ᠪᠦᠬᠦ ᠤᠷᠤᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠤᠨᠳᠠᠷᠠᠭᠠᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠵᠠᠢ
2020-03-12 09:53:49
ᠵᠣᠬᠢᠶᠠᠭᠴᠢ᠄ 
ᠮᠤᠤ ᠺᠠᠢ ᠶᠠᠨ
ᠣᠩᠰᠢᠭᠰᠠᠨ ᠣᠳᠠᠭ᠎ᠠ᠄ 
★★★☆☆

                              ᠮᠠ ᠰᠢᠤᠸᠠᠢ ᠵᠢᠶᠦ᠋ᠨ ᠯᠢ ᠪᠢᠩ ᠷᠦᠩ ᠤᠷᠤᠯᠴᠠᠵᠠᠢ

   
    3 ᠰᠠᠷ᠎ᠠ ᠶᠢᠨ 10᠎ ᠤ ᠡᠳᠦᠷ᠂ ᠪᠦᠬᠦ ᠤᠷᠤᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠤᠨᠳᠠᠷᠠᠭᠠᠬᠤ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠪᠦᠬᠦ ᠤᠯᠤᠰ ᠤᠨ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠤᠨᠳᠠᠷᠠᠭᠠᠬᠤ ᠠᠵᠢᠯ ᠤᠨ ᠲᠧᠯᠸᠢᠰ ᠤᠳᠠᠰᠤ ᠬᠤᠷᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠤᠷᠤᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠤᠨᠳᠠᠷᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
    ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠤᠨᠳᠠᠷᠠᠭᠠᠬᠤ ᠵᠢᠯᠤᠭᠤᠳᠬᠤ ᠭᠠᠵᠠᠷ ᠤᠨ ᠶᠡᠷᠦᠩᠭᠡᠢ ᠵᠢᠯᠤᠭᠤᠳᠤᠬᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠤᠨᠳᠠᠷᠠᠭᠠᠬᠤ ᠵᠢᠯᠤᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠭᠡᠢ ᠵᠢᠯᠤᠭᠤᠳᠤᠬᠴᠢ ᠯᠢ ᠪᠢᠩ ᠷᠦᠩ ᠠᠵᠢᠯ ᠢ ᠲᠤᠬᠢᠷᠠᠭᠤᠯᠵᠠᠢ᠃
    ᠬᠤᠷᠠᠯ ᠠᠴᠠ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠳᠡᠭᠡᠭᠰᠢᠯᠡᠬᠦᠯᠦᠨ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠦ᠂ ︽ᠲᠦᠷᠪᠡᠨ ᠢᠳᠡᠭᠡᠯ︾᠎ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠵᠦ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠳᠠᠷᠠᠭᠠᠬᠤ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠡᠭᠡ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠳᠤ ᠴᠤᠬᠴᠠᠯᠠᠬᠤ ᠭᠡᠷᠡᠭᠲᠡᠢ᠃ ᠲᠦᠢᠮᠡᠷ ᠢ ᠰᠡᠷᠭᠡᠶᠢᠯᠡᠨ ᠤᠨᠳᠠᠷᠠᠭᠠᠬᠤ ᠠᠵᠢᠯ ᠤᠨ ᠲᠦᠢᠯ ᠤᠨ ᠴᠢᠬᠤᠯᠠ ᠴᠢᠨᠠᠷ ᠢ ᠬᠦᠨᠵᠡᠭᠡᠢ ᠲᠠᠨᠢᠵᠦ᠂ ᠠᠶᠦᠯ ᠲᠦᠭᠰᠢᠬᠦᠷᠢ ᠶᠢᠨ ᠤᠬᠠᠮᠰᠠᠷ ᠢ ᠪᠠᠳᠤ ᠪᠤᠢ ᠪᠤᠯᠭᠠᠵᠦ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠬᠢᠨᠡᠨ ᠭᠡᠮᠵᠢᠵᠦ ᠤᠷᠢᠳᠴᠢᠯᠡᠨ ᠰᠡᠷᠭᠡᠶᠢᠯᠡᠬᠦ᠂ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ᠂ ᠡᠳ᠋ ᠪᠤᠳᠠᠰ ᠢ ᠨᠦᠭᠡᠴᠡᠯᠡᠬᠦ ᠵᠡᠷᠭᠡ ᠠᠷᠭ᠎ᠠ ᠭᠡᠮᠵᠢᠶ᠎ᠠ ᠶᠢ ᠪᠤᠳᠠᠳᠠᠢ ᠠᠳᠬᠤᠵᠦ ᠨᠠᠷᠢᠯᠢᠭ ᠠᠳᠬᠤᠵᠦ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠠᠵᠢᠯ ᠢ ᠨᠢᠭᠡᠳᠦᠯᠳᠠᠢ ᠲᠦᠯᠦᠪᠵᠢᠬᠦᠯᠦᠨ ᠰᠠᠶᠢᠳᠤᠷ ᠬᠢᠵᠦ᠂ ᠭᠡᠮ ᠰᠤᠭᠤᠭ ᠢ ᠵᠢᠬᠰᠠᠭᠠᠨ ᠪᠠᠶᠢᠴᠠᠭᠠᠵᠦ᠂ ᠠᠯᠳᠠᠰᠢ ᠲᠤᠳᠠᠭᠤᠳᠠᠯ ᠢ ᠨᠦᠬᠦᠵᠦ᠂ ᠡᠯ᠎ᠠ ᠲᠦᠷᠦᠯ ᠤᠨ ᠭᠠᠮᠰᠢᠬ ᠬᠦᠨᠦᠭᠡᠯ ᠵᠡᠷᠭᠡᠪᠡᠷ ᠡᠬᠦᠰᠬᠦ ᠶᠢ ᠬᠤᠷᠢᠬᠯᠠᠬᠤ ᠭᠡᠷᠡᠭᠲᠡᠢ᠃ ᠬᠠᠷᠢᠭᠤᠴᠠᠯᠭ᠎ᠠ ᠪᠠᠨ ᠳᠤᠳᠤᠷᠬᠠᠢᠢᠯᠠᠨ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠬᠦᠷᠭᠡᠯᠡᠨ ᠬᠠᠷᠢᠭᠤᠴᠠᠯᠭ᠎ᠠ ᠪᠠᠨ ᠬᠦᠢᠴᠡᠳᠭᠡᠵᠦ᠂ ᠬᠠᠷᠢᠶ᠎ᠠ ᠤᠷᠤᠨ ᠤ ᠬᠠᠮᠢᠶᠠᠷᠤᠯᠳᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠠᠮᠢᠶᠠᠷᠤᠯᠳᠠ ᠶᠢᠨ ᠬᠠᠷᠢᠭᠤᠴᠠᠯᠭ᠎ᠠ᠂ ᠡᠵᠡᠩᠨᠡᠬᠦ ᠨᠢᠭᠡᠴᠢ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠳᠡᠭᠡᠳᠦ ᠳᠤᠤᠷᠠᠳᠦ ᠱᠠᠳᠤ ᠪᠠᠷ ᠢᠶᠠᠨ ᠨᠡᠪᠳᠡᠷᠡᠯᠴᠡᠭᠰᠡᠨ ᠦᠨᠳᠦᠷ ᠦᠷ᠎ᠠ ᠪᠦᠳᠦᠮᠵᠢᠳᠠᠢ᠂ ᠠᠵᠢᠯ ᠲᠦᠷᠦᠯ ᠢᠶᠠᠷ ᠢᠶᠠᠨ ᠵᠤᠯᠭᠠᠯᠴᠠᠭᠰᠠᠨ ᠡᠮᠬᠢ ᠴᠡᠭᠴᠡ ᠲᠠᠢ ᠲᠦᠢᠮᠡᠷ ᠰᠡᠷᠭᠡᠶᠢᠯᠡᠨ ᠤᠨᠳᠠᠷᠠᠭᠠᠬᠤ ᠠᠵᠢᠯ ᠤᠨ ᠪᠠᠶᠢᠷᠢᠰᠢᠯ ᠢ ᠪᠦᠷᠢᠯᠳᠦᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃
    ᠬᠤᠷᠠᠯ ᠠᠴᠠ ᠪᠦᠬᠦ ᠤᠷᠤᠨ ᠤ ᠠᠶᠦᠯᠬᠦᠢ ᠦᠢᠯᠡᠳᠪᠤᠷᠢᠯᠡᠯ ᠤᠨ ᠠᠵᠢᠯ ᠢ ᠴᠢᠨᠠᠬᠰᠢᠳᠠ ᠴᠢᠩᠭᠠᠳᠬᠠᠬᠤ ᠲᠤᠬᠠᠢ ᠪᠤᠳᠠᠳᠠᠢ ᠱᠠᠭᠠᠷᠳᠠᠯᠭ᠎ᠠ ᠳᠤᠷᠠᠳᠪᠠ᠃ ᠬᠤᠷᠠᠯ ᠠᠴᠠ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠭᠡᠢ ᠱᠦᠵᠢ ᠰᠢ ᠶᠢᠨ ᠫᠢᠩ ᠤᠨ ᠠᠶᠦᠯᠬᠦᠢ ᠦᠢᠯᠡᠳᠪᠤᠷᠢᠯᠡᠯ ᠤᠨ ᠠᠵᠢᠯ ᠤᠨ ᠲᠤᠬᠠᠢ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠦᠯᠬᠦᠢ ᠦᠢᠯᠡᠳᠪᠤᠷᠢᠯᠡᠯ ᠤᠨ ᠵᠦᠪᠯᠡᠯ ᠤᠨ ᠬᠤᠷᠠᠯ ᠤᠨ ᠪᠠᠶᠢᠷᠢᠯᠠᠭᠤᠯᠤᠯᠳᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠱᠠᠭᠠᠷᠳᠠᠯᠭ᠎ᠠ ᠶᠤᠰᠤᠭᠠᠷ᠂ ᠹᠦᠵᠢᠶᠡᠨ ᠤ ᠴᠢᠤᠸᠠᠨᠵᠸᠦ ᠶᠢᠨ ︽3 · 7︾᠎ ᠤ ᠠᠰᠠᠷ ᠨᠤᠷᠠᠭᠰᠠᠨ ᠠᠳᠡᠯ ᠠᠴᠠ ᠬᠦᠨᠵᠡᠭᠡᠢ ᠰᠤᠷᠭᠠᠮᠵᠢ ᠠᠪᠴᠦ᠂ ᠲᠦᠪᠯᠡᠷᠡᠬᠦᠯᠦᠨ ᠲᠤᠰᠠᠭᠠᠷᠯᠠᠵᠦ ᠠᠵᠢᠬᠯᠠᠯᠳᠠ ᠬᠢᠬᠦ ᠲᠠᠯᠠᠪᠤᠷ ᠲᠠᠯᠠᠪᠠᠢ᠂ ᠡᠮᠨᠡᠯᠭᠡ ᠶᠢᠨ ᠬᠤᠷᠢᠶ᠎ᠠ ᠵᠢᠴᠢ ᠪᠤᠰᠤᠳ ᠬᠦᠮᠦᠨ ᠬᠠᠷ᠎ᠠ ᠲᠦᠪᠯᠡᠷᠡᠭᠰᠡᠨ ᠲᠠᠯᠠᠪᠤᠷ ᠲᠠᠯᠠᠪᠠᠢ ᠶᠢᠨ ᠠᠮᠤᠷ ᠲᠦᠪᠰᠢᠨ ᠤ ᠲᠤᠬᠠᠢ ᠴᠠᠭ ᠢ ᠠᠮᠵᠢᠨ ᠵᠢᠬᠰᠠᠭᠠᠨ ᠪᠠᠶᠢᠴᠠᠭᠠᠵᠦ᠂ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ ᠠᠮᠤᠷ ᠲᠦᠪᠰᠢᠨ ᠢ ᠪᠠᠳᠤᠯᠠᠬᠤ ᠡᠯ᠎ᠡ ᠵᠦᠢᠯ ᠤᠨ ᠠᠷᠭ᠎ᠠ ᠭᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠤᠰᠬᠠᠢ ᠴᠡᠭᠴᠡᠯᠡᠨ ᠵᠠᠰᠠᠯᠳᠠ ᠶᠢ ᠦᠷᠬᠦᠯᠵᠢᠯᠡᠨ ᠦᠷᠨᠢᠬᠦᠯᠵᠦ᠂ ᠤᠨᠴᠠ ᠶᠡᠭᠡ ᠠᠳᠡᠯ ᠡᠬᠦᠰᠬᠦ ᠶᠢ ᠡᠷᠡᠰ ᠬᠤᠷᠢᠬᠯᠠᠬᠤ ᠭᠡᠷᠡᠭᠲᠡᠢ ᠭᠡᠵᠦ ᠴᠢᠬᠤᠯᠠᠴᠢᠯᠠᠵᠠᠢ᠃

ᠣᠷᠴᠢᠭᠤᠯᠤᠭᠴᠢ᠄
ᠨᠠᠶᠢᠷᠠᠭᠤᠯᠤᠭᠴᠢ᠄ ᠰᠠᠴᠣᠷᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号