ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠢᠭᠯᠡᠬᠦᠯᠵᠦ ᠬᠠᠮᠢᠶ᠎ᠠ ᠪᠦᠬᠦᠢ ᠤᠷᠤᠨ ᠨᠤᠳᠤᠭ ᠤᠨ ᠴᠢᠨᠠᠷᠳᠠᠢ ᠬᠠᠤᠯᠢ ᠲᠤᠬᠳᠠᠭᠠᠯ ᠢ ᠴᠡᠭᠴᠡᠯᠡᠵᠦ ᠵᠠᠰᠠᠪᠤᠷᠢ ᠤᠷᠤᠭᠤᠯᠬᠤ ᠪᠠᠶᠢᠷᠢᠯᠠᠭᠤᠯᠤᠯᠳᠠ ᠶᠢᠨ ᠬᠤᠷᠠᠯ ᠬᠢᠵᠡᠢ
2020-03-12 10:04:02
ᠵᠣᠬᠢᠶᠠᠭᠴᠢ᠄ 
ᠵᠠᠩ ᠺᠦᠢ
ᠣᠩᠰᠢᠭᠰᠠᠨ ᠣᠳᠠᠭ᠎ᠠ᠄ 
★★★☆☆

                     ᠯᠢᠶᠠᠨ ᠰᠤ᠋ ᠬᠤᠷᠠᠯ ᠳᠤ ᠤᠷᠤᠯᠴᠠᠵᠤ ᠶᠠᠷᠢᠶ᠎ᠡ ᠲᠠᠯᠪᠢᠵᠠᠢ

    3 ᠰᠠᠷ᠎ᠡ ᠶᠢᠨ 9᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠢᠭᠯᠡᠬᠦᠯᠵᠦ ᠬᠠᠮᠢᠶ᠎ᠠ ᠪᠦᠬᠦᠢ ᠤᠷᠤᠨ ᠨᠤᠳᠤᠭ ᠤᠨ ᠴᠢᠨᠠᠷᠳᠠᠢ ᠬᠠᠤᠯᠢ ᠲᠤᠬᠳᠠᠭᠠᠯ ᠢ ᠴᠡᠭᠴᠡᠯᠡᠨ ᠵᠠᠰᠠᠪᠤᠷᠢ ᠤᠷᠤᠭᠤᠯᠬᠤ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠤᠳᠤ ᠶᠢᠨ ᠭᠡᠷᠡᠭᠵᠢᠬᠦᠯᠵᠤ ᠪᠠᠶᠢᠭ᠎ᠠ ᠭᠡᠭᠡᠷ᠎ᠡ ᠶᠢᠨ ᠠᠮᠢᠳᠠᠨ ᠢ ᠬᠠᠮᠠᠭᠠᠯᠠᠬᠤ᠂ ᠠᠮᠢᠳᠠᠨ ᠤ ᠬᠢᠵᠢᠭ ᠢ ᠰᠡᠷᠭᠡᠶᠢᠯᠡᠬᠦ ᠪᠤᠯᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠡᠰᠠᠬᠤ ᠵᠡᠷᠭᠡ ᠲᠠᠯ᠎ᠡ ᠳᠤ ᠬᠤᠯᠪᠤᠬᠳᠠᠬᠤ ᠤᠷᠤᠨ ᠨᠤᠳᠤᠭ ᠤᠨ ᠴᠢᠨᠠᠷᠳᠠᠢ ᠬᠠᠤᠯᠢ ᠲᠤᠬᠳᠠᠭᠠᠯ ᠢ ᠴᠡᠭᠴᠡᠯᠡᠨ ᠵᠠᠰᠠᠪᠤᠷᠢ ᠤᠷᠤᠭᠤᠯᠬᠤ ᠠᠵᠢᠯ ᠢ ᠰᠤᠳᠤᠯᠤᠨ ᠲᠤᠬᠢᠷᠠᠭᠤᠯᠵᠤ ᠪᠠᠶᠢᠷᠢᠯᠠᠭᠤᠯᠪᠠ᠃
    ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠯᠢᠶᠠᠨ ᠰᠤ᠋ ᠬᠤᠷᠠᠯ ᠳᠤ ᠤᠷᠤᠯᠴᠠᠬᠰᠡᠨ ᠪᠦᠭᠡᠳ ᠶᠠᠷᠢᠶ᠎ᠡ ᠲᠠᠯᠪᠢᠵᠠᠢ᠃
    ᠬᠤᠷᠠᠯ ᠠᠴᠠ᠂ ᠶᠡᠷᠤᠩᠭᠡᠢ ᠱᠦᠵᠢ ᠰᠢ ᠶᠢᠨ ᠫᠢᠩ ᠤᠨ ᠲᠦᠪ ᠤᠨ ᠪᠦᠬᠦ ᠲᠠᠯ᠎ᠡ ᠪᠠᠷ ᠬᠠᠤᠯᠢ ᠪᠠᠷ ᠤᠯᠤᠰ ᠢᠶᠠᠨ ᠵᠠᠰᠠᠬᠤ ᠵᠦᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠤᠯᠢᠵᠢᠯ ᠤᠨ ᠪᠠᠳᠤᠯᠠᠭ᠎ᠠ ᠶᠢ ᠴᠢᠩᠭᠠᠳᠬᠠᠬᠤ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠢᠳᠡᠪᠬᠢᠳᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠤᠳᠠᠭ᠎ᠠ ᠶᠢᠨ ᠬᠤᠯᠪᠤᠬᠳᠠᠯ ᠪᠦᠬᠦᠢ ᠤᠷᠤᠨ ᠨᠤᠳᠤᠭ ᠤᠨ ᠴᠢᠨᠠᠷᠳᠠᠢ ᠬᠠᠤᠯᠢ ᠲᠤᠬᠳᠠᠭᠠᠯ ᠢ ᠴᠡᠭᠴᠡᠯᠡᠨ ᠵᠠᠰᠠᠪᠤᠷᠢ ᠤᠷᠤᠭᠤᠯᠬᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠳᠠ ᠪᠠᠨ ᠬᠦᠢᠴᠡᠳ ᠲᠡᠭᠡᠭᠰᠢᠯᠡᠬᠦᠯᠬᠦ ᠭᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠪᠤᠯᠤᠨ ᠪᠤᠳᠠᠳᠠᠢ ᠠᠵᠢᠯ ᠤᠨ ᠭᠡᠷᠡᠭᠴᠡᠭᠡ ᠲᠠᠢ ᠪᠠᠨ ᠤᠶᠠᠯᠳᠤᠭᠤᠯᠵᠤ᠂ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠠᠬᠢ ᠪᠠᠭᠤᠷᠠᠢ ᠭᠤᠬᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠵᠤ᠂ ᠬᠠᠤᠯᠢ ᠲᠤᠬᠳᠠᠭᠠᠯ ᠢ ᠲᠡᠬᠦᠯᠳᠡᠷᠵᠢᠬᠦᠯᠵᠤ᠂ ᠦᠢᠯᠡᠳᠦᠯᠭᠡ ᠶᠢᠨ ᠲᠤᠮᠳᠠ ᠤᠷᠤᠰᠢᠵᠤ ᠪᠠᠶᠢᠭ᠎ᠠ ᠲᠤᠪᠤᠶᠢᠮ᠎ᠡ ᠠᠰᠠᠭᠤᠳᠠᠯ ᠢ ᠦᠨᠡᠨ ᠬᠦ ᠰᠢᠢᠳᠪᠤᠷᠢᠯᠡᠵᠤ᠂ ᠦᠪᠡᠷᠳᠡᠭᠡᠨ ᠵᠠᠰᠬᠠᠤ ᠤᠷᠤᠨ ᠤ ᠬᠠᠤᠯᠢ ᠶᠤᠰᠤᠭᠠᠷ ᠰᠡᠷᠭᠡᠶᠢᠯᠡᠨ ᠡᠵᠡᠮᠳᠡᠬᠦ᠂ ᠬᠠᠤᠯᠢ ᠪᠠᠷ ᠵᠠᠰᠬᠠᠤ ᠴᠢᠳᠠᠪᠤᠷᠢ ᠶᠢ ᠪᠦᠬᠦ ᠲᠠᠯ᠎ᠡ ᠪᠠᠷ ᠲᠡᠭᠡᠭᠰᠢᠯᠡᠬᠦᠯᠬᠦ ᠳᠤ ᠬᠦᠴᠤᠳᠠᠢ ᠬᠠᠤᠯᠢᠵᠢᠯ ᠤᠨ ᠪᠠᠳᠤᠯᠠᠭ᠎ᠠ ᠬᠠᠨᠭ᠍ᠭᠠᠬᠤ ᠭᠡᠷᠡᠭᠳᠠᠢ᠃ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠱᠠᠭᠠᠷᠳᠠᠯᠭ᠎ᠠ ᠶᠤᠰᠤᠭᠠᠷ ᠢᠳᠡᠪᠬᠢᠳᠠᠢ ᠬᠦᠳᠡᠯᠦᠯᠴᠡᠵᠤ᠂ ᠵᠤᠬᠢᠶᠠᠨ ᠪᠠᠶᠢᠭᠤᠯᠵᠦ ᠤᠳᠤᠷᠢᠳᠬᠤ ᠪᠤᠯᠤᠨ ᠵᠤᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠠᠤᠯᠢ ᠲᠤᠬᠳᠠᠭᠠᠯ ᠢ ᠴᠡᠭᠴᠡᠯᠡᠨ ᠵᠠᠰᠠᠪᠤᠷᠢ ᠤᠷᠤᠭᠤᠯᠬᠤ ᠠᠵᠢᠯ ᠢ ᠦᠨᠡᠨ ᠬᠦ ᠰᠠᠶᠢᠳᠤᠷ ᠬᠢᠬᠦ ᠭᠡᠷᠡᠭᠳᠠᠢ ᠭᠡᠵᠤ ᠴᠢᠬᠤᠯᠠᠴᠢᠯᠠᠪᠠ᠃
    ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠯᠪᠤᠬᠳᠠᠯ ᠪᠦᠬᠦᠢ ᠠᠵᠢᠯ ᠤᠨ ᠵᠦᠪᠯᠡᠯ ᠪᠤᠯᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠤᠯᠪᠤᠬᠳᠠᠯ ᠪᠦᠬᠦᠢ ᠲᠢᠩᠭᠢᠮ ᠲᠤᠪᠴᠢᠶ᠎ᠡ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃

ᠣᠷᠴᠢᠭᠤᠯᠤᠭᠴᠢ᠄
ᠨᠠᠶᠢᠷᠠᠭᠤᠯᠤᠭᠴᠢ᠄ ᠰᠠᠴᠣᠷᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号