ᠥᠪᠦᠷ ᠮᠤᠩᠭᠤᠯ ᠤᠨ ᠬᠠᠮᠤᠭ ᠠᠴᠠ ᠳᠠᠭᠠᠰᠢᠶᠠᠬᠳᠠᠭᠰᠠᠨ ᠬᠢᠵᠢᠭ ᠲᠠᠢ ᠲᠡᠮᠡᠴᠡᠬᠦ ᠠᠶ᠎ᠠ ᠳᠠᠭᠤᠤ ᠶᠢ ᠰᠢᠯᠭᠠᠷᠠᠭᠤᠯᠬᠤ ᠠᠵᠢᠯᠯᠠᠭ᠎ᠠ ᠶᠢᠨ ᠪᠦᠳᠦᠭᠡᠯ ᠡᠯᠰᠡᠬᠦ ᠮᠡᠳᠡᠭᠳᠡᠯ
2020-03-12 10:19:38
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆

    ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠰ ᠪᠠᠳᠤ ᠤᠳᠤᠷᠢᠳᠤᠯᠭ᠎ᠠ ᠲᠤᠤᠷ᠎ᠠ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠡᠮᠬᠢ ᠲᠢᠭᠯᠢᠮ ᠲᠠᠢ ᠪᠦᠳᠦᠮᠵᠢᠳᠠᠢ ᠠᠬᠢᠵᠤ᠂ ᠪᠦᠬᠦ ᠤᠷᠤᠨ ᠳᠠᠶᠠᠭᠠᠷ ᠬᠠᠮᠳᠦ ᠪᠠᠷ ᠬᠦᠳᠡᠯᠦᠯᠴᠡᠭᠰᠡᠨ᠂ ᠬᠠᠮᠳᠤ ᠪᠠᠷ ᠤᠷᠤᠯᠴᠠᠭᠰᠠᠨ᠂ ᠬᠠᠮᠳᠤ ᠪᠠᠷ ᠬᠦᠴᠦᠯᠡᠭᠰᠡᠨ ᠬᠢᠵᠢᠭ ᠢ ᠰᠡᠷᠭᠡᠶᠢᠯᠡᠬᠦ ᠪᠠᠶᠢᠳᠠᠯ ᠢ ᠦᠨᠳᠦᠰᠦᠨ ᠳᠡᠭᠡᠨ ᠪᠦᠷᠢᠯᠳᠦᠬᠦᠯᠵᠡᠢ᠃ ᠤᠳᠤᠬᠠᠨ ᠳᠤ᠂ ᠬᠢᠵᠢᠭ ᠲᠠᠢ ᠲᠡᠮᠡᠴᠡᠬᠦ ᠠᠵᠢᠯ ᠮᠦᠨ ᠬᠦ ᠵᠠᠩᠬᠢᠯᠠᠭ᠎ᠠ ᠶᠢᠨ ᠬᠤᠭᠤᠴᠠᠭᠠᠨ ᠳᠤ ᠤᠷᠤᠰᠢᠵᠦ ᠪᠤᠢ᠂ ᠲᠠᠶᠠᠭᠠᠷ ᠤᠯᠠᠨ ᠤ ᠢᠳᠡᠭᠡᠯ ᠵᠤᠷᠢᠭ ᠢ ᠪᠠᠳᠤᠳᠬᠠᠨ ᠬᠦᠪᠴᠢᠯᠡᠵᠦ᠂ ᠬᠢᠵᠢᠭ ᠲᠠᠢ ᠲᠡᠮᠡᠴᠡᠬᠦ ᠲᠠᠯᠠᠶᠢᠴᠠ ᠬᠦᠴᠦᠨ ᠢ ᠨᠡᠩ ᠰᠠᠶᠢᠳᠤᠷ ᠨᠢᠬᠳᠠᠷᠠᠭᠤᠯᠬᠤ ᠶᠢᠨ ᠲᠦᠯᠦᠭᠡ᠂ ᠥᠪᠦᠷ ᠮᠤᠩᠭᠤᠯ ᠤᠨ ᠬᠠᠮᠤᠭ ᠠᠴᠠ ᠳᠠᠭᠠᠰᠢᠶᠠᠬᠳᠠᠭᠰᠠᠨ ᠬᠢᠵᠢᠭ ᠲᠠᠢ ᠲᠡᠮᠡᠴᠡᠬᠦ ᠠᠶ᠎ᠠ ᠳᠠᠭᠤᠤ ᠶᠢ ᠡᠯᠰᠡᠵᠦ ᠰᠢᠯᠭᠠᠷᠠᠭᠤᠯᠬᠤ ᠠᠵᠢᠯᠯᠠᠭ᠎ᠠ ᠦᠷᠨᠢᠬᠦᠯᠬᠦ ᠪᠠᠷ ᠲᠤᠭᠳᠠᠪᠠ᠂ ᠠᠵᠢᠯᠯᠠᠭ᠎ᠠ 2020 ᠤᠨ ᠤ 3 ᠰᠠᠷ᠎ᠠ ᠶᠢᠨ 31᠎ ᠤ ᠡᠳᠦᠷ ᠪᠤᠯᠳᠠᠯ᠎ᠠ ᠶᠠᠪᠤᠭᠳᠠᠨ᠎ᠠ᠃ ᠪᠦᠯᠬᠦᠮ ᠨᠢᠭᠡᠴᠢ᠂ ᠬᠤᠪᠢ ᠬᠦᠮᠦᠨ ᠵᠢᠴᠢ ᠳᠠᠭᠤᠤ ᠬᠦᠭᠵᠢᠮ ᠤᠨ ᠪᠠᠭ᠋ᠠᠳᠠᠳ ᠢᠳᠡᠪᠬᠢᠳᠠᠢ ᠤᠷᠤᠯᠴᠠᠬᠤ ᠶᠢ ᠬᠦᠰᠡᠵᠦ ᠪᠠᠶᠢᠨ᠎ᠠ᠃

    ᠨᠢᠭᠡ᠂ ᠵᠤᠬᠢᠶᠠᠨ ᠪᠠᠶᠢᠭᠤᠯᠬᠤ ᠪᠠᠶᠢᠭᠤᠯᠤᠮᠵᠢ
    ᠭᠤᠤᠯᠯᠠᠨ ᠡᠷᠬᠢᠯᠡᠬᠦ ᠨᠢᠭᠡᠴᠢ᠄ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ
    ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠠᠯᠪᠡᠨ ᠭᠡᠷ
    ᠳᠠᠭᠠᠭᠠᠴᠢᠯᠠᠨ ᠡᠷᠬᠢᠯᠡᠬᠦ ᠨᠢᠭᠡᠴᠢ᠄ ᠥᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ

    ᠬᠤᠶᠠᠷ᠂ ᠠᠵᠢᠯᠯᠠᠭ᠎ᠠ ᠶᠢᠨ ᠭᠤᠤᠯ ᠰᠡᠳᠦᠪ
    ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠬᠤᠭᠤᠴᠠᠭᠠᠨ ᠳᠤ ᠦᠷᠭᠡᠨ ᠤᠯᠠᠨ ᠲᠦᠮᠡᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠭᠰᠠᠨ ᠠᠮᠢᠳᠤᠷᠠᠯ ᠤᠨ ᠵᠢᠵᠢᠭ ᠰᠠᠵᠢᠭ ᠵᠦᠢᠯ ᠢ ᠲᠤᠰᠬᠠᠵᠦ᠂ ᠪᠦᠬᠦ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠠ ᠹᠷᠤᠨᠲ ᠲᠤ ᠴᠤᠯᠭᠤᠷᠠᠨ ᠭᠠᠷᠤᠭᠰᠠᠨ ᠰᠡᠳᠬᠢᠯ ᠬᠦᠳᠡᠯᠭᠡᠮ᠎ᠠ ᠬᠦᠮᠦᠨ ᠪᠠ ᠦᠢᠯᠡ ᠶᠠᠪᠤᠳᠠᠯ ᠢ ᠢᠯᠡᠷᠡᠬᠦᠯᠵᠦ᠂ ᠡᠮᠦᠨ᠎ᠠ ᠹᠷᠤᠨᠲ ᠲᠤ ᠡᠷᠡᠮᠡᠭᠡᠶᠢᠯᠡᠨ ᠲᠡᠮᠡᠴᠡᠵᠦ ᠪᠠᠶᠢᠭ᠎ᠠ ᠪᠠᠭᠠᠳᠤᠷᠴᠤᠳ ᠲᠤ ᠬᠦᠨᠳᠦᠳᠭᠡᠯ ᠪᠢᠰᠢᠷᠡᠯ ᠢᠶᠠᠨ ᠲᠡᠪᠰᠢᠬᠦᠯᠦᠨ᠎ᠡ︔ ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠦ᠂ ᠬᠦᠮᠦᠰ ᠤᠨ ᠰᠢᠨ᠎ᠠ ᠳᠢᠳᠢᠮᠯᠢᠭ ᠸᠢᠷᠦ᠋ᠰ ᠢ ᠵᠦᠪ ᠢᠶᠠᠷ ᠲᠠᠨᠢᠬᠤ ᠶᠢ ᠬᠦᠳᠦᠯᠦᠨ ᠵᠢᠯᠤᠭᠤᠳᠴᠦ᠂ ᠠᠷᠠᠳ ᠤᠯᠠᠨ ᠤ ᠬᠢᠵᠢᠭ ᠢ ᠢᠯᠠᠨ ᠲᠠᠪᠠᠭ᠋ᠤ ᠢᠳᠡᠭᠡᠯ ᠵᠤᠷᠢᠬ ᠢ ᠴᠢᠨᠠᠬᠰᠢᠳᠠ ᠬᠦᠭᠵᠢᠭᠡᠨ ᠪᠠᠳᠤᠳᠬᠠᠨ᠎ᠠ︔
    ᠭᠤᠷᠪᠠ᠂ ᠪᠦᠳᠦᠭᠡᠯ ᠤᠨ ᠱᠠᠭᠠᠷᠳᠠᠯᠭ᠎ᠠ
1᠂ ᠪᠦᠳᠦᠭᠡᠯ ᠤᠨ ᠠᠭᠤᠯᠭ᠎ᠠ ᠠᠵᠢᠯᠯᠠᠭ᠎ᠠ ᠶᠢᠨ ᠭᠤᠤᠯ ᠰᠡᠳᠦᠪ ᠲᠠᠢ ᠴᠢᠩᠭ᠎ᠠ ᠠᠪᠴᠠᠯᠳᠤᠨ᠂ ᠢᠳᠡᠪᠬᠢ ᠬᠦᠴᠦᠨ ᠢ ᠪᠠᠳᠠᠷᠠᠭᠤᠯᠬᠤ ᠭᠡᠷᠡᠭᠲᠡᠢ᠃
2᠂ ᠦᠭᠡ᠂ ᠠᠶ᠎ᠠ᠂ ᠳᠠᠭᠤᠯᠠᠬᠤ ᠵᠡᠷᠭᠡ ᠭᠡᠯᠪᠡᠷᠢ ᠪᠠᠷ ᠵᠤᠬᠢᠶᠠᠨ ᠪᠦᠳᠦᠭᠡᠵᠦ ᠪᠤᠯᠤᠨ᠎ᠠ᠂ ᠮᠤᠩᠭᠤᠯ ᠭᠡᠯᠡᠨ ᠤ ᠪᠦᠳᠦᠭᠡᠯ ᠢ ᠤᠷᠴᠢᠭᠤᠯᠤᠨ ᠳᠠᠭᠤᠯᠠᠬᠤ ᠪᠤᠶᠤ ᠲᠠᠬᠢᠨ ᠵᠤᠬᠢᠶᠠᠨ ᠪᠦᠳᠦᠭᠡᠵᠦ ᠪᠤᠯᠤᠨ᠎ᠠ᠃ ᠳᠠᠭᠤᠯᠠᠬᠤ ᠭᠡᠯᠪᠡᠷᠢ᠂ ᠬᠡᠪ ᠨᠠᠮᠪᠠᠭ᠎ᠠ᠂ ᠭᠡᠯᠪᠡᠷᠢ ᠮᠠᠶᠢᠭ ᠢ ᠬᠢᠵᠠᠭᠠᠷᠯᠠᠬᠤ ᠦᠭᠡᠢ᠂ ᠭᠤᠴᠤᠯᠠᠯ ᠳᠠᠭᠤᠤ᠂ ᠬᠤᠤᠰᠯᠠᠯ ᠳᠠᠭᠤᠤ᠂ ᠬᠠᠮᠳᠤᠯᠢᠭ᠂ ᠨᠠᠶᠢᠷᠠᠯ ᠳᠠᠭᠤᠤ ᠵᠡᠷᠭᠡ ᠭᠡᠯᠪᠡᠷᠢ ᠶᠢ ᠴᠦᠮ ᠭᠡᠷᠡᠭᠯᠡᠵᠦ ᠪᠤᠯᠤᠨ᠎ᠠ᠃
3᠂ ᠪᠦᠳᠦᠭᠡᠯ ᠢᠶᠠᠨ ᠲᠡᠪᠰᠢᠬᠦᠯᠬᠦ ᠳᠡᠭᠡᠨ ᠸᠢᠳᠢᠣ᠋ ᠪᠤᠶᠤ ᠠᠦ᠋ᠳᠢᠣ᠋ ᠶᠢᠨ ᠭᠡᠯᠪᠡᠷᠢ ᠪᠠᠷ ᠶᠠᠪᠤᠭᠤᠯᠤᠨ᠎ᠠ᠂ ᠴᠠᠭ ᠤᠨ ᠤᠷᠳᠤ ᠶᠡᠷᠤ ᠳᠡᠭᠡᠨ 6 ᠮᠢᠨᠦ᠋ᠲ ᠠᠴᠠ ᠭᠡᠳᠦᠷᠡᠵᠤ ᠪᠤᠯᠬᠤ ᠦᠭᠡᠢ᠃ ᠸᠢᠳᠢᠣ᠋ ᠨᠢ ᠦᠨᠳᠦᠷ ᠲᠤᠳᠤᠴᠠᠳᠤ MP4 ᠵᠠᠭᠪᠤᠷ ᠤᠨ ᠪᠠᠶᠢᠵᠤ᠂ ᠦᠷᠭᠡᠨ ᠦᠨᠳᠤᠷ ᠤᠨ ᠬᠠᠷᠢᠴᠠᠯ ᠨᠢ 16᠄ 9᠂ ᠢᠯᠭᠠᠮᠵᠢ ᠨᠢ 1920 * 1080 ᠪᠠᠶᠢᠬᠤ ᠬᠡᠷᠡᠭᠳᠡᠢ︔ ᠠᠦ᠋ᠳᠢᠣ᠋ ᠨᠢ MP3 ᠵᠠᠭᠪᠤᠷ ᠤᠨ ᠪᠠᠶᠢᠵᠤ᠂ ᠲᠠᠭᠤᠨ ᠤ ᠦᠡᠭᠭᠡ ᠨᠢ ᠲᠤᠳᠤ ᠪᠠᠶᠢᠬᠤ ᠶᠢ ᠱᠠᠭᠠᠷᠳᠠᠨ᠎ᠡ᠃
4᠂ ᠵᠠᠪᠡᠯ ᠦᠪᠡᠷ ᠢᠶᠠᠨ ᠵᠤᠬᠢᠶᠠᠨ ᠪᠦᠳᠦᠭᠡᠭᠰᠡᠨ ᠪᠦᠳᠦᠭᠡᠯ ᠪᠠᠶᠢᠵᠤ᠂ ᠪᠤᠰᠤᠳ ᠤᠨ ᠬᠢ ᠶᠢ ᠬᠠᠭᠤᠯᠵᠤ ᠲᠠᠭᠤᠷᠢᠶᠠᠬᠤ ᠶᠢ ᠴᠢᠩᠭ᠎ᠠ ᠬᠢᠵᠠᠭᠠᠷᠯᠠᠨ᠎ᠠ᠂ ᠵᠤᠬᠢᠶᠠᠯ ᠪᠦᠳᠦᠭᠡᠯ ᠤᠨ ᠡᠷᠭᠡ ᠶᠢᠨ ᠮᠠᠷᠭᠤᠯᠳᠤᠭᠠᠨ ᠦᠭᠡᠢ ᠪᠠᠶᠢᠬᠤ ᠭᠡᠷᠡᠭᠳᠠᠢ᠃

    ᠲᠦᠷᠪᠡ᠂ ᠠᠵᠢᠯᠯᠠᠭᠠᠨ ᠤ ᠱᠠᠩᠨᠠᠯ
1᠂ ᠦᠨᠡᠮᠯᠡᠯ + ᠱᠠᠩᠨᠠᠯ ᠤᠨ ᠬᠤᠨᠳᠠᠭ᠎ᠠ ︵ᠭᠡᠰᠡᠭ ᠱᠠᠩᠨᠠᠯ ᠤᠨ ᠲᠦᠷᠦᠯ ᠵᠦᠢᠯ︶ + ᠰᠢᠨ᠎ᠡ ᠵᠠᠭᠤᠴᠢᠯᠠᠭᠤᠷ ᠤᠨ ᠨᠡᠪᠳᠡᠷᠡᠬᠦᠯᠭᠡ ᠵᠡᠷᠭᠡ᠃

    ᠲᠠᠪᠤ᠂ ᠠᠵᠢᠯᠯᠠᠭᠠᠨ ᠤ ᠨᠠᠷᠢᠨ ᠲᠦᠷᠢᠮ
1᠂ ᠡᠭᠡ ᠪᠢᠴᠢᠭ ᠡᠯᠰᠡᠬᠦ ᠠᠵᠢᠯᠯᠠᠭ᠎ᠠ ᠲᠤᠰ ᠡᠳᠦᠷ ᠠᠴᠠ 2020 ᠤᠨ ᠤ 3 ᠰᠠᠷ᠎ᠡ ᠶᠢᠨ 31᠎ ᠤ ᠡᠳᠦᠷ ᠪᠤᠯᠳᠠᠯ᠎ᠡ ᠶᠠᠪᠤᠭᠳᠠᠵᠤ᠂ ᠰᠢᠯᠭᠠᠷᠠᠭᠤᠯᠤᠯᠳᠠ 4 ᠰᠠᠷ᠎ᠡ ᠶᠢᠨ 1᠎ ᠠᠴᠠ 4 ᠰᠠᠷ᠎ᠡ ᠶᠢᠨ 20᠎ ᠤ ᠡᠳᠦᠷ ᠪᠤᠯᠳᠠᠯ᠎ᠡ ᠶᠠᠪᠤᠭᠳᠠᠨ᠎ᠠ᠃
2᠂ ᠪᠤᠢ ᠪᠦᠬᠦᠢ ᠪᠦᠳᠦᠭᠡᠯ ᠤᠳ ᠢ ᠭᠤᠤᠯᠯᠠᠨ ᠡᠷᠬᠢᠯᠡᠭᠰᠡᠨ ᠨᠢᠭᠡᠴᠢ ᠶᠢᠨ ᠬᠢᠨᠠᠨ ᠪᠠᠶᠢᠴᠠᠭᠠᠯᠳᠠ᠂ ᠠᠩᠬᠠᠨ ᠤ ᠰᠢᠯᠭᠠᠷᠠᠭᠤᠯᠤᠯᠳᠠ ᠪᠠᠷ ᠲᠠᠮᠵᠢᠨ ᠢᠯᠡ ᠨᠠᠶᠢᠳᠠᠯᠠᠵᠤ᠂ ᠰᠢᠯᠭᠠᠷᠠᠭᠤᠯᠬᠤ ᠳᠠᠭᠠᠨ ᠨᠡᠶᠢᠭᠡᠮ ᠤᠨ ᠤᠨᠤᠭ᠎ᠠ ᠦᠭᠬᠦ ᠪᠤᠯᠤᠨ ᠲᠤᠰᠬᠠᠢ ᠮᠡᠷᠭᠡᠵᠢᠯᠳᠠᠨ ᠤ ᠦᠨᠡᠯᠡᠯᠲᠠ ᠶᠢ ᠤᠶᠠᠯᠳᠤᠭᠤᠯᠬᠤ ᠠᠷᠭ᠎ᠠ ᠶᠢ ᠭᠡᠷᠡᠭᠯᠡᠨ᠎ᠡ᠂ ᠡᠬᠦᠨ ᠳᠤ ᠨᠡᠶᠢᠭᠡᠮ ᠤᠨ ᠤᠨᠤᠭ᠎ᠠ ᠦᠭᠬᠦᠭᠰᠡᠨ ᠦᠷ᠎ᠡ ᠳ᠋ᠦᠩ 50%᠎ ᠶᠢ ᠡᠵᠡᠯᠡᠵᠤ᠂ ᠲᠤᠰᠬᠠᠢ ᠮᠡᠷᠭᠡᠵᠢᠯᠳᠠᠨ ᠤ ᠦᠨᠡᠯᠡᠯᠲᠠ 50%᠎ ᠶᠢ ᠡᠵᠡᠯᠡᠨ᠎ᠡ᠃ ᠡᠴᠤᠰ ᠲᠤ ᠨᠢᠭᠡᠳᠤᠭᠡᠷ᠂ ᠬᠤᠶᠠᠳᠤᠭᠠᠷ᠂ ᠭᠤᠷᠪᠠᠳᠤᠭᠠᠷ ᠲᠡᠰ ᠤᠨ ᠱᠠᠩᠨᠠᠯ ᠪᠤᠯᠤᠨ ᠰᠢᠯᠢᠳᠡᠭ ᠱᠠᠩᠨᠠᠯ ᠤᠳ ᠢ ᠰᠢᠯᠭᠠᠷᠠᠭᠤᠯᠬᠤ ᠪᠦᠭᠡᠳ ᠦᠨᠡᠮᠯᠡᠯ ᠪᠠ ᠱᠠᠩᠨᠠᠯ ᠤᠨ ᠬᠤᠨᠳᠠᠭ᠎ᠠ ᠤᠯᠭᠤᠨ᠎ᠡ᠃
3. ᠭᠤᠤᠯᠯᠠᠨ ᠡᠷᠬᠢᠯᠡᠭᠰᠡᠨ ᠲᠠᠯ᠎ᠡ ᠶᠢᠨ ᠬᠢᠨ ᠰᠢᠯᠢᠭᠳᠡᠭᠰᠡᠨ ᠪᠦᠳᠦᠭᠡᠯ ᠢ ᠲᠠᠯ᠎ᠡ ᠨᠤᠳᠤᠭ ᠰᠢᠯᠵᠢᠶ᠎ᠡ ᠪᠤᠯᠤᠨ ᠦᠪᠤᠷ ᠮᠤᠩᠭᠤᠯ ᠤᠨ ᠡᠳᠦᠷ ᠤᠨ ᠰᠤᠨᠢᠨ ᠤ ᠠᠯᠪᠡᠨ ᠤ ᠤᠯᠠᠨ ᠨᠠᠶᠢᠳᠠ ᠶᠢᠨ ᠵᠢᠷᠭᠢᠶ᠎ᠡ ᠶᠢᠨ ᠲᠠᠪᠴᠠᠩ ᠢᠶᠠᠷ ᠲᠠᠮᠵᠢᠭᠤᠯᠬᠤ ᠡᠷᠭᠡ ᠲᠠᠢ᠃
4. ᠡᠭᠡ ᠪᠢᠴᠢᠭ ᠢᠷᠡᠬᠦᠯᠬᠦ ᠠᠷᠭ᠎ᠠ ᠬᠡᠯᠪᠡᠷᠢ᠄
︵1︶ ᠢᠷᠡᠬᠦᠯᠦᠭᠰᠡᠨ ᠡᠭᠡ ᠪᠢᠴᠢᠭ ᠢ ᠪᠤᠴᠠᠭᠠᠬᠤ ᠦᠭᠡᠢ᠂ ᠵᠤᠬᠢᠶᠠᠬᠴᠢ ᠠᠴᠠ ᠦᠪᠡᠷ ᠲᠡᠭᠡᠨ ᠤᠭ ᠮᠠᠲᠧᠷᠢᠶᠠᠯ ᠢᠶᠠᠨ ᠬᠠᠳᠠᠭᠠᠯᠠᠭᠠᠷᠠᠢ᠃
︵2︶ ᠡᠭᠡ ᠪᠢᠴᠢᠭ ᠢᠷᠡᠬᠦᠯᠬᠦ ᠬᠠᠶᠢᠭ᠄
75792100@qq.com᠂ ᠬᠠᠷᠢᠯᠴᠠᠬᠤ ᠬᠦᠮᠦᠨ᠄ ᠵᠠᠩ ᠴᠦᠨ ᠢᠦᠢ᠂ ᠬᠠᠷᠢᠯᠴᠠᠬᠤ ᠤᠳᠠᠰᠤ᠄ 13327107079᠃
5᠂ ᠡᠭᠡ ᠪᠢᠴᠢᠭ ᠢᠷᠡᠬᠦᠯᠬᠦ ᠳᠡᠭᠡᠨ ᠵᠤᠬᠢᠶᠠᠬᠴᠢ ᠶᠢᠨ ᠤᠪᠤᠭ ᠨᠠᠷ᠎ᠡ᠂ ᠰᠢᠤᠳᠡᠨ ᠬᠠᠶᠢᠭ ᠵᠢᠴᠢ ᠭᠠᠷ ᠤᠳᠠᠰᠤᠨ ᠨᠤᠮᠧᠷ᠂ ᠵᠢᠷᠬᠢᠶ᠎ᠡ ᠶᠢᠨ ᠨᠤᠮᠧᠷ ᠢᠶᠠᠨ ᠲᠤᠳᠤᠷᠬᠠᠢᠢᠯᠠᠭᠠᠷᠠᠢ᠃
6᠂ ᠵᠤᠬᠢᠶᠠᠨ ᠪᠦᠳᠦᠭᠡᠬᠦ ᠨᠠᠷ᠎ᠡ ᠪᠠᠷ ᠬᠢᠵᠢᠭ ᠲᠠᠢ ᠲᠡᠮᠡᠴᠡᠬᠦ ᠡᠮᠤᠨ᠎ᠡ ᠹᠷᠤᠨᠲ ᠲᠤ ᠪᠢᠳᠡᠬᠡᠢ ᠤᠴᠢᠭᠠᠷᠠᠢ᠂ ᠲᠤᠰ ᠤᠳᠠᠭ᠎ᠠ ᠶᠢᠨ ᠡᠯᠰᠡᠨ ᠰᠢᠯᠭᠠᠷᠠᠭᠤᠯᠬᠤ ᠠᠵᠢᠯᠯᠠᠭ᠎ᠠ ᠡᠶᠢᠮᠤᠷᠬᠦᠤ ᠦᠢᠯᠡ ᠠᠵᠢᠯᠯᠠᠭ᠎ᠠ ᠶᠢ ᠵᠤᠷᠢᠬᠵᠢᠭᠤᠯᠬᠤ ᠦᠭᠡᠢ᠃
7᠂ ᠲᠤᠰ ᠤᠳᠠᠭ᠎ᠠ ᠶᠢᠨ ᠡᠯᠰᠡᠨ ᠰᠢᠯᠭᠠᠷᠠᠭᠤᠯᠬᠤ ᠠᠵᠢᠯᠯᠠᠭ᠎ᠠ ᠶᠢᠨ ᠡᠴᠤᠰ ᠤᠨ ᠲᠠᠶᠢᠯᠪᠤᠷᠢᠯᠡᠬᠤ ᠡᠷᠭᠡ ᠭᠤᠤᠯᠯᠠᠨ ᠡᠷᠬᠢᠯᠡᠬᠦ ᠲᠠᠯ᠎ᠡ ᠶᠢᠨ ᠬᠢᠨ ᠳᠤ ᠬᠠᠷᠢᠶᠠᠯᠠᠬᠳᠠᠨ᠎ᠡ᠃

                          ᠦᠪᠤᠷ ᠮᠤᠩᠭᠤᠯ ᠤᠨ ᠬᠠᠮᠤᠭ ᠠᠴᠠ ᠳᠠᠭᠠᠰᠢᠶᠠᠬᠳᠠᠭᠰᠠᠨ ᠬᠢᠵᠢᠭ ᠲᠠᠢ ᠲᠡᠮᠡᠴᠡᠬᠦ
                          ᠠᠶ᠎ᠠ ᠲᠠᠭᠤᠤ ᠶᠢ ᠰᠢᠯᠢᠨ ᠰᠢᠯᠭᠠᠷᠠᠭᠤᠯᠬᠤ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ
                                                  2020 ᠤᠨ ᠤ 3 ᠰᠠᠷ᠎ᠡ ᠶᠢᠨ 12᠎ ᠤᠨ ᠡᠳᠦᠷ

ᠣᠷᠴᠢᠭᠤᠯᠤᠭᠴᠢ᠄
ᠨᠠᠶᠢᠷᠠᠭᠤᠯᠤᠭᠴᠢ᠄ ᠰᠠᠴᠣᠷᠠ
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ

2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ

ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄ 0471-6659832

ᠢᠮᠧᠯ᠄ tn@mgyxw.net   蒙ICP备10000005号