ᠯᠢᠨ ᠱᠤᠤ ᠴᠦᠨ ᠪᠤᠭᠤᠳᠤ ᠬᠤᠳᠠ ᠳᠤ ᠦᠨᠳᠤᠰᠤᠨ ᠱᠠᠳᠤᠨ ᠤ ᠡᠮᠡᠭᠳᠠᠢ ᠺᠠᠳ᠋ᠷ ᠪᠤᠯᠤᠨ ᠰᠡᠷᠬᠡᠶᠢᠯᠡᠨ ᠡᠵᠡᠮᠳᠡᠬᠦ ᠡᠮᠤᠨ᠎ᠠ ᠹᠷᠤᠨᠲ ᠤᠨ ᠡᠮᠡᠭᠳᠠᠢ ᠡᠮᠴᠢ ᠰᠤᠪᠢᠯᠠᠭᠴᠢᠳ ᠢ ᠲᠤᠬᠤᠨᠢᠭᠤᠯᠵᠤ ᠦᠷᠬᠡᠨ ᠤᠯᠠᠨ ᠡᠮᠡᠭᠳᠠᠢ ᠺᠠᠳ᠋ᠷ ᠤᠯᠠᠨ ᠲᠦᠮᠡᠨ ᠳᠤ ᠪᠠᠶᠠᠷ ᠤᠨ ᠡᠳᠤᠷ ᠤᠨ ᠮᠡᠨᠳᠦᠴᠢᠯᠡᠯ ᠬᠦᠷᠬᠡᠵᠡᠢ
2020-03-12 09:53:30
ᠵᠣᠬᠢᠶᠠᠭᠴᠢ᠄ 
ᠵᠢᠢ ᠴᠢᠩ ᠯᠢᠩ
ᠣᠩᠰᠢᠭᠰᠠᠨ ᠣᠳᠠᠭ᠎ᠠ᠄ 
★★★☆☆



    ︽3 · 8︾᠎ ᠤ ᠲᠡᠯᠡᠬᠡᠢ ᠶᠢᠨ ᠡᠮᠡᠭᠳᠠᠶᠢᠴᠤᠳ ᠤᠨ ᠪᠠᠶᠠᠷ ᠤᠨ ᠡᠳᠦᠷ ᠠᠴᠠ ᠡᠮᠤᠨᠡᠬᠡᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠪᠤᠭᠤᠳᠤ ᠬᠤᠳᠠ ᠳᠤ ᠦᠨᠳᠤᠰᠤᠨ ᠱᠠᠳᠤᠨ ᠤ ᠡᠮᠡᠭᠳᠠᠢ ᠺᠠᠳ᠋ᠷ ᠪᠤᠯᠤᠨ ᠨᠡᠶᠢᠬᠡᠮ ᠲᠤᠭᠤᠷᠢᠬ ᠤᠨ ᠰᠠᠶᠢᠨ ᠲᠤᠷᠠᠴᠤᠳ ᠢ ᠡᠷᠬᠢᠨ ᠦᠵᠡᠵᠤ᠂ ᠦᠷᠬᠡᠨ ᠤᠯᠠᠨ ᠡᠮᠡᠭᠳᠠᠢ ᠺᠠᠳ᠋ᠷ ᠤᠯᠠᠨ ᠲᠦᠮᠡᠨ ᠳᠤ ᠪᠠᠶᠠᠷ ᠤᠨ ᠡᠳᠤᠷ ᠤᠨ ᠮᠡᠨᠳᠤᠴᠢᠯᠠᠯ ᠬᠦᠷᠬᠡᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠢᠳᠡᠪᠬᠢᠳᠠᠢ ᠤᠷᠤᠯᠴᠠᠵᠤ ᠪᠠᠶᠢᠬᠤ ᠪᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠤᠨ᠎ᠠ ᠹᠷᠤᠨᠲ ᠲᠤ ᠲᠡᠮᠡᠴᠡᠵᠤ ᠪᠠᠶᠢᠭ᠎ᠠ ᠡᠮᠡᠭᠳᠠᠢ ᠡᠮᠴᠢ ᠰᠤᠪᠢᠯᠠᠬᠴᠢ ᠵᠢᠴᠢ ᠬᠡᠷ ᠪᠦᠯᠢ ᠶᠢᠨ ᠬᠢᠨ ᠳᠤ ᠡᠷᠬᠢᠮ ᠲᠡᠭᠡᠳᠤ ᠬᠦᠨᠳᠤᠳᠬᠡᠯ ᠢᠶᠠᠨ ᠲᠡᠪᠰᠢᠬᠦᠯᠵᠠᠢ᠃
    ᠬᠦᠨᠳᠠᠯᠠᠨ ᠲᠤᠭᠤᠷᠢᠬ ᠤᠨ ᠨᠦᠬᠦᠷᠯᠠᠯ ᠠᠷᠪᠠ ᠶᠢᠰᠤᠳᠤᠭᠡᠷ ᠤᠨ ᠲᠦᠷᠪᠡᠳᠤᠭᠡᠷ ᠨᠡᠶᠢᠬᠡᠮ ᠲᠤᠭᠤᠷᠢᠬ ᠪᠤᠯ ᠪᠤᠭᠤᠳᠤ ᠶᠢᠨ ᠪᠤᠯᠤᠳ ᠲᠡᠮᠤᠷ ᠤᠨ ᠺᠤᠮᠫᠠᠨᠢ ᠶᠢᠨ ᠠᠵᠢᠯᠳᠠᠨ ᠤ ᠲᠦᠪᠯᠡᠷᠡᠨ ᠰᠠᠭᠤᠭ᠎ᠠ ᠲᠤᠭᠤᠷᠢᠬ ᠪᠤᠯᠤᠨ᠎ᠠ᠂ ᠬᠢᠵᠢᠭ ᠲᠠᠢ ᠲᠡᠮᠡᠴᠡᠬᠦ ᠠᠵᠢᠯ ᠳᠤᠮᠳᠠ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠡᠭᠳᠠᠶᠢᠴᠤᠳ ᠤᠨ ᠭᠠᠪᠰᠢᠭᠠᠢ ᠠᠩᠬᠢ ᠪᠠᠶᠢᠭᠤᠯᠵᠤ᠂ ᠤᠬᠠᠭᠤᠯᠬᠤ᠂ ᠵᠢᠬᠰᠠᠭᠠᠨ ᠪᠠᠶᠢᠴᠠᠭᠠᠬᠤ᠂ ᠠᠷᠤ ᠲᠠᠯ᠎ᠠ ᠶᠢᠨ ᠠᠵᠢᠯ ᠤᠨ ᠪᠠᠳᠤᠯᠠᠭ᠎ᠠ ᠬᠠᠩᠭᠠᠬᠤ ᠵᠡᠷᠬᠡ ᠠᠵᠢᠯ ᠳᠤ ᠢᠳᠡᠪᠬᠢᠳᠠᠢ ᠤᠷᠤᠯᠴᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠴᠢᠬᠤᠯᠠ ᠤᠢᠢᠯᠡᠳᠤᠯ ᠦᠵᠡᠬᠦᠯᠵᠡᠢ᠃ ᠯᠢᠨ ᠱᠤᠤ ᠴᠦᠨ ᠠᠳᠡ ᠢᠷᠡᠵᠤ᠂ ᠠᠵᠢᠯ ᠤᠨ ᠪᠠᠶᠢᠳᠠᠯ ᠢ ᠨᠠᠷᠢᠨ ᠤᠢᠢᠯᠠᠭᠠᠵᠤ᠂ ᠦᠨᠳᠤᠰᠤᠨ ᠱᠠᠳᠤᠨ ᠤ ᠡᠮᠡᠭᠳᠠᠢ ᠺᠠᠳ᠋ᠷ ᠪᠤᠯᠤᠨ ᠨᠡᠶᠢᠬᠡᠮ ᠲᠤᠭᠤᠷᠢᠬ ᠤᠨ ᠰᠠᠶᠢᠨ ᠲᠤᠷᠠᠴᠤᠳ ᠢ ᠡᠷᠬᠢᠨ ᠦᠵᠡᠪᠠ᠃ ᠲᠡᠷᠡ᠂ ᠨᠡᠶᠢᠬᠡᠮ ᠲᠤᠭᠤᠷᠢᠬ ᠤᠨ ᠡᠮᠡᠭᠳᠠᠢ ᠨᠦᠬᠦᠳ᠂ ᠠᠬᠠᠮᠠᠳ ᠨᠠᠮ ᠤᠨ ᠬᠡᠰᠢᠬᠦᠳ ᠭᠡᠷ ᠪᠦᠯᠢ ᠳᠤ ᠰᠠᠭᠤᠷᠢᠯᠠᠵᠤ᠂ ᠨᠡᠶᠢᠬᠡᠮ ᠲᠤᠭᠤᠷᠢᠬ ᠢ ᠰᠠᠬᠢᠨ ᠬᠠᠮᠠᠭᠠᠯᠠᠵᠤ᠂ ᠬᠤᠯᠪᠤᠭᠠᠯᠠᠨ ᠰᠡᠷᠬᠡᠶᠢᠯᠡᠵᠤ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠬᠡᠶᠢᠯᠡᠵᠤ ᠤᠯᠠᠨ ᠢᠶᠠᠷ ᠢᠶᠠᠨ ᠵᠠᠰᠠᠬᠤ ᠳᠤ ᠢᠳᠡᠪᠬᠢᠳᠠᠢ ᠤᠷᠤᠯᠴᠠᠵᠤ᠂ ᠨᠡᠶᠢᠬᠡᠮ ᠲᠤᠭᠤᠷᠢᠬ ᠤᠨ ᠰᠡᠷᠬᠡᠶᠢᠯᠡᠯᠳᠠ ᠶᠢᠨ ᠱᠤᠭᠤᠮ ᠢ ᠨᠢᠬᠳᠠᠷᠠᠭᠤᠯᠤᠨ ᠪᠠᠬᠢᠵᠢᠬᠦᠯᠬᠦ ᠳᠤ ᠴᠢᠬᠤᠯᠠ ᠬᠤᠪᠢ ᠨᠡᠮᠡᠷᠢ ᠦᠵᠡᠬᠦᠯᠵᠡᠢ᠃ ᠡᠮᠡᠭᠳᠠᠶᠢᠴᠤᠳ ᠤᠨ ᠬᠤᠯᠪᠤᠭ᠎ᠠ ᠶᠢᠨ ᠵᠤᠬᠢᠶᠠᠨ ᠪᠠᠶᠢᠭᠤᠯᠤᠯᠳᠠ ᠶᠢᠨ ᠬᠢᠨ ᠲᠠᠪᠠᠭᠤᠯᠢᠬ ᠢᠶᠠᠨ ᠦᠷᠬᠦᠯᠵᠢᠯᠠᠨ ᠪᠠᠳᠠᠷᠠᠭᠤᠯᠵᠤ᠂ ᠦᠷᠬᠡᠨ ᠤᠯᠠᠨ ᠡᠮᠡᠭᠳᠠᠶᠢᠴᠤᠳ ᠢ ᠵᠤᠬᠢᠶᠠᠨ ᠪᠠᠶᠢᠭᠤᠯᠵᠤ ᠲᠡᠳᠡᠨ ᠢ ᠲᠠᠶᠢᠴᠢᠯᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠨᠡ ᠬᠦ ᠠᠷᠠᠳ ᠤᠨ ᠲᠠᠶᠢᠨ᠂ ᠶᠠᠷᠤᠩᠬᠡᠢ ᠲᠠᠶᠢᠯᠠᠯᠳᠤᠭᠠᠨ᠂ ᠬᠤᠷᠢᠬᠯᠠᠯᠳᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠲᠦᠷᠦ ᠶᠢᠨ ᠬᠠᠭᠠᠰ ᠲᠤᠯᠭᠠᠭᠤᠷᠢ ᠶᠢᠨ ᠬᠦᠴᠤᠨ ᠴᠢᠳᠠᠯ ᠢᠶᠠᠨ ᠡᠷᠬᠦᠵᠠᠢ᠂ ᠲᠡᠳᠡᠨ ᠤ ᠬᠦᠴᠢᠷᠳᠠᠯ ᠢ ᠰᠢᠢᠳᠪᠤᠷᠢᠯᠡᠨ ᠦᠭᠴᠤ᠂ ᠬᠠᠶᠢᠷ᠎ᠠ ᠬᠠᠯᠠᠮᠵᠢ ᠬᠦᠷᠬᠡᠬᠦ ᠭᠡᠷᠡᠭᠳᠠᠢ ᠬᠡᠵᠤ ᠢᠯᠡᠷᠭᠡᠶᠢᠯᠡᠪᠡ᠃
    ᠡᠨᠡ ᠤᠳᠠᠭ᠎ᠠ ᠶᠢᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠬᠦ ᠳᠤ ᠮᠠᠨ ᠤ ᠤᠷᠤᠨ ᠤ ᠬᠢᠨ ᠬᠤᠪᠸᠢ ᠶᠢ ᠲᠤᠰᠠᠯᠠᠵᠤ ᠡᠪᠡᠳᠴᠢᠳᠠᠨ ᠢ ᠡᠮᠨᠡᠨ ᠵᠠᠰᠠᠬᠤ ᠠᠵᠢᠯ ᠦᠷᠨᠢᠬᠦᠯᠬᠦ ᠪᠠᠷ ᠤᠷᠢᠳ ᠬᠤᠵᠢᠳ 839 ᠡᠮᠴᠢᠯᠡᠬᠡᠨ ᠤ ᠠᠵᠢᠯᠳᠠᠨ ᠢ ᠲᠤᠮᠢᠯᠠᠵᠠᠢ᠂ ᠡᠬᠦᠨ ᠳᠤ 598 ᠡᠮᠡᠭᠳᠠᠢ ᠠᠵᠢᠯᠳᠠᠨ ᠪᠠᠭᠳᠠᠵᠤ᠂ ᠪᠦᠬᠦ ᠲᠤᠭᠠᠨ ᠤ 71.3%᠎ ᠶᠢ ᠡᠵᠡᠯᠠᠪᠡ᠂ ᠡᠬᠦᠨ ᠤ ᠳᠤᠳᠤᠷ᠎ᠠ ᠪᠤᠭᠤᠳᠤ ᠶᠢᠨ ᠮᠤᠩᠭᠤᠯ ᠡᠮᠨᠡᠯᠬᠡ ᠶᠢᠨ ᠬᠤᠷᠢᠶᠠᠨ ᠤ 15 ᠡᠮᠴᠢ ᠰᠤᠪᠢᠯᠠᠬᠴᠢ ᠪᠤᠢ᠃ ᠯᠢᠨ ᠱᠤᠤ ᠴᠦᠨ ᠡᠮᠨᠡᠯᠬᠡ ᠶᠢᠨ ᠬᠤᠷᠢᠶᠠᠨ ᠳᠤ ᠢᠷᠡᠵᠤ᠂ ᠬᠢᠳᠡᠳ ᠡᠸᠦ᠋ᠷᠤᠫᠠ ᠮᠤᠩᠭᠤᠯ ᠡᠮ ᠡᠮᠨᠡᠯᠬᠡ᠂ ᠮᠤᠩᠭᠤᠯ ᠡᠸᠦ᠋ᠷᠤᠫᠠ ᠡᠮ ᠡᠮᠨᠡᠯᠬᠡ ᠶᠢ ᠤᠶᠠᠯᠳᠤᠭᠤᠯᠤᠨ ᠡᠮᠴᠢᠯᠡᠭᠡ ᠬᠢᠵᠤ ᠪᠠᠶᠢᠭ᠎ᠠ ᠪᠠᠶᠢᠳᠠᠯ ᠢ ᠨᠠᠷᠢᠨ ᠤᠢᠢᠯᠠᠭᠠᠵᠤ᠂ ᠸᠢᠳᠢᠣ᠋ ᠪᠠᠷ ᠳᠠᠮᠵᠢᠭᠤᠯᠤᠨ ᠬᠤᠪᠸᠢ ᠶᠢ ᠲᠤᠰᠠᠯᠠᠵᠤ ᠪᠠᠶᠢᠭ᠎ᠠ ᠨᠦᠬᠦᠳ ᠲᠠᠢ ᠲᠤᠳᠤᠨᠤ ᠪᠠᠷ ᠶᠠᠷᠢᠯᠴᠠᠵᠤ᠂ ᠠᠵᠢᠯ ᠠᠮᠢᠳᠤᠷᠠᠯ ᠤᠨ ᠪᠠᠶᠢᠳᠠᠯ ᠢ ᠨᠢ ᠨᠠᠷᠢᠨ ᠤᠢᠢᠯᠠᠭᠠᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠬᠠᠯᠠᠮᠵᠢᠯᠠᠯ ᠪᠤᠯᠤᠨ ᠲᠤᠬᠤᠨᠢᠭᠤᠯᠤᠯ ᠢ ᠲᠠᠮᠵᠢᠭᠤᠯᠵᠤ᠂ ᠤᠯᠠᠨ ᠢᠶᠠᠷ ᠢᠶᠠᠨ ᠠᠶᠤᠯ ᠲᠦᠭᠰᠢᠬᠦᠷᠢ ᠠᠴᠠ ᠠᠶᠤᠬᠤ ᠦᠬᠡᠢ ᠡᠷᠡᠮᠡᠭᠡᠶᠢᠯᠡᠨ ᠭᠠᠪᠰᠢᠭᠠᠢᠢᠯᠠᠵᠤ᠂ ᠡᠬᠦᠷᠬᠡ ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ ᠪᠠᠶᠢᠬᠤ ᠡᠷᠬᠢᠮ ᠲᠡᠭᠡᠳᠤ ᠵᠤᠷᠢᠬ ᠰᠠᠨᠠᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠵᠦ᠂ ᠡᠪᠡᠳᠴᠢᠳᠠᠨ ᠢ ᠢᠳᠡᠪᠬᠢᠳᠠᠢ ᠡᠮᠨᠡᠨ ᠵᠠᠰᠠᠬᠤ ᠶᠢᠨ ᠬᠠᠮᠳᠤ᠂ ᠦᠪᠡᠷ ᠤᠨ ᠪᠠᠶ᠎ᠠ ᠪᠠᠨ ᠰᠠᠶᠢᠳᠤᠷ ᠬᠠᠮᠠᠭᠠᠯᠠᠵᠤ᠂ ᠡᠬᠡᠯᠵᠢᠯᠠᠨ ᠠᠮᠠᠷᠠᠵᠤ᠂ ᠡᠷᠳᠡᠬᠡᠨ ᠠᠮᠤᠷ ᠲᠦᠪᠰᠢᠨ ᠠᠮᠵᠢᠯᠳᠠᠳᠠᠢ ᠪᠤᠴᠠᠵᠤ ᠢᠷᠡᠬᠦ ᠶᠢ ᠬᠦᠰᠡᠪᠡ᠃ ᠲᠡᠷᠡ᠂ ᠪᠦᠬᠦ ᠤᠷᠤᠨ ᠤ ᠦᠷᠬᠡᠨ ᠤᠯᠠᠨ ᠡᠮ ᠡᠮᠨᠡᠯᠭᠡ ᠶᠢᠨ ᠠᠵᠢᠯᠳᠠᠨ ᠤ 70% ᠭᠠᠷᠤᠢ ᠨᠢ ᠡᠮᠡᠭᠳᠠᠢ ᠨᠦᠬᠦᠳ ᠪᠤᠯᠤᠨ᠎ᠠ᠂ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ᠂ ᠲᠡᠳᠡ ᠬᠢᠵᠢᠭ ᠲᠠᠢ ᠲᠡᠮᠡᠴᠡᠬᠦ ᠠᠵᠢᠯ ᠳᠤ ᠢᠳᠡᠪᠬᠢᠳᠠᠢ ᠤᠷᠤᠯᠴᠠᠵᠤ᠂ ᠠᠷᠠᠳ ᠤᠯᠠᠨ ᠤ ᠠᠮᠢ ᠨᠠᠰᠤ ᠡᠷᠡᠬᠦᠯ ᠮᠠᠨᠳᠤ ᠶᠢ ᠬᠠᠮᠠᠭᠠᠯᠠᠬᠤ ᠶᠢᠨ ᠲᠦᠯᠤᠬᠡ ᠴᠢᠬᠤᠯᠠ ᠬᠤᠪᠢ ᠨᠡᠮᠡᠷᠢ ᠦᠵᠡᠬᠦᠯᠪᠠ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠲᠡᠳᠡᠨ ᠢ ᠬᠠᠯᠠᠮᠵᠢᠯᠠᠨ ᠬᠠᠶᠢᠷᠠᠯᠠᠵᠤ᠂ ᠭᠡᠷ ᠪᠦᠯᠢ ᠶᠢᠨ ᠠᠮᠢᠳᠤᠷᠠᠯ ᠵᠡᠷᠬᠡ ᠲᠠᠯ᠎ᠠ ᠪᠠᠷ ᠬᠢ ᠪᠤᠳᠠᠳᠠᠢ ᠬᠦᠴᠢᠷᠳᠠᠯ ᠢ ᠨᠢ ᠵᠤᠬᠢᠴᠠᠭᠤᠯᠤᠨ ᠰᠢᠢᠳᠪᠤᠷᠢᠯᠠᠵᠤ᠂ ᠪᠦᠷᠢᠨ ᠬᠦᠢᠴᠡᠳ ᠨᠠᠷᠢᠨ ᠨᠢᠬᠳᠠ ᠬᠠᠪᠰᠤᠷᠤᠯᠭ᠎ᠠ ᠲᠡᠮᠵᠢᠯᠬᠡ ᠬᠠᠩᠭᠠᠬᠤ ᠭᠡᠷᠡᠭᠳᠠᠢ ᠬᠡᠵᠤ ᠢᠯᠡᠷᠭᠡᠶᠢᠯᠡᠪᠡ᠃

ᠣᠷᠴᠢᠭᠤᠯᠤᠭᠴᠢ᠄
ᠨᠠᠶᠢᠷᠠᠭᠤᠯᠤᠭᠴᠢ᠄ ᠰᠠᠴᠣᠷᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号