠᠮᠵᠢᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠮᠠᠯ ᠠᠵᠤ ᠠᠬᠤᠢ ᠶᠢᠨ ᠦᠢᠯᠡᠤᠡᠪᠤᠷᠢᠯᠡᠯ ᠡᠵᠡᠩᠨᠡᠯᠳᠡ ᠶᠢᠨ ᠭᠡᠪ ᠤᠨ ᠪᠠᠶᠢᠳᠠᠯ ᠢ ᠪᠠᠳᠤᠯᠠᠵᠤ᠂ ᠬᠠᠪᠤᠷ ᠤᠨ ᠲᠦᠯ ᠲᠤᠰᠴᠦ ᠪᠤᠶᠢᠵᠢᠭᠤᠯᠬᠤ ᠠᠵᠢᠯ ᠤᠨ ᠰᠠᠭᠠᠳ ᠦᠬᠡᠢ ᠶᠠᠪᠤᠭᠳᠠᠬᠤ ᠶᠢ ᠪᠠᠳᠤᠯᠠᠵᠠᠢ᠃
      ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠬᠦᠯᠤᠨ ᠪᠤᠶᠢᠷ ᠬᠤᠳᠡ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠤᠪᠴᠢᠶ᠎ᠠ ᠲᠤᠰᠬᠠᠢ ᠠᠵᠢᠯ ᠤᠨ ᠤᠳᠤᠷᠢᠤᠡᠬᠤ ᠲᠤᠭᠤᠢᠢᠯᠠᠩ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠲᠦᠯ ᠲᠤᠰᠴᠤ ᠪᠤᠶᠢᠵᠢᠭᠤᠯᠬᠤ ᠠᠵᠢᠯ ᠢ ᠨᠢᠬᠡᠳᠤᠯᠳᠠᠢ ᠪᠠᠶᠢᠷᠢᠯᠠᠭᠤᠯᠤᠨ ᠴᠢᠩᠭ᠎ᠠ ᠠᠳᠬᠤᠵᠤ᠂ ᠤᠳᠤᠬᠠᠨ ᠪᠤᠯᠳᠠᠯ᠎ᠠ ᠨᠢᠬᠡᠨᠳᠡ 166 ᠲᠦᠮᠡᠨ ᠲᠤᠨ ᠲᠡᠵᠢᠭᠡᠯ ᠪᠤᠷᠳᠤᠭ᠎ᠠ ᠨᠦᠭᠡᠴᠡᠯᠡᠨ ᠲᠦᠯ ᠲᠤᠰᠴᠤ ᠪᠤᠶᠢᠵᠢᠭᠤᠯᠬᠤ ᠭᠡᠷᠡᠭᠴᠡᠭᠡ ᠶᠢ ᠦᠨᠳᠤᠰᠤᠨ ᠳᠡᠭᠡᠨ ᠪᠠᠳᠤᠯᠠᠪᠠ᠃ ᠤᠢᠢᠷ᠎ᠠ ᠶᠢᠨ ᠡᠳᠤᠷ ᠪᠡᠰᠠ ᠭᠠᠮᠰᠢᠭ ᠲᠠᠢ ᠲᠡᠮᠡᠴᠡᠬᠦ 1478 ᠲᠦᠮᠡᠨ ᠲᠦᠬᠦᠷᠢᠭ ᠤᠨ ᠲᠤᠰᠬᠠᠢ ᠪᠡᠯᠨ ᠮᠦᠡᠭᠬᠦ ᠪᠠᠭᠤᠯᠭᠠᠨ ᠡᠪᠡᠰᠤ ᠪᠤᠷᠳᠤᠭ᠎ᠠ ᠶᠢᠨ ᠵᠦᠭᠡᠭᠡᠪᠤᠷᠢᠯᠡᠯᠳᠡ ᠳᠤ ᠨᠦᠬᠦᠪᠤᠷᠢ ᠦᠭᠴᠤ᠂ ᠪᠡᠴᠢᠮ ᠭᠡᠷᠡᠭᠴᠡᠭᠡ ᠶᠢᠨ ᠱᠠᠭᠠᠷᠳᠠᠯᠭ᠎ᠠ ᠶᠢ ᠤᠯᠡᠮ ᠨᠢᠭᠡ ᠠᠯᠬᠤᠮ ᠪᠡᠳᠤᠯᠬᠠᠰᠡᠨ ᠠᠵᠢ᠃

ᠣᠷᠴᠢᠭᠤᠯᠤᠭᠴᠢ᠄
ᠨᠠᠶᠢᠷᠠᠭᠤᠯᠤᠭᠴᠢ᠄ ᠪᠣᠣ ᠮᠧᠢ ᠷᠥᠩ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号